﹇ᠦᠰᠦᠭ ᠪᠢᠴᠢᠭ ᠤᠨ ᠲᠠᠶᠢᠯᠤᠮᠵᠢ﹈ ︽ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ  ᠴᠢᠬᠤᠯᠠᠲᠠᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠵᠢᠯᠤᠭᠤᠳᠬᠤ ᠰᠠᠨᠠᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/18
     ᠨᠢᠭᠡ᠂ ᠰᠢᠢᠳᠪᠦᠷᠢᠲᠦ ᠪᠣᠳᠣᠯᠭ᠎ᠠ ᠶᠢᠨ ᠠᠬᠤᠢ ᠪᠠᠶᠢᠳᠠᠯ            ᠣᠶᠢᠷ᠎ᠠ ᠶᠢᠨ ᠵᠢᠯ ᠤᠳ ᠲᠤ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠭᠰᠠᠨ  ᠨᠢ ᠵᠢᠷᠤᠮᠵᠢᠯ ᠦᠭᠡᠢ ᠠᠴᠠ ᠪᠣᠯᠵᠤ ᠳᠠᠭᠠᠭᠠᠴᠢᠯᠠᠯᠲᠠ ᠵᠠᠷᠯᠠᠬᠤ ᠳᠤ ᠢᠯᠠᠭᠳᠠᠯ ᠪᠤᠶᠤ ᠬᠢᠨᠠᠨ ᠲᠣᠭᠲᠠᠭᠠᠭᠰᠠᠨ ᠦᠷ᠎ᠡ ᠳ᠋ᠦᠩ ᠨᠢ ᠲᠥᠪ ᠭᠤᠣᠯᠴᠢ ᠪᠤᠰᠤ ᠬᠡᠷᠡᠭ ᠤᠨ ᠵᠢᠱᠢᠶ᠎ᠡ ᠪᠠᠶᠢᠨ ᠳᠠᠬᠢᠨ ᠭᠠᠷᠴᠤ᠂ ᠴᠢᠨᠠᠭᠰᠢᠯᠠᠪᠠᠯ ᠣᠨᠳᠣᠣ ᠰᠠᠨᠠᠯ ᠪᠠ ᠵᠠᠭᠠᠯᠳᠤᠯᠭ᠎ᠠ ᠬᠢᠵᠦ᠂ ᠭᠡᠷ ᠪᠠᠶᠢᠰᠢᠩ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠡᠷᠬᠡ ᠲᠡᠭᠰᠢ ᠲᠥᠪ ᠭᠤᠣᠯᠴᠢ ᠪᠠᠶᠢᠬᠤ ᠶᠢ ᠨᠥᠯᠥᠭᠡᠯᠡᠪᠡ᠃ 2022 ᠣᠨ ᠪᠠ 2023 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 58 ᠳ᠋ᠤᠭᠠᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 - 2025 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ   ﹇2023﹈ 52 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠡᠳᠬᠦᠬᠦ ᠠᠯᠢ ᠣᠯᠠᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠳᠠᠭᠠᠭᠠᠴᠢᠯᠠᠯᠲᠠ ᠵᠠᠷᠯᠠᠭᠴᠢ ᠶᠢᠨ  ᠪᠦᠷᠢᠨ ᠡᠷᠬᠡᠲᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠂ ᠮᠠᠨ ᠤ ᠣᠷᠣᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠮᠠᠨ ᠤ ᠲᠢᠩᠬᠢᠮ ᠠᠴᠠ ︽ᠬᠠᠤᠯᠢ ᠶᠣᠰᠣᠭᠠᠷ ᠡᠷᠬᠡᠪᠰᠢ ᠳᠠᠭᠠᠭᠠᠴᠢᠯᠠᠯᠲᠠ ᠵᠠᠷᠯᠠᠬᠤ ᠴᠢᠬᠤᠯᠠᠲᠠᠢ ᠭᠡᠷ ᠪᠠᠶᠢᠰᠢᠩ ᠤᠨ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠲᠤᠬᠠᠢ ᠵᠢᠯᠤᠭᠤᠳᠬᠤ ᠰᠠᠨᠠᠯ︾ ︵ᠳᠣᠷᠣᠭᠰᠢ ︽ᠵᠢᠯᠤᠭᠤᠳᠬᠤ ᠰᠠᠨᠠᠯ︾ ᠭᠡᠵᠦ ᠲᠣᠪᠴᠢᠯᠠᠨ᠎ᠠ︶ ᠢ  ᠲᠣᠭᠲᠠᠭᠠᠵᠤ ᠳᠠᠷᠤᠮᠠᠯᠯᠠᠨ ᠲᠠᠷᠬᠠᠭᠠᠪᠠ᠃            ᠬᠤᠶᠠᠷ᠂ ᠰᠤᠳᠤᠯᠤᠨ ᠮᠠᠭᠠᠳᠯᠠᠭᠰᠠᠨ ᠶᠠᠪᠤᠴᠠ            ︽ᠵᠢᠯᠤᠭᠤᠳᠬᠤ ᠰᠠᠨᠠᠯ︾ ᠢ ᠲᠣᠭᠲᠠᠭᠠᠬᠤ ᠶᠠᠪᠤᠴᠠ ᠳᠤ᠂ ᠮᠠᠨ ᠤ ᠲᠢᠩᠬᠢᠮ ᠤᠨ ᠠᠯᠪᠠᠨ ᠰᠦᠯᠵᠢᠶ᠎ᠡ ᠳᠤ ᠨᠡᠶᠢᠭᠡᠮ ᠨᠡᠶᠢᠲᠡ ᠠᠴᠠ ᠢᠯᠡ ᠪᠠᠷ ᠰᠠᠨᠠᠯ ᠬᠤᠷᠢᠶᠠᠭᠰᠠᠨ ᠪᠥᠭᠡᠳ ᠢᠯᠡ ᠪᠠᠷ ᠰᠠᠨᠠᠯ ᠬᠤᠷᠢᠶᠠᠭᠰᠠᠨ ᠪᠠᠶᠢᠳᠠᠯ ᠢᠶᠠᠨ ᠵᠠᠷᠯᠠᠨ ᠮᠡᠳᠡᠭᠳᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠪᠠ ᠲᠢᠩᠬᠢᠮ ᠤᠨ ᠬᠠᠮᠢᠶ᠎ᠠ ᠪᠦᠬᠦᠢ ᠭᠠᠵᠠᠷ᠂   ᠠᠯᠪᠠᠨ ᠭᠡᠷ᠂ ᠨᠢᠭᠡᠴᠢ ᠵᠢᠴᠢ ᠡᠯ᠎ᠡ ᠠᠶᠢᠮᠠᠭ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠰᠠᠨᠠᠯ ᠢ ᠬᠤᠷᠢᠶᠠᠪᠠ᠃ ᠡᠭᠦᠨ ᠤ ᠬᠠᠮᠲᠤ ᠮᠠᠨ ᠤ ᠲᠢᠩᠬᠢᠮ 2024 ᠣᠨ ᠤ 1 ᠳ᠋ᠦ᠋ᠭᠡᠷ ᠰᠠᠷ᠎ᠠ ᠶᠢᠨ 15 ᠤ ᠡᠳᠦᠷ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ᠂ ᠭᠡᠷᠡᠴᠢᠯᠡᠭᠡ ᠰᠣᠨᠣᠰᠪᠠ᠃ ︽ᠵᠢᠯᠤᠭᠤᠳᠬᠤ ᠰᠠᠨᠠᠯ︾ ᠢ ᠲᠣᠭᠲᠠᠭᠠᠭᠰᠠᠨ ᠶᠠᠪᠤᠴᠠ ᠨᠢ ᠬᠠᠤᠯᠢ ᠳᠤ ᠨᠡᠶᠢᠴᠡᠨ᠎ᠡ᠃            ᠭᠤᠷᠪᠠ᠂ ᠲᠥᠷᠥ ᠶᠢᠨ ᠪᠣᠳᠣᠯᠭ᠎ᠠ ᠶᠢᠨ ᠭᠢᠯᠠᠰ ᠴᠡᠭ            ︵ᠨᠢᠭᠡ︶ ᠬᠤᠳᠠᠯᠳᠤᠭᠠᠨ ᠤ ᠶᠠᠪᠤᠳᠠᠯ᠂ ᠮᠡᠷᠭᠡᠵᠢᠯ᠂ ᠠᠵᠢᠯ ᠤᠨ ᠠᠮᠵᠢᠯᠲᠠ ᠶᠢᠨ  ᠬᠤᠪᠢ ᠡᠵᠡᠯᠡᠬᠦ ᠬᠠᠷᠢᠴᠠᠯ ᠢ ᠲᠣᠳᠣᠷᠬᠠᠶᠢᠯᠠᠪᠠ᠃ ᠳᠠᠭᠠᠭᠠᠴᠢᠯᠠᠯᠲᠠ ᠵᠠᠷᠯᠠᠬᠤ ᠳᠤ᠂ ᠮᠡᠷᠭᠡᠵᠢᠯ ᠤᠨ ᠬᠡᠰᠡᠭ ᠤᠨ ᠬᠤᠪᠢ ᠶᠢᠨ ᠵᠢᠩ ᠨᠢ 45% ᠠᠴᠠ 70%᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 10% ᠠᠴᠠ 30%᠂  ᠢᠲᠡᠭᠡᠮᠵᠢ ᠶᠢᠨ ᠬᠡᠰᠡᠭ ᠤᠨ ᠬᠤᠪᠢ ᠶᠢᠨ ᠵᠢᠩ ᠨᠢ 10%᠂ ᠠᠵᠢᠯ ᠤᠨ ᠠᠮᠵᠢᠯᠲᠠ ᠪᠦᠲᠦᠮᠵᠢ ᠵᠡᠷᠭᠡ ᠬᠡᠰᠡᠭ ᠤᠨ ᠬᠤᠪᠢ ᠶᠢᠨ ᠵᠢᠩ ᠨᠢ 10% ᠠᠴᠠ 15%︔ ᠪᠠᠷᠢᠯᠭ᠎ᠠ ᠶᠢᠨ ᠳᠠᠭᠠᠭᠠᠴᠢᠯᠠᠯᠲᠠ ᠵᠠᠷᠯᠠᠬᠤ ᠳᠤ᠂ ᠮᠡᠷᠭᠡᠵᠢᠯ ᠤᠨ ᠬᠡᠰᠡᠭ ᠤᠨ ᠬᠤᠪᠢ ᠶᠢᠨ ᠵᠢᠩ ᠨᠢ 20% ᠠᠴᠠ 40%᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 40% ᠠᠴᠠ 55%᠂ ᠢᠲᠡᠭᠡᠮᠵᠢ ᠶᠢᠨ ᠬᠡᠰᠡᠭ ᠤᠨ ᠬᠤᠪᠢ ᠶᠢᠨ ᠵᠢᠩ ᠨᠢ 10%᠂ ᠠᠵᠢᠯ ᠤᠨ ᠠᠮᠵᠢᠯᠲᠠ ᠪᠦᠲᠦᠮᠵᠢ ᠶᠢᠨ ᠬᠡᠰᠡᠭ ᠤᠨ ᠬᠤᠪᠢ ᠶᠢᠨ ᠵᠢᠩ ᠨᠢ 10% ᠠᠴᠠ15% ᠪᠠᠶᠢᠬᠤ ᠶᠢ ᠱᠠᠭᠠᠷᠳᠠᠵᠠᠢ︔ ᠲᠤᠰᠬᠠᠢ ᠮᠡᠷᠭᠡᠵᠢᠯ ᠤᠨ ᠣᠨᠴᠠᠭᠠᠢ ᠪᠤᠳᠤᠯᠢᠶᠠᠨᠲᠠᠢ ᠲᠣᠮᠣ ᠬᠡᠯᠪᠡᠷᠢ ᠶᠢᠨ ᠪᠠᠷᠢᠯᠭ᠎ᠠ᠂ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ ᠵᠢᠩ ᠨᠢ 40% ᠪᠠᠶᠢᠵᠤ ᠪᠣᠯᠣᠨ᠎ᠠ︔ ᠮᠡᠷᠭᠡᠵᠢᠯ ᠤᠨ ᠱᠠᠭᠠᠷᠳᠠᠯᠭ᠎ᠠ ᠨᠢ ᠬᠠᠷᠢᠴᠠᠩᠭᠤᠢ ᠳᠥᠭᠦᠮᠬᠡᠨ ᠪᠠᠷᠢᠯᠭ᠎ᠠ ᠶᠢᠨ ᠳᠠᠭᠠᠭᠠᠴᠢᠯᠠᠯᠲᠠ ᠬᠦᠯᠢᠶᠡᠬᠦ ᠦᠨ᠎ᠡ ᠬᠠᠨ᠋ᠰᠢ ᠶᠢᠨ ᠬᠤᠪᠢ ᠶᠢᠨ ᠵᠢᠩ ᠨᠢ 50% ᠪᠠᠶᠢᠵᠤ ᠪᠣᠯᠣᠨ᠎ᠠ︔ ᠮᠡᠷᠭᠡᠵᠢᠯ ᠤᠨ ᠱᠠᠭᠠᠷᠳᠠᠯᠭ᠎ᠠ ᠨᠢ ᠳᠥᠭᠦᠮᠬᠡᠨ ᠪᠠᠷᠢᠯᠭ᠎ᠠ ᠶᠢᠨ ᠳᠠᠭᠠᠭᠠᠴᠢᠯᠠᠯᠲᠠ ᠬᠦᠯᠢᠶᠡᠬᠦ ᠦᠨ᠎ᠡ ᠬᠠᠩᠰᠢ ᠶᠢᠨ ᠬᠤᠪᠢ ᠶᠢᠨ  ᠵᠢᠩ ᠨᠢ 55% ᠪᠠᠶᠢᠵᠤ ᠪᠣᠯᠣᠨ᠎ᠠ︔                ︵ᠬᠤᠶᠠᠷ︶ ᠳᠠᠭᠠᠭᠠᠴᠢᠯᠠᠯᠲᠠ ᠦᠨᠡᠯᠡᠬᠦ ᠰᠠᠭᠤᠷᠢ ᠦᠨ᠎ᠡ ᠶᠢ ᠪᠣᠳᠣᠬᠤ ᠠᠷᠭ᠎ᠠ ᠶᠢ ᠲᠣᠳᠣᠷᠬᠠᠶᠢᠯᠠᠪᠠ᠃ ᠳᠠᠭᠠᠭᠠᠴᠢᠯᠠᠯᠲᠠ ᠦᠨᠡᠯᠡᠬᠦ ᠰᠠᠭᠤᠷᠢ ᠪᠠᠷᠢᠮᠵᠢᠶ᠎ᠠ ᠦᠨ᠎ᠡ = ᠳᠠᠭᠠᠭᠠᠴᠢᠯᠠᠯᠲᠠ ᠬᠦᠯᠢᠶᠡᠬᠦ ᠬᠠᠮᠤᠭ ᠥᠨᠳᠥᠷ ᠬᠢᠵᠠᠭᠠᠷ ᠦᠨ᠎ᠡ × 70% + ×ᠳᠠᠭᠠᠭᠠᠴᠢᠯᠠᠯᠲᠠ ᠬᠦᠯᠢᠶᠡᠭᠴᠢ ᠶᠢᠨ ᠬᠦᠴᠦᠨ ᠪᠦᠬᠦᠢ ᠮᠡᠳᠡᠭᠦᠯᠬᠦ ᠦᠨ᠎ᠡ ᠶᠢᠨ ᠳᠤᠮᠳᠠᠴᠢ ᠬᠡᠮᠵᠢᠭᠳᠡᠯ × 30%᠃            ︵ᠭᠤᠷᠪᠠ︶ ᠳᠠᠭᠠᠭᠠᠴᠢᠯᠠᠯᠲᠠ ᠵᠠᠷᠯᠠᠭᠰᠠᠳ ᠪᠥᠬᠦ ᠶᠠᠪᠤᠴᠠ ᠶᠢᠨ ᠪᠠᠷᠢᠯᠭ᠎ᠠ ᠶᠢᠨ ᠯᠠᠪᠯᠠᠭ᠎ᠠ᠂ ᠪᠠᠷᠢᠯᠭ᠎ᠠ ᠶᠢᠨ ᠶᠡᠷᠦᠩᠬᠡᠢ ᠳᠠᠭᠠᠭᠠᠴᠢᠯᠠᠯᠲᠠ ᠶᠢᠨ ᠠᠷᠭ᠎ᠠ ᠮᠠᠶ᠋ᠢᠭ ᠢ ᠡᠩ ᠲᠡᠷᠢᠭᠦᠨ ᠳᠤ ᠬᠡᠷᠡᠭᠯᠡᠵᠦ ᠳᠠᠭᠠᠭᠠᠴᠢᠯᠠᠯᠲᠠ ᠵᠠᠷᠯᠠᠬᠤ ᠶᠢ ᠵᠣᠷᠢᠭᠵᠢᠭᠤᠯᠤᠨ᠎ᠠ᠂ ︽ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠳᠠᠬᠢᠨ ᠢᠶᠠᠷ ᠨᠡᠮᠡᠭᠳᠡᠭᠦᠯᠬᠦ ᠠᠵᠢᠯᠯᠠᠭᠠᠨ ᠤ ᠲᠥᠯᠥᠪᠯᠡᠭᠡ ︵2023 - 2025 ᠣᠨ︶ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ᠤᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠥᠪ ᠤᠨ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ᠂ ᠣᠷᠣᠨ ᠤ ᠭᠠᠳᠠᠨᠠᠬᠢ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠣᠯᠣᠨ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠢ ᠲᠡᠮᠵᠢᠵᠦ᠂ ᠥᠪᠡᠷᠲᠡᠭᠡᠨ ᠵᠠᠰᠠᠬᠤ ᠣᠷᠣᠨ ᠤ ᠬᠥᠲᠥᠴᠢ ᠠᠵᠤ ᠠᠬᠤᠶᠢᠯᠠᠯ ᠬᠢᠭᠡᠳ ᠥᠪᠡᠷᠲᠡᠭᠡᠨ ᠵᠠᠰᠠᠬᠤ ᠣᠷᠣᠨ ᠤ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠪᠤᠶᠤ ᠠᠷᠠᠳ ᠠᠴᠠ ᠡᠵᠡᠩᠨᠡᠭᠰᠡᠨ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠯᠤᠭ᠎ᠠ ᠬᠤᠯᠪᠣᠭᠠᠲᠤ ᠴᠣᠭᠴᠠ ᠪᠠᠶᠢᠭᠤᠯᠵᠤ ᠳᠠᠭᠠᠭᠠᠴᠢᠯᠠᠯᠲᠠ ᠬᠦᠯᠢᠶᠡᠬᠦ ᠵᠦᠢᠯ ᠵᠤᠷᠪᠤᠰ ᠪᠠ ᠶᠡᠷᠦᠩᠬᠡᠢ ᠳᠠᠭᠠᠭᠠᠴᠢᠯᠠᠭᠰᠠᠨ ᠠᠵᠤ ᠠᠬᠤᠶᠢᠯᠠᠯ ᠨᠢ ᠲᠤᠬᠠᠢ ᠶᠢᠨ ᠭᠠᠵᠠᠷ ᠤᠨ ᠳᠤᠮᠳᠠ ᠵᠢᠵᠢᠭ ᠪᠢᠴᠢᠯ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠳᠤ ᠬᠠᠤᠯᠢ ᠶᠢᠨ ᠲᠣᠭᠲᠠᠭᠠᠯ ᠶᠣᠰᠣᠭᠠᠷ ᠬᠤᠪᠢᠶᠠᠨ ᠳᠠᠭᠠᠭᠠᠴᠢᠯᠠᠭᠤᠯᠬᠤ ᠬᠡᠷᠡᠭᠲᠡᠢ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃            ︵ᠳᠥᠷᠪᠡ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠰᠢᠯᠢᠳᠡᠭ ᠢ ᠡᠭᠦᠳᠬᠦ ᠰᠢᠨ᠎ᠡ ᠶᠢ ᠡᠭᠦᠳᠬᠦ ᠵᠠᠷᠤᠳᠠᠯ ᠢ ᠪᠤᠳᠤᠬᠤ ᠭᠡᠵᠦ ᠲᠣᠳᠣᠷᠬᠠᠶᠢᠯᠠᠵᠠᠢ᠃ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠪᠣᠬᠢᠷᠲᠤᠯ ᠦᠭᠡᠢ ᠪᠠᠷᠢᠯᠭ᠎ᠠ ᠶᠢᠨ ᠵᠡᠷᠭᠡ ᠲᠠᠰ ᠤᠨ ᠬᠢᠷᠢ ᠲᠦᠪᠰᠢᠨ ᠪᠣᠯᠣᠨ ᠮᠡᠷᠭᠡᠵᠢᠯ ᠤᠨ ᠠᠷᠭ᠎ᠠ ᠬᠡᠮᠵᠢᠶ᠎ᠡ ᠳᠤ ᠲᠣᠳᠣᠷᠬᠠᠢ ᠱᠠᠭᠠᠷᠳᠠᠯᠭ᠎ᠠ ᠲᠤᠷᠠᠳᠤᠪᠠ᠃ ᠳᠠᠭᠠᠭᠠᠴᠢᠯᠠᠯᠲᠠ ᠵᠠᠷᠯᠠᠭᠴᠢ ᠶᠢ ᠣᠶᠤᠨᠴᠢ ᠦᠢᠯᠡᠳᠬᠦ᠂ BIM ᠮᠡᠷᠭᠡᠵᠢᠯ᠂ ᠤᠭᠰᠠᠷᠠᠮᠠᠯ ᠮᠠᠶ᠋ᠢᠭ ᠤᠨ ᠵᠠᠰᠠᠯ ᠴᠢᠮᠡᠭᠯᠡᠯ ᠳᠤ ᠱᠠᠭᠠᠷᠳᠠᠯᠭ᠎ᠠ ᠳᠤᠷᠠᠳᠬᠤ ᠶᠢ ᠵᠣᠷᠢᠭᠵᠢᠭᠤᠯᠤᠨ᠎ᠠ᠃            ︵ᠲᠠᠪᠤ︶ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠠᠮᠵᠢᠯᠲᠠ ᠪᠦᠲᠦᠮᠵᠢ ᠳᠤ ᠬᠤᠪᠢ ᠨᠡᠮᠡᠬᠦ᠂ ᠬᠤᠪᠢ ᠬᠥᠮᠥᠨ ᠤ ᠠᠮᠵᠢᠯᠲᠠ ᠪᠦᠲᠦᠮᠵᠢ ᠨᠢ ᠠᠵᠤ ᠠᠬᠤᠶᠢᠯᠠᠯ ᠤᠨ ᠠᠮᠵᠢᠯᠲᠠ ᠪᠦᠲᠦᠮᠵᠢ ᠠᠴᠠ ᠵᠣᠬᠢᠬᠤ ᠬᠡᠮᠵᠢᠶ᠎ᠡ ᠪᠠᠷ ᠥᠨᠳᠥᠷ ᠪᠠᠶᠢᠯᠭᠠᠵᠤ ᠪᠣᠯᠣᠨ᠎ᠠ ᠭᠡᠵᠦ ᠳᠤᠷᠠᠳᠴᠠᠢ᠃ ᠳᠠᠭᠠᠭᠠᠴᠢᠯᠠᠯᠲᠠ ᠵᠠᠷᠯᠠᠭᠴᠢ᠂ ᠳᠠᠭᠠᠭᠠᠴᠢᠯᠠᠯᠲᠠ ᠬᠦᠯᠢᠶᠡᠭᠴᠢ ᠶᠢᠨ ᠲᠣᠮᠢᠯᠠᠨ ᠰᠠᠭᠤᠯᠭᠠᠭᠰᠠᠨ ᠲᠤᠬᠠᠢ ᠶᠢᠨ ᠲᠠᠯᠠᠪᠠᠶ ᠶᠢᠨ ᠪᠠᠷᠢᠯᠭ᠎ᠠ ᠶᠢᠨ ᠥᠪᠡᠷ ᠤᠨ ᠠᠵᠢᠯᠴᠢᠨ ᠤ ᠡᠵᠡᠯᠡᠬᠦ ᠬᠠᠷᠢᠴᠠᠯ ᠵᠢᠴᠢ ᠮᠡᠷᠭᠡᠵᠢᠯ ᠤᠨ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠬᠤ ᠳᠤ ᠱᠠᠭᠠᠷᠳᠠᠯᠭ᠎ᠠ ᠳᠤᠷᠠᠳᠬᠤ ᠶᠢ ᠵᠣᠷᠢᠭᠵᠢᠭᠤᠯᠬᠤ ᠶᠢᠨ ᠬᠠᠮᠲᠤ᠂ ᠥᠪᠡᠷ ᠤᠨ ᠪᠠᠷᠢᠯᠭ᠎ᠠ ᠶᠢᠨ ᠠᠵᠢᠯᠴᠢᠨ ᠤ ᠡᠵᠡᠯᠡᠬᠦ ᠬᠠᠷᠢᠴᠠᠯ ᠨᠢ ᠶᠡᠭᠡ ᠵᠢᠴᠢ ᠮᠡᠷᠭᠡᠵᠢᠯ ᠤᠨ ᠴᠢᠳᠠᠪᠤᠷᠢ ᠲᠠᠢ ᠠᠵᠢᠯᠴᠢᠨ ᠢ ᠲᠣᠬᠢᠷᠠᠭᠤᠯᠤᠭᠰᠠᠨ ᠢᠶᠠᠷ ᠠᠷᠪᠢᠨ᠂ ᠵᠡᠷᠭᠡ ᠳᠡᠰ ᠨᠢ ᠥᠨᠳᠥᠷ ᠳᠠᠭᠠᠭᠠᠴᠢᠯᠠᠯᠲᠠ ᠬᠦᠯᠢᠶᠡᠭᠴᠢ ᠳᠤ ᠵᠣᠬᠢᠰᠲᠠᠢ ᠬᠤᠪᠢ ᠣᠯᠭᠤᠨ᠎ᠠ᠃            ︵ᠵᠢᠷᠭᠤᠭ᠎ᠠ︶ ᠳᠠᠭᠠᠭᠠᠴᠢᠯᠠᠯᠲᠠ ᠦᠨᠡᠯᠡᠬᠦ ᠮᠡᠳᠡᠭᠦᠯᠦᠯᠲᠡ᠂ ᠳᠠᠭᠠᠭᠠᠴᠢᠯᠠᠯᠲᠠ ᠣᠯᠣᠭᠰᠠᠨ ᠵᠢᠱᠢᠭᠳᠡᠭᠰᠡᠳ ᠤᠨ ᠨᠡᠶᠢᠲᠡᠯᠡᠯ ᠤᠨ ᠪᠣᠳᠠᠲᠠᠢ ᠠᠭᠤᠯᠭ᠎ᠠ ᠳᠤ᠂ ᠳᠠᠭᠠᠭᠠᠴᠢᠯᠠᠯᠲᠠ ᠣᠯᠣᠭᠰᠠᠨ ᠬᠥᠮᠥᠨ ᠳᠠᠭᠠᠭᠠᠴᠢᠯᠠᠯᠲᠠ ᠬᠦᠯᠢᠶᠡᠬᠦ ᠪᠢᠴᠢᠭ ᠮᠠᠲ᠋ᠧᠷᠢᠶᠠᠯ ᠢ ᠲᠣᠭᠲᠠᠭᠠᠯ ᠶᠣᠰᠣᠭᠠᠷ ᠨᠠᠶᠢᠷᠠᠭᠤᠯᠤᠨ ᠵᠣᠬᠢᠶᠠᠭᠰᠠᠨ ᠪᠠᠶᠢᠪᠠᠯ ᠵᠣᠬᠢᠴᠠᠩᠭᠤᠢ ᠬᠤᠪᠢ ᠨᠡᠮᠡᠨ᠎ᠡ᠂ ᠭᠡᠪᠡᠴᠦ ᠬᠡᠷᠡᠭᠵᠢᠭᠦᠯᠬᠦ ᠶᠠᠪᠤᠴᠠ ᠳᠤ ᠭᠡᠷ᠎ᠡ ᠪᠠᠨ ᠭᠦᠢᠴᠡᠳᠬᠡᠭᠰᠡᠨ ᠦᠭᠡᠢ ᠪᠣᠯ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠪᠣᠯᠵᠤᠭ᠎ᠠ ᠠᠴᠠ ᠵᠥᠷᠢᠴᠡᠭᠰᠡᠨ ᠢ ᠰᠢᠢᠳᠬᠡᠨ ᠲᠣᠷᠭᠠᠬᠤ ᠠᠷᠭ᠎ᠠ ᠬᠡᠮᠵᠢᠶ᠎ᠡ ᠵᠢᠴᠢ ᠭᠡᠷ᠎ᠡ ᠪᠠᠨ ᠦᠷᠭᠦᠯᠵᠢᠯᠡᠨ ᠬᠡᠷᠡᠭᠵᠢᠭᠦᠯᠦᠭᠰᠡᠨ ᠡᠰᠡᠬᠦ ᠶᠢ ᠲᠣᠳᠣᠷᠬᠠᠶᠢᠯᠠᠬᠤ ᠶᠢᠨ ᠬᠠᠮᠲᠤ᠂ ᠳᠠᠭᠠᠭᠠᠴᠢᠯᠠᠯᠲᠠ ᠣᠯᠣᠭᠴᠢ ᠪᠠᠷ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠡᠭᠦᠷᠭᠡᠯᠡᠭᠦᠯᠬᠦ ᠶᠢ ᠲᠣᠳᠣᠷᠬᠠᠶᠢᠯᠠᠪᠠ᠃            ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠭᠡᠷ᠎ᠡ ᠶᠢᠨ ᠵᠦᠢᠯ ᠵᠤᠷᠪᠤᠰ ᠲᠤ᠂ ᠳᠠᠭᠠᠭᠠᠴᠢᠯᠠᠯᠲᠠ ᠬᠦᠯᠢᠶᠡᠭᠴᠢ ᠳᠠᠭᠠᠭᠠᠴᠢᠯᠠᠯᠲᠠ ᠣᠯᠣᠭᠰᠠᠨ ᠤ ᠳᠠᠷᠠᠭ᠎ᠠ ᠬᠠᠮᠢᠶᠠᠷᠤᠯᠲᠠ ᠶᠢᠨ ᠠᠵᠢᠯᠲᠠᠨ ᠢ ᠳᠤᠷ᠎ᠠ ᠪᠠᠷ ᠢᠶᠠᠨ ᠰᠣᠯᠢᠵᠤ ᠪᠣᠯᠬᠤ ᠦᠭᠡᠢ᠂ ᠦᠨᠡᠨᠬᠦ ᠰᠣᠯᠢᠬᠤ ᠴᠢᠬᠤᠯᠠ ᠲᠠᠢ ᠪᠣᠯ ᠬᠠᠮᠢᠶᠠᠷᠤᠯᠲᠠ ᠶᠢᠨ ᠠᠵᠢᠯᠲᠠᠨ ᠤ ᠲᠤᠭ᠎ᠠ ᠬᠡᠮᠵᠢᠶ᠎ᠡ ᠶᠢᠨ 50% ᠠᠴᠠ ᠬᠡᠲᠦᠷᠡᠭᠦᠯᠵᠦ ᠪᠣᠯᠬᠤ ᠦᠭᠡᠢ ᠪᠥᠭᠡᠳ ᠬᠢᠷᠢ ᠬᠡᠮ᠂ ᠠᠵᠢᠯ ᠤᠨ ᠠᠮᠵᠢᠯᠲᠠ ᠪᠦᠲᠦᠮᠵᠢ᠂ ᠢᠲᠡᠭᠡᠯ ᠬᠦᠨᠳᠦ ᠵᠡᠷᠭᠡ ᠲᠠᠯ᠎ᠠ ᠪᠠᠷ ᠬᠤᠪᠢᠷᠠᠬᠤ ᠠᠴᠠ ᠡᠮᠦᠨᠡᠬᠢ ᠬᠠᠮᠢᠶᠠᠷᠤᠯᠲᠠ ᠶᠢᠨ ᠠᠵᠢᠯᠲᠠᠨ ᠯᠤᠭ᠎ᠠ ᠨᠢᠭᠡᠳᠦᠯᠲᠡᠢ ᠪᠠᠶᠢᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ︔ ᠡᠭᠦᠨ ᠤ ᠬᠠᠮᠲᠤ᠂ ᠬᠠᠮᠢᠶᠠᠷᠤᠯᠲᠠ ᠶᠢᠨ ᠠᠵᠢᠯᠲᠠᠨ ᠤ ᠠᠵᠢᠯ ᠤᠨ ᠪᠠᠶᠢᠷᠢ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠠᠭ ᠤᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃     ᠢᠷᠡᠯᠲᠡ᠄ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号