ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠤᠬᠠᠶᠢᠯᠠᠭᠰᠠᠨ ᠠᠵᠢᠯ ᠢᠶᠠᠨ ᠳᠠᠭᠠᠨ ᠰᠢᠮᠳᠠᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠪᠠᠶᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2024/6/19
     ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠷᠠᠳ ᠤᠨ ᠡᠶᠡᠳᠡᠭᠦᠯᠭᠡ ᠶᠢᠨ ᠵᠥᠷᠢᠴᠡᠯ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠳᠤᠮᠳᠠᠬᠢ ᠰᠠᠭᠤᠷᠢᠯᠠᠬᠤ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠵᠤ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠵᠠᠭᠪᠤᠷ ᠢ ᠢᠳᠡᠪᠬᠢᠲᠡᠢ ᠰᠢᠨᠡᠴᠢᠯᠡᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ︽ᠤᠷᠢᠳᠴᠢᠯᠠᠨ ᠡᠶᠡᠳᠡᠭᠦᠯᠬᠦ ᠣᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ︾  ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠬᠠᠮᠲᠤᠷᠠᠭᠰᠠᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠪᠦᠲᠦᠮᠵᠢᠲᠡᠶ ᠬᠠᠮᠠᠭᠠᠯᠠᠵᠤ᠂ ᠰᠠᠶᠢᠬᠠᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ᠃
      ᠣᠶᠢᠯᠠᠭᠠᠭᠰᠠᠨ ᠢᠶᠠᠷ᠂ ᠵᠣᠣ ᠤᠳᠠ ᠡᠮᠦᠨ᠎ᠡ ᠵᠠᠮ ᠤᠨ ᠬᠠᠤᠯᠢ ᠴᠠᠭᠠᠵᠠ ᠶᠢᠨ ᠭᠠᠵᠠᠷ ᠬᠢᠭᠡᠳ ᠬᠠᠷᠢᠶ᠎ᠠ ᠭᠠᠵᠠᠷ ᠤᠨ ᠶᠡᠷᠦᠩᠬᠡᠶᠢᠯᠡᠨ ᠵᠠᠰᠠᠬᠤ ᠠᠯᠪᠠᠨ ᠭᠡᠷ᠂ ᠲᠣᠮᠢᠯᠠᠭᠰᠠᠨ ᠰᠠᠯᠪᠤᠷᠢ᠂ ᠭᠠᠯ ᠤᠨᠲᠠᠷᠠᠭᠠᠬᠤ ᠵᠡᠷᠭᠡ ᠰᠠᠯᠠᠭ᠎ᠠ ᠮᠥᠴᠢᠷ ᠤᠳ ᠨᠢᠭᠲᠠ ᠬᠠᠮᠲᠤᠷᠠᠯᠴᠠᠵᠤ᠂ ᠭᠠᠯ ᠤᠨ ᠭᠠᠮᠰᠢᠭ ᠤᠨ ᠠᠰᠠᠭᠤᠳᠠᠯ ᠠᠴᠠ ᠪᠣᠯᠤᠭᠰᠠᠨ ᠨᠢᠭᠡ ᠤᠳᠠᠭᠠᠨ ᠤ ᠬᠤᠬᠢᠷᠠᠯ ᠢ ᠲᠥᠯᠥᠬᠦ ᠵᠢᠭᠤᠷᠠᠯᠳᠤᠭᠠᠨ ᠤ ᠬᠡᠷᠡᠭ ᠢ ᠠᠮᠵᠢᠯᠲᠠ ᠲᠠᠢ ᠡᠶᠡᠳᠡᠭᠦᠯᠵᠡᠢ᠃ ᠡᠶᠡᠳᠡᠭᠦᠯᠬᠦ ᠶᠠᠪᠤᠴᠠ ᠳᠤ᠂ ᠵᠤᠤ ᠤᠳᠠ ᠡᠮᠦᠨ᠎ᠡ ᠵᠠᠮ ᠤᠨ ᠬᠠᠤᠯᠢ ᠴᠠᠭᠠᠵᠠ ᠶᠢᠨ ᠰᠠᠯᠪᠤᠷᠢ ᠨᠢ ᠢᠮᠠᠭᠲᠠ ᠬᠤᠶᠠᠷ ᠭᠠᠵᠠᠷ ᠬᠤᠯᠪᠤᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠲᠤᠤᠱᠯᠠᠭᠤᠯᠵᠤ᠂ ᠲᠣᠮᠢᠯᠠᠭᠰᠠᠨ ᠰᠠᠯᠪᠤᠷᠢ ᠪᠣᠯᠣᠨ ᠭᠠᠯ ᠤᠨᠲᠠᠷᠠᠭᠠᠬᠤ ᠰᠠᠯᠠᠭ᠎ᠠ ᠮᠥᠴᠢᠷ ᠲᠠᠢ ᠭᠠᠯ ᠤᠨ ᠭᠠᠮᠰᠢᠭ ᠤᠨ ᠪᠣᠳᠠᠲᠠᠢ ᠪᠠᠶᠢᠳᠠᠯ ᠢ ᠭᠦᠨᠵᠡᠭᠡᠢ ᠣᠶᠢᠯᠠᠭᠠᠵᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ᠂ ᠬᠤᠶᠠᠷ ᠲᠠᠯ᠎ᠠ ᠶᠢᠨ ᠲᠤᠬᠠᠢ ᠶᠢᠨ ᠬᠥᠮᠥᠨ ᠲᠠᠢ ᠭᠦᠢᠴᠡᠳ ᠨᠡᠪᠲᠡᠷᠡᠯᠴᠡᠨ ᠵᠥᠪᠳᠡᠯᠴᠡᠪᠡ᠃ ᠡᠴᠦᠰ ᠲᠤ᠂ ᠬᠤᠶᠠᠷ ᠲᠠᠯ᠎ᠠ ᠪᠠᠷ ᠢᠶᠠᠨ ᠭᠠᠯ ᠤᠨ ᠠᠶᠤᠯ ᠤᠨ ᠬᠠᠷᠢᠭᠤᠴᠠᠯᠭ᠎ᠠ ᠶᠢᠨ ᠲᠤᠬᠠᠢ ᠲᠥᠯᠥᠪᠦᠷᠢ ᠶᠢᠨ ᠬᠡᠯᠡᠯᠴᠡᠭᠡᠷ ᠲᠣᠭᠲᠠᠭᠠᠭᠰᠠᠨ ᠪᠥᠭᠡᠳ ᠬᠠᠤᠯᠢ ᠴᠠᠭᠠᠵᠠ ᠶᠢᠨ ᠭᠠᠵᠠᠷ ᠠᠴᠠ ᠠᠷᠠᠳ ᠤᠨ ᠡᠶᠡᠳᠡᠭᠦᠯᠭᠡ ᠶᠢᠨ ᠬᠡᠯᠡᠯᠴᠡᠭᠡᠷ ᠤᠨ ᠪᠢᠴᠢᠭ ᠭᠠᠷᠭᠠᠵᠠᠢ᠃ ᠭᠠᠯ ᠤᠨ ᠭᠠᠮᠰᠢᠭ ᠤᠨ ᠠᠳᠡᠯ ᠳᠠᠬᠢᠨ ᠡᠭᠦᠰᠬᠦ ᠠᠴᠠ ᠵᠠᠶᠢᠯᠠᠰᠬᠢᠬᠦ ᠶᠢᠨ ᠲᠥᠯᠥᠭᠡ᠂ ᠵᠣᠣ ᠤᠳᠠ ᠡᠮᠦᠨ᠎ᠡ ᠵᠠᠮ ᠤᠨ ᠬᠠᠤᠯᠢ ᠴᠠᠭᠠᠵᠠ ᠶᠢᠨ ᠭᠠᠵᠠᠷ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾ ᠶᠢ ᠥᠷᠭᠡᠨ ᠢᠶᠠᠷ ᠤᠬᠠᠭᠤᠯᠵᠤ᠂ ᠰᠠᠭᠤᠭᠠᠯᠢ ᠠᠷᠠᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠤᠯᠢ ᠪᠠᠷ ᠵᠠᠰᠠᠬᠤ ᠦᠵᠡᠯᠲᠡ ᠪᠠ ᠰᠡᠷᠭᠡᠶᠢᠯᠡᠬᠦ ᠤᠬᠠᠮᠰᠠᠷ ᠢ ᠴᠢᠩᠭᠠᠳᠬᠠᠪᠠ᠃
     ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠳᠥᠷᠪᠡᠨ ᠭᠠᠵᠠᠷ ᠨᠢᠭᠡ ᠲᠢᠩᠬᠢᠮ︾ ᠤᠨ ᠠᠵᠢᠯ ᠤᠨ ᠥᠷᠲᠡᠭᠡ ᠶᠢᠨ ᠠᠵᠢᠯ ᠤᠨ ᠲᠣᠭᠲᠠᠴᠠ ᠶᠢ ᠴᠢᠩᠭᠠᠷᠠᠭᠤᠯᠤᠨ᠂ ᠲᠣᠮᠢᠯᠠᠭᠰᠠᠨ ᠰᠠᠯᠪᠤᠷᠢ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ᠂ ᠦᠨᠳᠦᠰᠦᠨ ᠱᠠᠲᠤᠨ ᠤ ᠬᠠᠤᠯᠢ ᠴᠠᠭᠠᠵᠠ ᠶᠢᠨ ᠦᠢᠯᠡᠴᠢᠯᠡᠭᠡᠨ ᠤ ᠭᠠᠵᠠᠷ ᠪᠠ ᠠᠷᠠᠳ ᠤᠨ ᠰᠢᠭᠦᠬᠦ ᠲᠢᠩᠬᠢᠮ ᠲᠠᠢ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠪᠠᠷ ᠳᠠᠮᠵᠢᠭᠤᠯᠤᠨ᠂ ᠨᠡᠶᠢᠳᠡᠮ ᠵᠢᠭᠰᠠᠭᠠᠨ ᠪᠠᠶᠢᠴᠠᠭᠠᠬᠤ ᠪᠠ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠬᠤ᠂ ᠡᠳᠦᠷ ᠲᠤᠲᠤᠮ ᠤᠨ ᠵᠢᠭᠰᠠᠭᠠᠨ ᠪᠠᠶᠢᠴᠠᠭᠠᠬᠤ ᠪᠠ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ ᠵᠢᠭᠰᠠᠭᠠᠨ ᠪᠠᠶᠢᠴᠠᠭᠠᠬᠤ ᠠᠵᠢᠯ ᠢ ᠨᠢᠭᠡ ᠵᠦᠢᠯ ᠤᠨ ᠰᠠᠭᠤᠷᠢ ᠴᠢᠨᠠᠷᠲᠠᠢ᠂ ᠪᠠᠶᠢᠩᠭᠤᠵᠢᠭᠤᠯᠤᠭᠰᠠᠨ ᠡᠭᠦᠷᠭᠡ ᠪᠣᠯᠭᠠᠨ ᠬᠡᠷᠡᠭᠵᠢᠭᠦᠯᠦᠨ᠎ᠡ᠃ ︽ᠪᠠᠭ᠎ᠠ ᠶᠠᠪᠤᠳᠠᠯ ᠢ ᠨᠡᠶᠢᠭᠡᠮ ᠲᠣᠭᠤᠷᠢᠭ ᠠᠴᠠ ᠭᠠᠷᠭᠠᠬᠤ ᠦᠭᠡᠢ᠂ ᠶᠡᠭᠡ ᠶᠠᠪᠤᠳᠠᠯ ᠢ ᠵᠡᠭᠡᠯᠢ ᠭᠤᠳᠤᠮᠵᠢ ᠠᠴᠠ ᠭᠠᠷᠭᠠᠬᠤ ᠦᠭᠡᠢ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ︾ ᠪᠠᠶᠢᠬᠤ ᠶᠢ ᠦᠨᠡᠨᠬᠦ ᠪᠠᠲᠤᠯᠠᠵᠤ᠂ ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠬᠠᠤᠯᠢ ᠪᠠᠷ ᠵᠠᠰᠠᠬᠤ ᠬᠦᠴᠦᠨ ᠴᠢᠳᠠᠯ ᠢᠶᠠᠨ ᠡᠷᠭᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号