2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠵᠤᠨ ᠤ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠵᠤ ᠡᠯᠰᠡᠬᠦ ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/6/19
     ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠶᠡᠭᠡ ᠰᠤᠷᠭᠠᠭᠤᠯᠢ ᠠᠴᠠ ᠳᠠᠭᠠᠭᠠᠴᠢᠯᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠵᠣᠨ ᠤ ᠤᠯᠠᠷᠢᠯ ᠤᠨ ᠰᠤᠷᠭᠠᠭᠤᠯᠢ ᠶᠢᠨ ᠬᠦᠷᠢᠶᠡᠨ ᠤ ᠠᠵᠢᠯᠲᠠᠨ ᠤᠷᠢᠵᠤ ᠡᠯᠰᠡᠬᠦ ᠴᠤᠭᠯᠠᠭᠠᠨ ᠥᠪᠥᠷ ᠮᠣᠩᠭᠤᠯ ᠤᠨ ᠶᠡᠭᠡ ᠰᠤᠷᠭᠠᠭᠤᠯᠢ ᠳᠤ ᠶᠠᠪᠤᠭᠳᠠᠪᠠ᠃      ᠲᠣᠰ ᠤᠳᠠᠭ᠎ᠠ ᠶᠢᠨ ᠠᠵᠢᠯᠲᠠᠨ ᠤᠷᠢᠵᠤ ᠡᠯᠰᠡᠬᠦ ᠴᠤᠭᠯᠠᠭᠠᠨ ᠳᠤ ᠨᠡᠶᠢᠲᠡ 69 ᠮᠤᠵᠢ ᠶᠢᠨ ᠳᠣᠲᠣᠨ᠎ᠠ ᠭᠠᠳᠠᠨᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠣᠷᠣᠯᠴᠠᠵᠤ᠂ 268 ᠠᠵᠢᠯ ᠤᠨ ᠪᠠᠶᠢᠷᠢ ᠬᠠᠩᠭᠠᠵᠤ᠂ ᠠᠮᠢᠳᠤ ᠪᠣᠳᠠᠰ ᠤᠨ ᠡᠮ ᠡᠮᠨᠡᠯᠭᠡ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠣᠶᠤᠨᠲᠤ ᠦᠢᠯᠡᠳᠬᠡᠯ᠂ ᠮᠧᠬᠠᠨᠢᠭ ᠦᠢᠯᠡᠳᠬᠡᠯ᠂ ᠵᠥᠭᠡᠯᠡᠨ ᠬᠠᠲᠠᠭᠤ ᠲᠣᠨᠤᠭ ᠤᠨ ᠵᠢᠷᠤᠭ ᠲᠥᠯᠥᠪᠯᠡᠭᠡ᠂ ᠰᠢᠨ᠎ᠡ ᠡᠨᠧᠷᠭᠢ ᠶᠢᠨ ᠰᠤᠷᠪᠤᠯᠵᠢ ᠵᠡᠷᠭᠡ 10 ᠭᠠᠷᠤᠢ ᠠᠵᠢᠯ ᠲᠥᠷᠥᠯ ᠢ ᠬᠠᠮᠤᠷᠴᠤ᠂ 1932 ᠬᠥᠮᠥᠨ ᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂  ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠣᠯᠠᠨ ᠡᠰᠢᠴᠢᠯᠡᠭᠰᠡᠨ ᠠᠵᠢᠯ ᠣᠯᠭᠤᠯᠲᠠ ᠶᠢᠨ ᠰᠣᠩᠭᠤᠯᠲᠠ ᠬᠠᠩᠭᠠᠭᠰᠠᠨ ᠪᠠᠶᠢᠨ᠎ᠠ᠃      ᠲᠣᠰ ᠤᠳᠠᠭ᠎ᠠ ᠶᠢᠨ  ᠠᠵᠢᠯᠲᠠᠨ ᠤᠷᠢᠵᠤ ᠡᠯᠰᠡᠬᠦ ᠴᠤᠭᠯᠠᠭᠠᠨ ᠳᠤ ᠨᠡᠶᠢᠲᠡ 500 ᠭᠠᠷᠤᠢ ᠲᠡᠭᠦᠰᠬᠦ ᠣᠶᠤᠲᠠᠳ ᠣᠷᠣᠯᠴᠠᠵᠤ᠂ ᠲᠤᠬᠠᠢ ᠶᠢᠨ ᠲᠠᠯᠠᠪᠤᠷ ᠲᠤ ᠨᠡᠶᠢᠳᠡ 675 ᠬᠤᠪᠢ ᠲᠣᠪᠴᠢ ᠨᠠᠮᠲᠠᠷ ᠳᠡᠪᠰᠢᠭᠦᠯᠵᠦ᠂ 102 ᠬᠥᠮᠥᠨ ᠠᠩᠬ᠎ᠠ ᠠᠯᠬᠤᠮ ᠤᠨ ᠠᠵᠢᠯ ᠣᠯᠭᠤᠯᠲᠠ ᠶᠢᠨ ᠰᠠᠨᠠᠮᠵᠢ ᠲᠣᠭᠲᠠᠭᠰᠠᠨ ᠪᠠᠶᠢᠨ᠎ᠠ᠃ ᠤᠷᠢᠵᠤ ᠡᠯᠰᠡᠬᠦ ᠴᠤᠭᠯᠠᠭᠠᠨ ᠳᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠥᠷᠲᠡᠭᠡ ᠲᠣᠬᠢᠷᠠᠭᠤᠯᠵᠤ᠂ ᠲᠡᠭᠦᠰᠬᠦ ᠣᠶᠤᠲᠠᠳ ᠲᠤ ᠲᠥᠷᠥ ᠶᠢᠨ ᠪᠣᠳᠣᠯᠭ᠎ᠠ ᠶᠢᠨ ᠵᠥᠪᠯᠡᠯᠭᠡ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠪᠠ ᠠᠵᠢᠯ ᠣᠯᠭᠤᠯᠲᠠ ᠶᠢᠨ ᠵᠥᠪᠯᠡᠯᠭᠡ ᠵᠡᠷᠭᠡ ᠦᠢᠯᠡᠴᠢᠯᠡᠭᠡ ᠬᠠᠩᠭᠠᠪᠠ᠃      ᠠᠵᠢᠯᠲᠠᠨ ᠤᠷᠢᠵᠤ ᠡᠯᠰᠡᠬᠦ ᠴᠤᠭᠯᠠᠭᠠᠨ ᠨᠢ  ᠲᠡᠭᠦᠰᠬᠦ ᠣᠶᠤᠲᠠᠳ ᠪᠣᠯᠣᠨ ᠬᠥᠮᠥᠨ ᠬᠡᠷᠡᠭᠯᠡᠬᠦ ᠨᠢᠭᠡᠴᠢ ᠶᠢᠨ ᠬᠠᠩᠭᠠᠯᠭ᠎ᠠ ᠬᠡᠷᠡᠭᠴᠡᠭᠡ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠬᠤ ᠲᠠᠪᠴᠠᠩ ᠢ ᠪᠠᠶᠢᠭᠤᠯᠤᠨ ᠥᠭᠴᠦ᠂ ᠲᠡᠭᠦᠰᠬᠦ ᠰᠣᠷᠣᠬᠴᠢᠳ ᠤᠨ ᠨᠠᠩ ᠭᠦᠢᠴᠡᠳ ᠨᠠᠩ ᠴᠢᠨᠠᠷ ᠰᠠᠶᠢᠲᠠᠢ ᠠᠵᠢᠯ ᠣᠯᠬᠤ ᠶᠢ ᠠᠬᠢᠭᠤᠯᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号