ᠡᠮ ᠡᠮᠨᠡᠯᠭᠡ ᠶᠢᠨ ᠳᠠᠭᠠᠳᠬᠠᠯ ᠤᠨ ᠰᠢᠨ᠎ᠡ ᠦᠢᠯᠡᠴᠢᠯᠡᠭᠡ ᠭᠠᠷᠪᠠ
ᠨᠡᠶᠢᠲᠡᠯᠡᠭᠰᠡᠨ ᠴᠠᠭ᠄
2024/6/18
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠳᠤᠰ ᠲᠣᠪᠴᠢᠶ᠎ᠠ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠲᠠᠪᠴᠠᠩ ᠢ ᠭᠦᠢᠴᠡᠳ ᠠᠰᠢᠭᠯᠠᠭᠰᠠᠨ ᠰᠠᠭᠤᠷᠢᠨ ᠳᠡᠭᠡᠷ᠎ᠡ ᠴᠢᠳᠠᠮᠵᠢ ᠶᠢ ᠥᠷᠭᠡᠳᠬᠡᠬᠦ ᠪᠠ ᠦᠢᠯᠡᠴᠢᠯᠡᠭᠡ ᠶᠢ ᠰᠢᠯᠢᠳᠡᠭᠵᠢᠭᠦᠯᠵᠦ᠂ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP ᠰᠦᠯᠵᠢᠶᠡᠨ ᠳᠡᠭᠡᠷ᠎ᠡ︽ᠡᠮ ᠤᠨ ᠳᠡᠯᠭᠡᠭᠦᠷ ᠤᠨ ᠦᠨ᠎ᠡ ᠶᠢᠨ ᠬᠠᠷᠢᠴᠠᠭᠤᠯᠤᠯ ᠢ ᠨᠡᠪᠲᠡᠷᠡᠭᠦᠯᠬᠦ︾ ᠦᠢᠯᠡᠴᠢᠯᠡᠭᠡ ᠶᠢ ᠲᠤᠷᠰᠢᠨ ᠠᠵᠢᠯᠯᠠᠭᠤᠯᠵᠤ᠂ ᠣᠯᠠᠨ ᠲᠦᠮᠡᠨ ᠭᠠᠷ ᠤᠲᠠᠰᠤᠨ ᠳᠡᠭᠡᠷ᠎ᠡ ᠨᠢᠭᠡ ᠳᠠᠷᠤᠪᠴᠢ ᠪᠠᠷ ᠪᠠᠶᠢᠴᠠᠭᠠᠨ ᠯᠠᠪᠯᠠᠵᠤ᠂ ᠡᠮ ᠤᠨ ᠵᠦᠢᠯᠡᠰ ᠤᠨ ᠦᠨ᠎ᠡ ᠬᠠᠩᠰᠢ ᠶᠢ ᠴᠠᠭ ᠲᠤᠬᠠᠢ ᠳᠤᠨᠢ ᠬᠠᠷᠢᠴᠠᠭᠤᠯᠵᠤ᠂ ᠡᠮ ᠤᠨ ᠵᠦᠢᠯᠡᠰ ᠤᠨ ᠦᠨ᠎ᠡ ᠬᠠᠩᠰᠢ ᠶᠢ ᠨᠠᠩ ᠢᠯᠡ ᠲᠣᠳᠣ ᠪᠤᠯᠭᠠᠬᠤ ᠶᠢ ᠠᠬᠢᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ︽ᠡᠮ ᠤᠨ ᠳᠡᠯᠭᠡᠭᠦᠷ ᠤᠨ ᠦᠨ᠎ᠡ ᠶᠢᠨ ᠬᠠᠷᠢᠴᠠᠭᠤᠯᠤᠯ ᠢ ᠨᠡᠪᠲᠡᠷᠡᠭᠦᠯᠬᠦ︾ᠲᠤᠭ᠎ᠠ ᠪᠠᠷᠢᠮᠲᠠ ᠨᠢ ᠲᠣᠭᠲᠠᠭᠰᠠᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠠᠴᠠ ᠡᠮᠴᠢᠯᠡᠭᠡᠨ ᠤ ᠳᠠᠭᠠᠳᠬᠠᠯ ᠳᠤ ᠳᠠᠮᠵᠢᠭᠤᠯᠤᠭᠰᠠᠨ ᠦᠨᠡᠨ ᠪᠣᠳᠠᠲᠠᠢ ᠳ᠋ᠦᠩᠨᠡᠨ ᠪᠤᠳᠤᠬᠰᠠᠨ ᠮᠡᠳᠡᠭᠡ ᠵᠠᠩᠭᠢ ᠠᠴᠠ ᠢᠷᠡᠯᠲᠡ ᠲᠠᠢ ᠪᠠᠶᠢᠵᠤ᠂ ᠡᠮ ᠤᠨ ᠳᠡᠯᠭᠡᠭᠦᠷ ᠤᠨ ᠣᠶᠢᠷ᠎ᠠ ᠶᠢᠨ ᠨᠢᠭᠡ ᠤᠳᠠᠭᠠᠨ ᠤ ᠪᠣᠷᠣᠯᠠᠭᠤᠯᠤᠭᠰᠠᠨ ᠡᠮ ᠤᠨ ᠵᠦᠢᠯᠡᠰ ᠤᠨ ᠦᠨ᠎ᠡ ᠪᠠᠷ ᠠᠳᠠᠯᠢᠳᠬᠠᠯ ᠦᠨ᠎ᠡ ᠶᠢᠨ ᠭᠦᠢᠴᠡᠳᠬᠡᠯ ᠲᠤᠭ᠎ᠠ ᠪᠤᠯᠭᠠᠵᠤ᠂ ᠳᠠᠭᠠᠳᠬᠠᠯ ᠳᠤ ᠣᠷᠣᠯᠴᠠᠬᠰᠠᠨ ᠣᠯᠠᠨ ᠲᠦᠮᠡᠨ ᠤ ᠭᠠᠷ ᠤᠲᠠᠰᠤᠨ ᠳᠡᠭᠡᠷ᠎ᠡ ᠡᠮ ᠤᠨ ᠵᠦᠢᠯᠡᠰ ᠤᠨ ᠦᠨ᠎ᠡ ᠬᠠᠩᠰᠢ ᠶᠢ ᠳᠥᠭᠦᠮ ᠳᠥᠲᠡ ᠪᠥᠭᠡᠳ ᠴᠠᠭ ᠲᠤᠬᠠᠢ  ᠳᠤᠨᠢ ᠪᠠᠶᠢᠴᠠᠭᠠᠨ ᠯᠠᠪᠯᠠᠬᠤ ᠶᠢ ᠪᠡᠶᠡᠯᠡᠭᠦᠯᠵᠦ᠂ ᠥᠪᠡᠷᠲᠡᠭᠡᠨ ᠬᠠᠷᠢᠴᠠᠭᠤᠯᠬᠤ᠂ ᠥᠪᠡᠷᠲᠡᠭᠡᠨ ᠰᠣᠩᠭᠤᠬᠤ ᠳᠤ ᠲᠥᠭᠦᠮ ᠪᠣᠯᠭᠠᠪᠠ᠃ ᠣᠳᠣᠬᠠᠨ ᠳᠤ᠂ ᠪᠦᠭᠦ ᠣᠷᠣᠨ ᠤ 1.7 ᠲᠦᠮᠡᠨ ᠡᠮ ᠤᠨ ᠳᠡᠯᠭᠡᠭᠦᠷ ᠤᠨ ᠮᠡᠳᠡᠭᠡ ᠵᠠᠩᠭᠢ ᠶᠢ ᠪᠦᠭᠦᠨ ᠢ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠦᠨ᠎ᠡ ᠶᠢᠨ ᠬᠠᠷᠢᠴᠠᠭᠤᠯᠤᠯ ᠬᠡᠪᠴᠢᠶᠡᠨ ᠳᠤ ᠣᠷᠣᠭᠤᠯᠪᠠ᠃ ᠳᠠᠭᠠᠳᠬᠠᠯ ᠳᠤ ᠣᠷᠣᠯᠴᠠᠭᠰᠠᠳ ᠭᠤᠷᠪᠠᠨ ᠠᠯᠬᠤᠮ ᠢᠶᠠᠷ ᠯᠠᠪᠯᠠᠯᠳᠠ ᠬᠢᠵᠦ ᠪᠣᠯᠣᠨ᠎ᠠ᠄      ᠨᠢᠭᠡᠳᠦᠭᠡᠷ ᠠᠯᠬᠤᠮ ᠳᠤ᠂ ᠳᠠᠭᠠᠳᠬᠠᠯ ᠳᠤ ᠣᠷᠣᠯᠴᠠᠭᠰᠠᠳ ᠡᠷᠬᠡ ᠣᠯᠭᠤᠭᠰᠠᠨ ᠤ ᠳᠠᠷᠠᠭ᠎ᠠ ︽ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ APP︾ ᠳᠤ ᠣᠷᠣᠵᠤ᠂ ᠲᠦᠷᠦᠭᠦᠦ ᠨᠢᠭᠤᠷ ᠤᠨ ︽ᠬᠠᠯᠠᠮᠰᠢᠯ ᠯᠠᠪᠯᠠᠯᠳᠠ︾ ᠪᠤᠯᠤᠩ ᠠᠴᠠ ᠡᠮ ᠤᠨ ᠳᠡᠯᠭᠡᠭᠦᠷ ᠤᠨ ᠦᠨ᠎ᠡ ᠶᠢᠨ ᠬᠠᠷᠢᠴᠠᠭᠤᠯᠤᠯ ᠢ ᠨᠡᠪᠲᠡᠷᠡᠭᠦᠯᠬᠦ ᠦᠢᠯᠡᠴᠢᠯᠡᠭᠡ ᠶᠢ ᠡᠷᠢᠵᠦ ᠣᠯᠵᠤ ᠪᠣᠯᠣᠨ᠎ᠠ ;      ᠬᠤᠶᠠᠳᠤᠭᠠᠷ ᠠᠯᠬᠤᠮ ᠳᠤ᠂ ᠬᠠᠶᠢᠯᠲᠠ ᠳᠤ ᠪᠠᠶᠢᠴᠠᠭᠠᠨ ᠯᠠᠪᠯᠠᠬᠤ ᠡᠮ ᠤᠨ ᠨᠡᠷᠡᠶᠢᠳᠦᠯ ᠢ ᠣᠷᠣᠭᠤᠯᠵᠤ᠂ ᠬᠢᠮᠢ ᠶᠢᠨ ᠨᠡᠷ᠎ᠡ ᠪᠠ ᠲᠠᠸᠠᠷ ᠤᠨ ᠨᠡᠷ᠎ᠡ ᠶᠢᠨ ᠡᠷᠢᠯᠲᠡ ᠶᠢ ᠳᠡᠮᠵᠢᠪᠡᠯ ᠳᠠᠷᠤᠢ ᠲᠣᠰ ᠡᠮ ᠤᠨ ᠠᠳᠠᠯᠢ ᠪᠤᠰᠤ ᠦᠢᠯᠡᠳᠪᠦᠷᠢ᠂ ᠠᠳᠠᠯᠢ ᠪᠤᠰᠤ ᠬᠡᠪ ᠪᠠᠷᠢᠮᠵᠢᠶ᠎ᠠ᠂ ᠠᠳᠠᠯᠢ ᠪᠤᠰᠤ ᠡᠮ ᠤᠨ ᠭᠡᠯᠪᠡᠷᠢ ᠶᠢᠨ ᠦᠢᠯᠡᠳᠬᠦᠨ ᠤ ᠮᠡᠳᠡᠭᠡ ᠵᠠᠩᠭᠢ ᠶᠢ ᠪᠠᠶᠢᠴᠠᠭᠠᠨ ᠦᠵᠡᠵᠦ ᠪᠤᠯᠤᠨ᠎ᠠ;      ᠭᠤᠷᠪᠠᠳᠤᠭᠠᠷ ᠠᠯᠬᠤᠮ ᠳᠤ᠂ ᠦᠨ᠎ᠡ ᠶᠢ ᠬᠠᠷᠢᠴᠠᠭᠤᠯᠬᠤ ᠡᠮ ᠤᠨ ᠵᠦᠢᠯ ᠢ ᠰᠣᠩᠭᠤᠭᠰᠠᠨ ᠤ ᠳᠠᠷᠠᠭ᠎ᠠ ᠳᠠᠷᠤᠢ ᠲᠣᠰ ᠡᠮ ᠤᠨ ᠵᠦᠢᠯ ᠤᠨ ᠠᠳᠠᠯᠢ ᠪᠤᠰᠤ ᠲᠣᠭᠲᠠᠮᠠᠯ ᠴᠡᠭ ᠤᠨ ᠡᠮ ᠤᠨ ᠳᠡᠯᠭᠡᠭᠦᠷ ᠤᠨ ᠦᠨ᠎ᠡ ᠶᠢ ᠪᠠᠶᠢᠴᠠᠭᠠᠨ ᠯᠠᠪᠯᠠᠵᠤ ᠪᠣᠯᠣᠨ᠎ᠠ᠃ ᠡᠮ ᠤᠨ ᠦᠨ᠎ᠡ ᠶᠢ ᠪᠠᠶᠢᠴᠠᠭᠠᠨ ᠯᠠᠪᠯᠠᠭᠰᠠᠨ ᠤ ᠳᠠᠷᠠᠭ᠎ᠠ᠂ ᠡᠮ ᠤᠨ ᠳᠡᠯᠭᠡᠭᠦᠷ ᠲᠠᠢ ᠬᠠᠷᠢᠯᠴᠠᠬᠤ ᠶᠢ ᠰᠣᠩᠭᠤᠵᠤ᠂ ᠤᠲᠠᠰᠤ ᠪᠠᠷ ᠡᠮ ᠤᠨ ᠳᠡᠯᠭᠡᠭᠦᠷ ᠤᠨ ᠡᠮ ᠤᠨ ᠵᠦᠢᠯ ᠤᠨ ᠨᠠᠷᠢᠨ ᠪᠠᠶᠢᠳᠠᠯ ᠢ ᠣᠶᠢᠯᠠᠭᠠᠵᠤ ᠪᠣᠯᠣᠨ᠎ᠠ᠂ ᠪᠠᠰᠠ ︽ᠳᠠᠷᠤᠢ ᠵᠠᠮᠴᠢᠯᠠᠭᠤᠯᠬᠤ︾ ᠶᠢ ᠲᠣᠪᠴᠢᠳᠠᠵᠤ᠂ ᠡᠮ ᠤᠨ ᠳᠡᠯᠭᠡᠭᠦᠷ ᠲᠤ ᠣᠨᠣᠪᠴᠢᠲᠠᠶ ᠬᠦᠷᠴᠦ ᠡᠮ ᠬᠤᠳᠠᠯᠳᠤᠨ ᠠᠪᠴᠤ ᠪᠣᠯᠣᠨ᠎ᠠ᠃      ︽︿ᠡᠮ ᠤᠨ ᠳᠡᠯᠭᠡᠭᠦᠷ ᠤᠨ ᠦᠨ᠎ᠡ ᠶᠢᠨ ᠬᠠᠷᠢᠴᠠᠭᠤᠯᠤᠯ ᠢ ᠨᠡᠪᠲᠡᠷᠡᠭᠦᠯᠬᠦ﹀ ᠦᠢᠯᠡᠴᠢᠯᠡᠭᠡ ᠶᠢ ᠰᠦᠯᠵᠢᠶᠡᠨ ᠳᠤ ᠣᠷᠣᠭᠤᠯᠬᠤ ᠨᠢ ᠡᠮ ᠤᠨ ᠵᠦᠢᠯᠡᠰ ᠤᠨ ᠦᠨ᠎ᠡ ᠬᠠᠩᠰᠢ ᠶᠢᠨ ᠢᠯᠡ ᠲᠣᠳᠣ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠳ ᠢᠯᠠᠩᠭᠤᠶ᠎ᠠ ᠤᠳᠠᠭᠠᠨ ᠴᠢᠨᠠᠷᠲᠠᠢ ᠡᠪᠡᠳᠴᠢᠨ ᠪᠠ ᠣᠷᠳᠣ ᠬᠤᠭᠤᠴᠠᠭ᠎ᠠ ᠪᠠᠷ ᠡᠮ ᠬᠡᠷᠡᠭᠯᠡᠬᠦ ᠡᠪᠡᠳᠴᠢᠲᠡᠨ ᠤ ᠳᠠᠷᠤᠭᠠᠰᠤ ᠶᠢ ᠬᠥᠩᠭᠡᠷᠡᠭᠦᠯᠬᠦ ᠶᠢᠨ ᠬᠠᠮᠲᠤ ᠪᠠᠰᠠ ᠲᠣᠭᠲᠠᠭᠰᠠᠨ ᠡᠮ ᠤᠨ ᠳᠡᠯᠭᠡᠭᠦᠷ ᠤᠨ ᠡᠮ ᠤᠨ ᠵᠦᠢᠯᠡᠰ ᠤᠨ ᠦᠨ᠎ᠡ ᠬᠠᠩᠰᠢ ᠶᠢ ᠵᠦᠢ ᠵᠣᠬᠢᠰᠲᠠᠢ ᠲᠣᠬᠢᠷᠠᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠠᠵᠢᠯ ᠲᠥᠷᠥᠯ ᠤᠨ ᠪᠦᠬᠦᠯᠢ ᠴᠣᠭᠴᠠ ᠶᠢᠨ ᠦᠷ᠎ᠡ ᠪᠦᠲᠦᠮᠵᠢ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠡᠮ ᠤᠨ ᠵᠦᠢᠯᠡᠰ ᠤᠨ ᠵᠠᠬ᠎ᠠ ᠳᠡᠯᠭᠡᠭᠦᠷ ᠤᠨ ᠡᠷᠬᠡ ᠲᠡᠭᠰᠢ ᠰᠠᠶᠢᠨ ᠰᠠᠶᠢᠬᠠᠨ ᠥᠷᠢᠰᠦᠯᠳᠦᠭᠡᠨ ᠢ ᠠᠬᠢᠭᠤᠯᠬᠤ ᠪᠣᠯᠣᠨ᠎ᠠ︾᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠠᠩ ᠴᠢᠩ ᠬᠡᠯᠡᠬᠦ ᠳᠡᠭᠡᠨ᠂ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠥᠪᠥᠷ ᠮᠣᠩᠭᠤᠯ ᠤᠨ ᠡᠮ ᠡᠮᠨᠡᠯᠭᠡ ᠶᠢᠨ ᠳᠠᠭᠠᠳᠬᠠᠯ ᠤᠨ ᡁᠢ ᠹᠦ᠋ ᠪᠤᠤ᠂ ᠵᠢᠷᠭᠢᠶ᠎ᠡ ᠶᠢᠨ ᠵᠢᠵᠢᠭ ᠫᠷᠣᠭ᠍ᠷᠠᠮ ᠵᠢᠴᠢ ᠮᠥᠩᠬᠡ ᠰᠤᠪᠠᠭ ᠤᠨ APP ᠶᠢᠨ ᠡᠮ ᠤᠨ ᠵᠦᠢᠯᠡᠰ ᠤᠨ ᠬᠠᠷᠢᠴᠠᠭᠤᠯᠤᠭᠰᠠᠨ ᠦᠨ᠎ᠡ ᠶᠢ ᠪᠠᠶᠢᠴᠠᠭᠠᠨ ᠯᠠᠪᠯᠠᠬᠤ ᠴᠢᠳᠠᠮᠵᠢ ᠶᠢ ᠵᠠᠯᠭᠠᠭ᠎ᠠ ᠪᠠᠷ ᠨᠠᠪᠲᠠᠷᠡᠭᠦᠯᠵᠦ᠂ ᠣᠯᠠᠨ ᠲᠦᠮᠡᠨ ᠳᠤ ᠨᠠᠩ ᠲᠥᠭᠦᠮ᠂ ᠣᠯᠠᠨ ᠶᠠᠩᠵᠤ ᠶᠢᠨ ᠪᠠᠶᠢᠴᠠᠭᠠᠨ ᠯᠠᠪᠯᠠᠬᠤ ᠦᠢᠯᠡᠴᠢᠯᠡᠭᠡ ᠬᠠᠩᠭᠠᠨ᠎ᠠ ᠭᠡᠵᠡᠢ᠃         ᠢᠷᠡᠯᠲᠡ᠄ ᠳᠡᠭᠦᠯᠢᠯᠲᠡ ᠬᠠᠮ ᠵᠠᠭᠤᠴᠢᠯᠠᠭᠤᠷ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号