ᠰᠠᠶᠢᠬᠠᠨ ᠲᠣᠭᠤᠷᠢᠭ᠄ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠰᠤᠷᠤᠭᠴᠢᠳ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/6/19
       ᠤᠯᠤᠰ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠵᠢᠴᠢ ᠦᠷ᠎ᠡ ᠪᠦᠲᠦᠮᠵᠢ ᠶᠢ ᠤᠬᠠᠭᠤᠯᠵᠤ᠂ ᠠᠷᠠᠳ ᠣᠯᠠᠨ ᠤ ᠡᠳ᠋ ᠮᠥᠩᠭᠦᠨ ᠤ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 13 ᠤ ᠡᠳᠦᠷ᠂ ᠰᠠᠶᠢᠬᠠᠨ ᠲᠣᠭᠤᠷᠢᠭ ᠤᠨ ︽ᠡᠳ᠋ ᠮᠥᠩᠭᠦᠨ ᠤ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠬᠥᠮᠥᠰ ᠤᠨ ᠰᠡᠳᠬᠢᠯ ᠢ ᠳᠤᠯᠠᠭᠠᠴᠠᠭᠤᠯᠵᠤ᠂ ᠡᠷᠴᠢ ᠵᠣᠷᠢᠭ ᠢ ᠬᠥᠪᠴᠢᠯᠡᠨ ᠦᠰᠦᠨ ᠪᠣᠶᠢᠵᠢᠬᠤ︾ ᠰᠤᠷᠤᠭᠴᠢᠳ ᠢ ᠲᠤᠰᠠᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠨᠡᠶᠢᠭᠡᠮ ᠲᠣᠭᠤᠷᠢᠭ ᠲᠤ ᠣᠷᠣᠬᠤ ᠠᠵᠢᠯᠯᠠᠭ᠎ᠠ ᠥᠷᠨᠢᠭᠦᠯᠪᠡ᠃
   ᠠᠵᠢᠯᠯᠠᠭ᠎ᠠ ᠶᠢᠨ ᠳᠤᠮᠳᠠ᠂ ᠰᠠᠶᠢᠬᠠᠨ ᠲᠣᠭᠤᠷᠢᠭ ᠤᠨ ᠰᠤᠷᠤᠭᠴᠢᠳ ᠢ ᠵᠣᠭᠤᠰ ᠢᠶᠠᠷ ᠲᠤᠰᠠᠯᠠᠬᠤ ᠲᠥᠪ ᠠᠴᠠ ︽ᠤᠯᠤᠰ ᠤᠨ ᠨᠡᠭᠡᠭᠡᠨ ᠬᠥᠭᠵᠢᠭᠦᠯᠬᠦ ᠪᠠᠩᠬᠢ ᠶᠢᠨ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢ ᠲᠡᠳᠬᠦᠬᠦ ᠢᠲᠡᠭᠡᠮᠵᠢ ᠶᠢᠨ ᠵᠢᠭᠡᠯᠡᠯᠭᠡ ᠶᠢᠨ ᠲᠥᠷᠥ ᠶᠢᠨ ᠪᠣᠳᠣᠯᠭ᠎ᠠ︾᠂ ︽ᠥᠪᠡᠷᠲᠡᠭᠡᠨ ᠵᠠᠰᠠᠬᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠣᠷᠣᠭᠴᠢ ᠶᠢᠨ ᠰᠤᠷᠭᠠᠭᠤᠯᠢ ᠳᠤ ᠣᠷᠣᠬᠤ ᠶᠢ ᠲᠤᠰᠠᠯᠠᠬᠤ ᠲᠥᠷᠥ ᠶᠢᠨ ᠪᠣᠳᠣᠯᠭ᠎ᠠ︾ ᠵᠢᠴᠢ ︽ᠬᠥᠬᠡᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠨᠢ ᠬᠦᠴᠢᠷᠳᠡᠯᠲᠡᠢ ᠣᠶᠤᠲᠠᠳ ᠤᠨ ᠰᠤᠷᠭᠠᠭᠤᠯᠢ ᠳᠤ ᠣᠷᠣᠬᠤ ᠶᠢ ᠲᠤᠰᠠᠯᠠᠬᠤ ᠲᠥᠷᠥ ᠶᠢᠨ ᠪᠣᠳᠣᠯᠭ᠎ᠠ︾ ᠶᠢᠨ ᠲᠤᠬᠠᠢ ᠲᠠᠶᠢᠯᠤᠮᠵᠢ ᠬᠢᠵᠦ᠂ ᠲᠤᠬᠠᠢ ᠶᠢᠨ ᠲᠠᠯᠠᠪᠤᠷ ᠲᠤ  ᠣᠯᠠᠨ ᠲᠦᠮᠡᠨ ᠳᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠭᠤᠯᠭ᠎ᠠ ᠶᠢᠨ ᠲᠤᠬᠠᠢ ᠨᠠᠩ ᠲᠣᠳᠣᠷᠬᠠᠢ ᠪᠥᠭᠡᠳ ᠭᠦᠨᠵᠡᠭᠡᠢ ᠣᠶᠢᠯᠠᠭᠠᠯᠲᠠ ᠲᠠᠢ ᠪᠣᠯᠭᠠᠪᠠ᠃         ᠳᠠᠷᠠᠭ᠎ᠠ ᠨᠢ᠂ 2023 ᠣᠨ ᠤ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ︽ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ︾ ᠶᠢᠨ ᠱᠠᠩᠨᠠᠯ ᠣᠯᠭᠤᠬᠤ ᠶᠣᠰᠣᠯᠠᠯ ᠪᠠ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠰᠠᠶᠢᠬᠠᠨ ᠲᠣᠭᠤᠷᠢᠭ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠤᠯᠤᠰ ᠤᠨ ᠰᠤᠷᠤᠯᠭ᠎ᠠ ᠶᠢᠨ ᠲᠡᠳᠬᠦᠮᠵᠢ ᠶᠢᠨ ᠮᠥᠩᠭᠦ ᠲᠠᠷᠬᠠᠭᠠᠬᠤ ᠶᠣᠰᠣᠯᠠᠯ ᠶᠠᠪᠤᠭᠤᠯᠪᠠ᠃ ᠰᠤᠷᠤᠭᠴᠢᠳ ᠤᠨ ᠲᠥᠯᠥᠭᠡᠯᠡᠭᠴᠢᠳ ᠲᠠᠶᠢᠰᠠᠨ ᠳᠤ ᠭᠠᠷᠴᠤ ᠢᠷᠠᠭᠤ ᠠᠯᠳᠠᠷ ᠤᠨ ᠦᠨᠡᠮᠯᠡᠯ ᠪᠠ ᠰᠤᠷᠤᠯᠭ᠎ᠠ ᠶᠢᠨ ᠱᠠᠩᠨᠠᠯ ᠤᠨ ᠮᠥᠩᠭᠦ ᠠᠪᠤᠪᠠ᠃ ᠡᠭᠦᠨ ᠠᠴᠠ ᠭᠠᠳᠠᠨ᠎ᠠ᠂ ᠣᠶᠤᠲᠠᠳ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢ ᠭᠥᠷᠳᠡᠵᠦ ᠪᠠᠶᠢᠭ᠎ᠠ ᠲᠡᠭᠦᠰᠦᠭᠰᠡᠳ ᠢ ᠵᠣᠭᠤᠰ ᠢᠶᠠᠷ ᠲᠤᠰᠠᠯᠠᠬᠤ ᠲᠥᠪ ᠲᠤ ᠬᠡᠮᠡᠷᠯᠢᠭ ᠲᠤᠭ ᠪᠡᠯᠡᠭᠯᠡᠵᠦ᠂ ᠤᠯᠤᠰ ᠪᠠ ᠰᠤᠷᠭᠠᠭᠤᠯᠢ ᠶᠢᠨ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠰᠡᠳᠬᠢᠯᠭᠡ ᠪᠠᠨ ᠢᠯᠡᠳᠬᠡᠵᠡᠢ᠃
    ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠬᠦᠷᠲᠡᠭᠴᠢ ᠵᠠᠩ ᠬᠤᠩ ᠶᠠᠩ ᠱᠠᠩᠨᠠᠯ ᠣᠯᠣᠭᠰᠠᠨ ᠤ ᠳᠠᠷᠠᠭ᠎ᠠ᠄ ︽ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠨᠠᠳᠠ ᠳᠤ ᠠᠪᠴᠤ ᠬᠡᠯᠡᠪᠡᠯ ᠢᠷᠠᠭᠤ ᠠᠯᠳᠠᠷ ᠮᠦᠨᠴᠦ ᠱᠠᠭᠠᠷᠳᠠᠯᠭ᠎ᠠ ᠪᠣᠯᠣᠨ᠎ᠠ᠃ ᠢᠷᠡᠭᠡᠳᠦᠢ ᠳᠤ ᠪᠢ ᠦᠷᠭᠦᠯᠵᠢᠯᠡᠨ ᠴᠢᠷᠮᠠᠶᠢᠵᠤ᠂ ᠨᠡᠶᠢᠭᠡᠮ ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠦ᠂ ᠤᠯᠤᠰ ᠣᠷᠣᠨ ᠤ ᠵᠥᠪᠰᠢᠶᠡᠷᠡᠯ ᠪᠠ ᠵᠣᠷᠢᠭᠵᠢᠭᠤᠯᠤᠯ ᠳᠤ  ᠲᠠᠯᠠᠷᠬᠠᠨ᠎ᠠ︾  ᠭᠡᠵᠡᠢ᠃           ︽ᠰᠤᠷᠤᠭᠴᠢ ᠶᠢ ᠵᠣᠭᠤᠰ ᠢᠶᠠᠷ ᠲᠤᠰᠠᠯᠠᠬᠤ ᠪᠣᠯ ᠰᠤᠷᠭᠠᠨ ᠬᠥᠮᠦᠵᠢᠯ ᠢᠶᠠᠷ ᠠᠷᠠᠳ ᠲᠤ ᠠᠰᠢᠭ ᠬᠦᠷᠲᠡᠭᠡᠬᠦ ᠨᠢᠭᠡ ᠵᠦᠢᠯ ᠤᠨ ᠢᠨᠵᠧᠨᠧᠷᠢᠩ᠂ ᠰᠤᠷᠭᠠᠨ ᠬᠥᠮᠦᠵᠢᠯ ᠤᠨ ᠡᠷᠬᠡ ᠲᠡᠭᠰᠢ ᠪᠠ ᠨᠡᠶᠢᠭᠡᠮ ᠤᠨ ᠡᠷᠬᠡ ᠲᠡᠭᠰᠢ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠱᠠᠲᠤᠨ ᠤ ᠡᠯ᠎ᠡ ᠲᠥᠷᠥᠯ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠲᠦᠭ ᠲᠦᠮᠡᠨ ᠠᠶᠢᠯ ᠡᠷᠦᠬᠡ ᠳᠤ ᠠᠰᠢᠭ ᠬᠦᠷᠲᠡᠭᠡᠬᠦ ᠶᠢ ᠪᠠᠲᠤᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ︿ᠨᠢᠭᠡ ᠰᠤᠷᠤᠭᠴᠢ ᠶᠢ ᠭᠡᠷ ᠪᠦᠯᠢ ᠶᠢᠨ ᠠᠵᠤ ᠠᠬᠤᠢ ᠬᠦᠴᠢᠷᠳᠡᠯᠲᠡᠢ ᠠᠴᠠ ᠪᠣᠯᠵᠤ ᠰᠤᠷᠤᠯᠭ᠎ᠠ ᠠᠯᠳᠠᠭᠤᠯᠬᠤ ᠦᠭᠡᠢ﹀ ᠪᠠᠷ ᠬᠠᠷᠠᠯᠲᠠ ᠪᠣᠯᠭᠠᠵᠤ᠂ ᠪᠠᠯᠭᠠᠰᠤ ︵ᠵᠡᠭᠡᠯᠢ ᠭᠤᠳᠤᠮᠵᠢ︶᠂ ᠠᠷᠠᠳ ᠤᠨ ᠶᠠᠪᠤᠳᠠᠯ᠂ ᠶᠠᠳᠠᠭᠤ ᠶᠢ ᠲᠡᠳᠬᠦᠬᠦ᠂ ᠵᠡᠮᠳᠡᠭᠴᠦᠳ ᠤᠨ ᠬᠤᠯᠪᠣᠭ᠎ᠠ᠂ ᠰᠤᠷᠭᠠᠭᠤᠯᠢ ᠵᠡᠷᠭᠡ ᠭᠠᠵᠠᠷ ᠣᠷᠣᠨ ᠪᠠ ᠰᠠᠯᠠᠭ᠎ᠠ ᠮᠥᠴᠢᠷ ᠢᠶᠠᠷ ᠳᠠᠮᠵᠢᠭᠤᠯᠤᠨ᠂ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠪᠥᠬᠦ ᠲᠠᠯ᠎ᠠ ᠪᠠᠷ ᠥᠷᠭᠡᠳᠬᠡᠵᠦ᠂ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠮᠡᠳᠡᠬᠦ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠲᠤᠰᠠᠯᠠᠮᠵᠢ ᠶᠢᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠵᠤ᠂ ᠰᠠᠶᠢᠬᠠᠨ ᠲᠣᠭᠤᠷᠢᠭ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠤᠨ ︿ᠲᠤᠰᠠᠯᠠᠪᠠᠰᠤ ᠵᠣᠬᠢᠬᠤ ᠶᠢ ᠨᠢ ᠪᠦᠬᠦᠨ ᠢ ᠲᠤᠰᠠᠯᠠᠬᠤ﹀ ᠶᠢ ᠦᠨᠡᠨᠬᠦ ᠪᠠᠲᠤᠯᠠᠪᠠ︾ ᠭᠡᠵᠦ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ ᠭᠦᠸᠧ ᠶᠦᠩ ᠭᠠᠩ ᠰᠤᠷᠪᠤᠯᠵᠢᠯᠠᠭᠴᠢ ᠳᠤ ᠬᠡᠯᠡᠪᠡ᠃         ᠣᠶᠢᠯᠠᠭᠠᠭᠰᠠᠨ ᠢᠶᠠᠷ᠂ 2023 ᠣᠨ ᠳᠤ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠵᠢᠴᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠤᠯᠤᠰ ᠤᠨ ᠡᠯ᠎ᠡ ᠱᠠᠲᠤᠨ ᠤ ᠡᠯ᠎ᠡ ᠲᠥᠷᠥᠯ ᠤᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠡᠢ ᠰᠤᠷᠤᠭᠴᠢᠳ ᠲᠤ ᠨᠡᠶᠢᠲᠡ 2300 ᠭᠠᠷᠤᠢ ᠲᠦᠮᠡᠨ ᠲᠥᠭᠦᠷᠢᠭ ᠤᠨ ᠨᠥᠬᠦᠪᠦᠷᠢ ᠪᠡᠯᠡ ᠮᠥᠩᠭᠦ ᠨᠠᠶᠢᠳᠠᠪᠤᠷᠢᠵᠢᠭᠤᠯᠵᠤ᠂ ᠰᠤᠷᠤᠭᠴᠢᠳ ᠢ 3.1 ᠲᠦᠮᠡᠨ ᠬᠥᠮᠥᠨ ᠤᠳᠠᠭ᠎ᠠ ᠳᠤ ᠬᠦᠷᠲᠡᠭᠡᠪᠡ᠃ ᠡᠭᠦᠨ ᠠᠴᠠ ᠭᠠᠳᠠᠨ᠎ᠠ᠂ ᠣᠶᠤᠲᠠᠳ ᠤᠨ ᠰᠤᠷᠤᠯᠭ᠎ᠠ ᠳᠤ ᠲᠡᠳᠬᠦᠬᠦ ᠵᠢᠭᠡᠯᠡᠯᠭᠡ ᠶᠢ 1500 ᠭᠠᠷᠤᠢ ᠲᠦᠮᠡᠨ ᠲᠥᠭᠦᠷᠢᠭ ᠲᠠᠯᠪᠢᠵᠤ᠂ ᠵᠢᠭᠡᠯᠡᠯᠭᠡ ᠵᠢᠭᠡᠯᠡᠭᠰᠡᠨ ᠰᠤᠷᠤᠭᠴᠢ 1600 ᠬᠥᠮᠥᠨ ᠠᠴᠠ ᠳᠠᠪᠠᠪᠠ᠃ ᠡᠭᠦᠨ ᠤ ᠬᠠᠮᠲᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠭᠡᠷ ᠪᠦᠯᠢ᠂ ᠥᠨᠥᠴᠢᠨ ᠬᠡᠦᠬᠡᠳ ᠨᠢ ᠬᠦᠴᠢᠷᠳᠡᠯᠲᠡᠢ ᠣᠶᠤᠲᠠᠨ ᠪᠠ ᠬᠥᠬᠡᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢᠨ ᠠᠵᠤ ᠠᠬᠤᠢ  ᠨᠢ ᠬᠦᠴᠢᠷᠳᠡᠯᠲᠡᠢ ᠣᠶᠤᠲᠠᠳ ᠲᠤ ᠴᠢᠭᠯᠡᠭᠦᠯᠦᠨ᠂ 206 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠲᠠᠷᠬᠠᠭᠠᠪᠠ᠃ ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠣᠷᠣᠭᠴᠢ ᠪᠠ ᠭᠡᠷ ᠤᠨ ᠠᠬᠠᠮᠠᠳ ᠲᠤ ᠰᠣᠷᠣᠭᠴᠢ ᠶᠢᠨ ᠲᠤᠰᠠᠯᠠᠮᠵᠢ ᠶᠢᠨ ᠮᠥᠩᠭᠦ ᠪᠠ ᠰᠣᠷᠣᠭᠴᠢ ᠶᠢᠨ ᠢᠷᠡᠯᠲᠡ ᠶᠢᠨ ᠭᠠᠵᠠᠷ ᠤᠨ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ ᠶᠢᠨ ᠨᠠᠷᠢᠨ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠨᠠᠷᠢᠨ ᠨᠢᠮᠪᠠᠢ ᠬᠠᠩᠭᠠᠵᠤ᠂ ᠠᠵᠤ ᠠᠬᠤᠢ ᠨᠢ ᠬᠦᠴᠢᠷᠳᠡᠯᠲᠡᠢ ᠰᠣᠷᠣᠭᠴᠢ ᠨᠢᠭᠡᠪᠦᠷᠢ ᠳᠤ ᠰᠤᠷᠭᠠᠨ ᠬᠥᠮᠦᠵᠢᠯ ᠤᠨ ᠭᠤᠣᠯᠴᠢ ᠪᠠᠷ ᠠᠰᠢᠭ ᠬᠦᠷᠲᠡᠭᠡᠬᠦ ᠶᠢ ᠦᠨᠡᠨ ᠬᠦ ᠪᠠᠲᠤᠯᠠᠵᠤ᠂ ᠬᠦᠴᠢᠷᠳᠡᠯᠲᠡᠢ ᠭᠡᠷ ᠪᠦᠯᠢ ᠶᠢᠨ ᠰᠤᠷᠤᠭᠴᠢᠳ ᠤᠨ ᠬᠤᠶᠢᠰᠢᠳᠠ ᠶᠢᠨ ᠵᠣᠪᠠᠨᠢᠯ ᠢ ᠠᠷᠢᠯᠭᠠᠵᠤ᠂ ᠰᠤᠷᠤᠭᠴᠢᠳ ᠤᠨ ᠶᠡᠭᠡ ᠰᠤᠷᠭᠠᠭᠤᠯᠢ ᠶᠢᠨ ᠬᠦᠰᠡᠯ ᠵᠡᠭᠦᠳᠦ ᠪᠠᠨ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号