︽ᠳᠡᠭᠦᠯᠢᠭᠡᠷᠡᠢ︕ ᠪᠠᠭᠠᠴᠤᠳ ᠮᠢᠨᠢ︾ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠡᠬᠢᠯᠡᠯ᠎ᠡ
ᠨᠡᠶᠢᠲᠡᠯᠡᠭᠰᠡᠨ ᠴᠠᠭ᠄
2024/6/19
     ᠣᠶᠢᠷ᠎ᠠ ᠳᠤ᠂ 2024 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠳᠡᠭᠦᠯᠢᠭᠡᠷᠡᠢ︕ᠪᠠᠭᠠᠴᠤᠳ ᠮᠢᠨᠢ︾ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠭᠦᠭᠡᠬᠤᠲᠠ ᠳᠤ ᠦᠪᠡᠳᠡᠭᠰᠢ ᠶᠡᠭᠡ ᠪᠠᠷ ᠡᠬᠢᠯᠡᠪᠡ᠃ ᠠᠵᠢᠯᠯᠠᠭ᠎ᠠ ᠶᠢᠨ ᠠᠬᠤᠢ ᠲᠠᠯᠠᠪᠠᠢ ᠳᠤ᠂ ᠠᠳᠠᠯᠢ ᠪᠤᠰᠤ ᠭᠠᠵᠠᠷ ᠣᠷᠣᠨ ᠤ᠂ ᠠᠳᠠᠯᠢ ᠪᠤᠰᠤ ᠨᠠᠰᠤᠨ ᠤ ᠬᠡᠦᠬᠡᠳ ᠵᠠᠯᠠᠭᠤᠴᠤᠳ ᠪᠠᠭᠠᠴᠤᠳ ᠥᠪᠡᠷᠮᠢᠴᠡ ᠣᠨᠴᠠᠯᠢᠭ ᠲᠠᠢ ᠲᠣᠬᠯᠠᠯᠲᠠ  ᠪᠠᠷ ᠢᠶᠠᠨ ᠲᠤᠬᠠᠢ ᠶᠢᠨ ᠲᠠᠯᠠᠪᠠᠢ ᠶᠢᠨ ᠦᠵᠡᠭᠴᠢᠳ ᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠮᠡᠳᠡᠷᠡᠭᠦᠯᠪᠡ᠃      ᠣᠶᠢᠯᠠᠭᠠᠭᠰᠠᠨ ᠢᠶᠠᠷ᠂ ︽ᠳᠡᠭᠦᠯᠢᠭᠡᠷᠡᠢ︕ ᠪᠠᠭᠠᠴᠤᠳ ᠮᠢᠨᠢ︾ ᠵᠠᠯᠠᠭᠤᠴᠤᠳ ᠪᠠᠭᠠᠴᠤᠳ ᠤᠨ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ 2023 ᠣᠨ ᠠᠴᠠ ᠨᠠᠭᠠᠰᠢ ᠪᠦᠭᠦ ᠣᠷᠣᠨ ᠤ 12 ᠠᠶᠢᠮᠠᠭ ᠬᠤᠲᠠ ᠪᠣᠯᠣᠨ 103 ᠬᠤᠰᠢᠭᠤ ᠰᠢᠶᠠᠨ ᠲᠣᠭᠤᠷᠢᠭ ᠢ ᠬᠠᠮᠤᠷᠴᠤ᠂ 2038 ᠲᠠᠯᠠᠪᠤᠷ ᠠᠵᠢᠯᠯᠠᠭ᠎ᠠ ᠥᠷᠨᠢᠭᠦᠯᠵᠦ᠂ ᠨᠡᠶᠢᠲᠡ 214 ᠲᠦᠮᠡ ᠭᠠᠷᠤᠢ ᠬᠡᠦᠬᠡᠳ ᠵᠠᠯᠠᠭᠤᠴᠤᠳ ᠪᠠᠭᠠᠴᠤᠳ ᠢ ᠳᠠᠶᠢᠴᠢᠯᠠᠨ ᠣᠷᠣᠯᠴᠠᠭᠤᠯᠤᠭᠰᠠᠨ ᠪᠠᠶᠢᠨ᠎ᠠ᠃ ᠡᠨᠡ ᠵᠢᠯ ᠤᠨ ᠪᠦᠭᠦ ᠣᠷᠣᠨ ᠤ ︽ᠳᠡᠭᠦᠯᠢᠭᠡᠷᠡᠢ︕ᠪᠠᠭᠠᠴᠤᠳ ᠮᠢᠨᠢ︾ ᠭᠤᠣᠯ ᠰᠡᠳᠦᠪᠲᠦ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ  ᠪᠠᠷ ᠭᠤᠣᠯ ᠰᠢᠵᠢᠮ ᠪᠤᠯᠭᠠᠵᠤ᠂ ᠭᠡᠷ ᠪᠦᠯᠢ᠂ ᠰᠤᠷᠭᠠᠭᠤᠯᠢ᠂ ᠴᠡᠴᠡᠷᠯᠢᠭ᠂ ᠨᠡᠶᠢᠭᠡᠮ ᠲᠣᠭᠤᠷᠢᠭ᠂ ᠬᠤᠳᠠᠯᠳᠤᠭᠠᠨ ᠤ ᠲᠣᠭᠤᠷᠢᠭ᠂ ᠬᠥᠳᠡᠭᠡ ᠲᠤᠰᠬᠤᠨ᠂ ᠦᠵᠡᠮᠵᠢ ᠶᠢᠨ ᠣᠷᠣᠨ ︽ᠳᠤᠯᠤᠭ᠎ᠠ ᠳᠤ ᠤᠷᠤᠭᠤᠯᠬᠤ︾ ᠲᠠᠢ ᠤᠶᠠᠯᠳᠤᠭᠤᠯᠤᠨ᠂ ᠲᠠᠮᠢᠷ ᠤᠨ ᠬᠥᠳᠡᠯᠭᠡᠭᠡᠨ ᠢ ᠪᠡᠶᠡᠴᠢᠯᠡᠨ ᠣᠶᠢᠯᠠᠭᠠᠬᠤ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠲᠥᠷᠥᠯ ᠵᠦᠢᠯ ᠤᠨ ᠦᠵᠡᠭᠦᠯᠭᠡ ᠡᠷᠭᠢᠯᠡᠭᠦ᠂ ᠪᠡᠶ᠎ᠡ ᠴᠢᠭᠢᠷᠠᠭᠵᠢᠭᠤᠯᠬᠤ ᠵᠢᠯᠣᠭᠤᠳᠤᠯᠭ᠎ᠠ ᠬᠢᠬᠦ᠂ ᠪᠡᠶ᠎ᠡ ᠶᠢᠨ ᠲᠠᠮᠢᠷ ᠤᠨ ᠪᠠᠭᠠᠵᠢ ᠬᠡᠷᠡᠭᠰᠡᠯ ᠬᠦᠷᠭᠡᠬᠦ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ᠂ ᠨᠡᠷᠡᠲᠦ ᠲᠠᠮᠢᠷᠴᠢᠳ ᠠᠴᠠ  ᠲᠠᠭᠠᠨ ᠰᠤᠷᠤᠯᠴᠠᠬᠤ ᠵᠡᠷᠭᠡ ᠠᠵᠢᠯᠯᠠᠭ᠎ᠠ ᠶᠢ ᠲᠣᠬᠢᠷᠠᠭᠤᠯᠬᠤ ᠶᠢᠨ ᠬᠠᠮᠲᠤ ᠪᠠᠰᠠ ᠲᠤᠭ ᠮᠠᠨᠳᠤᠭᠤᠯᠬᠤ ᠶᠣᠰᠣᠯᠠᠯ ᠶᠠᠪᠤᠭᠤᠯᠬᠤ᠂ ᠬᠤᠪᠢᠰᠬᠠᠯ ᠤᠨ ᠰᠠᠭᠤᠷᠢᠨ ᠢᠶᠠᠷ ᠲᠣᠭᠤᠷᠢᠨ ᠦᠵᠡᠬᠦ᠂ ᠭᠤᠣᠯ ᠰᠡᠳᠦᠪᠲᠦ ᠶᠠᠷᠢᠶ᠎ᠠ ᠢᠯᠡᠳᠬᠡᠯ ᠬᠢᠬᠦ᠂ ᠤᠯᠤᠰ ᠢᠶᠠᠨ ᠬᠠᠶᠢᠷᠠᠯᠠᠬᠤ ᠦᠵᠡᠯ ᠤᠨ ᠺᠢᠨᠣ᠋ ᠰᠣᠨᠢᠷᠬᠠᠬᠤ᠂ ᠪᠠᠭᠠᠲᠤᠷᠯᠢᠭ ᠦᠯᠢᠭᠡᠷ ᠶᠠᠷᠢᠬᠤ ᠵᠡᠷᠭᠡ ᠠᠯᠢ ᠤᠯᠠᠨ ᠠᠵᠢᠯᠯᠠᠭ᠎ᠠ ᠶᠢ ᠶᠠᠪᠤᠭᠳᠠᠭᠤᠯᠬᠤ ᠪᠣᠯᠣᠨ᠎ᠠ᠃ ᠡᠭᠦᠨ ᠠᠴᠠ ᠭᠠᠳᠠᠨ᠎ᠠ᠂ ᠪᠠᠰᠠ ᠪᠠᠭ᠎ᠠ ᠬᠡᠦᠬᠡᠳ ᠤᠨ ᠪᠡᠶ᠎ᠡ ᠶᠢᠨ ᠲᠠᠮᠢᠷ ᠤᠨ ᠤᠷᠤᠯᠳᠤᠭᠠᠨ᠂ ᠪᠠᠭᠠᠴᠤᠳ ᠤᠨ ᠺᠯᠦ᠋ᠪ ᠤᠨ ᠬᠤᠯᠪᠣᠭᠠᠲᠤ ᠤᠷᠤᠯᠳᠤᠭᠠᠨ᠂ ᠵᠤᠰᠠᠯᠠᠩ ᠤᠨ ᠠᠵᠢᠯᠯᠠᠭ᠎ᠠ᠂ ᠰᠤᠷᠭᠠᠭᠤᠯᠢ ᠶᠢᠨ ᠬᠤᠭᠤᠷᠣᠨᠳᠣᠭᠢ ᠤᠷᠤᠯᠳᠤᠭᠠᠨ᠂ ︽ᠵᠠᠭᠤᠨ ᠲᠦᠮᠡᠨ ᠵᠠᠯᠠᠭᠤᠴᠤᠳ ᠪᠠᠭᠠᠴᠤᠳ ᠤᠨ ᠵᠠᠭᠤᠨ ᠰᠢᠶᠠᠨ ᠤ ᠡᠷᠡᠭᠦᠯ ᠮᠡᠨᠳᠦ ᠶᠢᠨ ᠠᠶᠠᠯᠠᠯ︾ ᠵᠡᠷᠭᠡ ᠠᠵᠢᠯᠯᠠᠭ᠎ᠠ ᠶᠢ ᠶᠠᠪᠤᠭᠳᠠᠭᠤᠯᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号