ᠮᠠᠨ ᠤ ᠣᠷᠣᠨ ᠠᠩᠭ᠍ᠯᠢ ᠬᠡᠯᠡᠨ ᠤ ᠶᠠᠷᠢᠶᠠᠨ ᠤ ᠬᠡᠯᠡᠨ ᠤ ᠰᠢᠯᠭᠠᠯᠲᠠ ᠶᠢ ᠲᠦᠷᠦᠭᠦᠦ ᠤᠳᠠᠭ᠎ᠠ ᠮᠠᠰᠢᠨ  ᠢᠶᠠᠷ ᠰᠢᠯᠭᠠᠪᠠ
ᠨᠡᠶᠢᠲᠡᠯᠡᠭᠰᠡᠨ ᠴᠠᠭ᠄
2024/6/19
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠡᠨᠡ ᠵᠢᠯ ᠤᠨ ᠶᠡᠭᠡ ᠳᠡᠭᠡᠳᠦ ᠰᠤᠷᠭᠠᠭᠤᠯᠠᠢ ᠳᠤ ᠰᠣᠷᠣᠬᠴᠢ ᠡᠯᠰᠡᠬᠦ ᠰᠢᠯᠭᠠᠯᠲᠠ ᠳᠤ ᠮᠠᠨ ᠤ ᠣᠷᠣᠨ ᠠᠩᠭ᠍ᠯᠢ ᠬᠡᠯᠡᠨ ᠤ ᠶᠠᠷᠢᠶᠠᠨ ᠤ ᠬᠡᠯᠡᠨ ᠤ ᠰᠢᠯᠭᠠᠯᠲᠠ ᠶᠢ ᠠᠩᠬ᠎ᠠ ᠤᠳᠠᠭ᠎ᠠ ᠮᠠᠰᠢᠨ ᠢᠶᠠᠷ ᠰᠢᠯᠭᠠᠬᠤ ᠶᠢ ᠪᠡᠶᠡᠯᠡᠭᠦᠯᠵᠦ᠂ ᠣᠶᠤᠨᠴᠢᠯᠠᠭᠰᠠᠨ᠂ ᠲᠣᠭᠠᠴᠢᠯᠠᠭᠰᠠᠨ ᠰᠢᠯᠭᠠᠯᠲᠠ ᠶᠢᠨ ᠰᠢᠨ᠎ᠡ ᠬᠡᠪ ᠵᠠᠭᠪᠤᠷ ᠢ ᠡᠭᠦᠳᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠭᠦᠭᠡᠬᠤᠲᠠ ᠶᠢᠨ ᠰᠠᠶᠢᠬᠠᠨ ᠲᠣᠭᠤᠷᠢᠭ ᠪᠣᠯ ᠲᠣᠰ ᠤᠳᠠᠭ᠎ᠠ ᠶᠢᠨ ᠥᠪᠡᠷᠲᠡᠭᠡᠨ ᠵᠠᠰᠠᠬᠤ ᠣᠷᠣᠨ ᠤ ᠠᠩᠭ᠍ᠯᠢ ᠬᠡᠯᠡᠨ ᠤ ᠶᠠᠷᠢᠶᠠᠨ ᠤ ᠬᠡᠯᠡᠨ ᠤ ᠰᠢᠯᠭᠠᠯᠲᠠ ᠶᠢᠨ ᠮᠠᠰᠢᠨ ᠢᠶᠠᠷ ᠰᠢᠯᠭᠠᠬᠤ ᠲᠤᠷᠰᠢᠯᠲᠠ  ᠶᠢᠨ ᠴᠡᠭ ᠪᠣᠯᠣᠨ᠎ᠠ᠂ ᠡᠮᠦᠨᠡᠬᠢ ᠬᠤᠭᠤᠴᠠᠭᠠᠨ ᠤ  ᠨᠠᠷᠢᠨ  ᠨᠢᠮᠪᠠᠢ  ᠪᠡᠯᠡᠳᠬᠡᠯ ᠪᠠ ᠲᠣᠬᠢᠷᠠᠭᠤᠯᠤᠯᠲᠠ ᠬᠢᠬᠦ ᠪᠠᠷ ᠳᠡᠮᠵᠢᠨ᠂ 6 ᠰᠠᠷ᠎ᠠ ᠶᠢᠨ 9 ᠤ ᠦᠳᠡ ᠶᠢᠨ ᠡᠮᠦᠨ᠎ᠡ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠳᠤ ᠠᠮᠵᠢᠯᠲᠠ ᠲᠠᠢ ᠶᠠᠪᠤᠭᠳᠠᠵᠤ᠂ ᠨᠡᠶᠢᠲᠡ 2875 ᠰᠢᠯᠭᠠᠭᠤᠯᠤᠭᠴᠢ ᠨᠡᠷ᠎ᠡ ᠮᠡᠳᠡᠭᠦᠯᠵᠦ ᠣᠷᠣᠯᠴᠠᠵᠠᠢ᠃ ᠣᠶᠤᠨᠴᠢᠯᠠᠭᠰᠠᠨ᠂ ᠲᠣᠭᠠᠴᠢᠯᠠᠭᠰᠠᠨ ᠮᠠᠰᠢᠨ ᠢᠶᠠᠷ ᠰᠢᠯᠭᠠᠬᠤ ᠠᠷᠭ᠎ᠠ ᠨᠢ ᠰᠢᠯᠭᠠᠯᠲᠠ ᠶᠢᠨ ᠵᠣᠬᠢᠶᠠᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠰᠢᠯᠭᠠᠯᠲᠠ ᠶᠢᠨ ᠭᠤᠥᠯᠴᠢ ᠪᠠᠶᠢᠬᠤ ᠶᠢ ᠨᠠᠩ ᠴᠢᠩᠭᠠᠳᠬᠠᠪᠠ᠃      ᠰᠢᠯᠭᠠᠯᠲᠠ ᠶᠢᠨ ᠭᠡᠯᠪᠡᠷᠢ ᠶᠢᠨ ᠬᠤᠪᠢ ᠳᠤ᠂ ᠮᠠᠰᠢᠨ ᠢᠶᠠᠷ ᠰᠢᠯᠭᠠᠬᠤ ᠵᠠᠭᠪᠤᠷ ᠨᠢ ᠤᠯᠠᠮᠵᠢᠯᠠᠯᠲᠤ ︽ᠬᠥᠮᠥᠨ ᠪᠣᠯᠣᠨ ᠬᠥᠮᠥᠨ ᠤ ᠶᠠᠷᠢᠯᠴᠠᠭ᠎ᠠ︾ ᠶᠢ ︽ᠬᠥᠮᠥᠨ ᠪᠣᠯᠣᠨ ᠮᠠᠰᠢᠨ ᠤ ᠶᠠᠷᠢᠯᠴᠠᠭ᠎ᠠ︾ ᠪᠣᠯᠭᠠᠨ ᠬᠤᠪᠢᠷᠠᠭᠤᠯᠪᠠ; ᠰᠢᠯᠭᠠᠯᠲᠠ ᠶᠢᠨ ᠲᠠᠯᠠᠪᠤᠷ ᠤᠨ ᠬᠤᠪᠢ ᠳᠤ ᠤᠯᠠᠮᠵᠢᠯᠠᠯᠲᠤ ᠮᠠᠰᠢᠨ ᠤ ᠦᠷᠦᠭᠡ ᠳᠠᠬᠢ ᠰᠢᠯᠭᠠᠯᠲᠠ ᠶᠢᠨ ᠬᠢᠵᠠᠭᠠᠷᠯᠠᠯ ᠢ ᠡᠪᠳᠡᠵᠦ᠂ ᠲᠣᠭᠠᠴᠢᠯᠠᠭᠰᠠᠨ ᠪᠠᠷᠢᠮᠵᠢᠶᠠᠲᠤ ᠰᠢᠯᠭᠠᠯᠲᠠ ᠶᠢᠨ ᠲᠠᠯᠠᠪᠤᠷ ᠲᠤ ᠰᠢᠯᠭᠠᠯᠲᠠ ᠬᠢᠬᠦ ᠶᠢ ᠪᠡᠶᠡᠯᠡᠭᠦᠯᠵᠦ᠂ ᠥᠷᠭᠡᠨ ᠣᠯᠠᠨ ᠰᠢᠯᠭᠠᠭᠤᠯᠤᠭᠴᠢ ᠳᠤ ᠨᠠᠩ ᠳᠥᠭᠦᠮ ᠳᠥᠲᠡ᠂ ᠨᠠᠩ ᠲᠠᠭᠠᠯᠠᠮᠵᠢᠲᠠᠢ ᠰᠢᠯᠭᠠᠯᠲᠠ ᠶᠢᠨ ᠣᠷᠴᠢᠨ ᠲᠣᠭᠤᠷᠢᠨ ᠢ ᠬᠠᠩᠭᠠᠵᠤ ᠦᠭᠴᠡᠢ; ᠡᠭᠦᠨ ᠤ ᠵᠡᠷᠭᠡ ᠪᠠᠷ᠂ ᠵᠣᠬᠢᠶᠠᠮᠠᠯ ᠤᠶᠤᠨ ᠴᠢᠳᠠᠪᠤᠷᠢ ᠶᠢᠨ ᠰᠣᠷᠣᠬᠴᠢ ᠡᠯᠰᠡᠬᠦ ᠰᠢᠯᠭᠠᠯᠲᠠ ᠶᠢᠨ ᠬᠦᠷᠢᠶᠡᠨ ᠳᠠᠬᠢ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠬᠢᠷᠢ ᠪᠦᠲᠦᠮᠵᠢ ᠶᠢᠨ ᠪᠤᠰᠤᠳᠴᠢ ᠴᠢᠨᠠᠷ ᠪᠠ ᠣᠨᠣᠪᠴᠢᠲᠤ ᠴᠢᠨᠠᠷ ᠢ ᠦᠨᠡᠨ ᠬᠦ ᠪᠠᠲᠤᠯᠠᠪᠠ᠃      ︽ᠮᠠᠰᠢᠨ ᠢᠶᠠᠷ ᠰᠢᠯᠭᠠᠬᠤ ᠵᠠᠭᠪᠤᠷ ᠨᠢ ᠰᠤᠷᠤᠬᠴᠢᠳ ᠤᠨ ᠠᠩᠭ᠍ᠯᠢ ᠬᠡᠯᠡᠨ ᠤ ᠶᠠᠷᠢᠶᠠᠨ ᠤ ᠬᠡᠯᠡᠨ ᠤ ᠴᠢᠳᠠᠪᠤᠷᠢ ᠶᠢ ᠨᠠᠩ ᠪᠦᠭᠦ ᠲᠠᠯ᠎ᠠ ᠪᠠᠷ ᠭᠦᠨᠵᠡᠭᠡᠢ ᠬᠢᠨᠠᠨ ᠰᠢᠯᠭᠠᠭᠰᠠᠨ ᠢᠶᠠᠷ ᠪᠠᠷᠠᠬᠤ ᠦᠭᠡᠢ᠂ ᠨᠠᠩ ᠴᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠣᠷᠣᠬᠴᠢ ᠡᠯᠰᠡᠬᠦ ᠰᠢᠯᠭᠠᠯᠲᠠ ᠶᠢᠨ ᠲᠤᠬᠠᠶᠢᠯᠠᠭᠰᠠᠨ ᠠᠵᠢᠯ ᠪᠣᠯᠣᠨ ᠮᠡᠳᠡᠭᠡ ᠵᠠᠩᠭᠢ ᠶᠢᠨ ᠮᠡᠷᠭᠡᠵᠢᠯ ᠢ ᠨᠢᠭᠲᠠ ᠤᠶᠠᠯᠳᠤᠭᠤᠯᠤᠭᠰᠠᠨ᠂ ᠭᠦᠨᠵᠡᠭᠡᠢ ᠠᠭᠤᠰᠤᠯᠴᠠᠭᠤᠯᠤᠭᠰᠠᠨ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠦᠷ᠎ᠡ ᠪᠦᠲᠦᠭᠡᠯ ᠪᠠᠶᠢᠵᠤ᠂ ᠣᠶᠤᠨᠴᠢ ᠰᠢᠯᠭᠠᠯᠲᠠ ᠶᠢ ᠦᠷᠭᠦᠯᠵᠢᠯᠡᠨ ᠠᠬᠢᠭᠤᠯᠬᠤ ᠳᠤ ᠵᠢᠱᠢᠶ᠎ᠡ ᠦᠵᠡᠭᠦᠯᠭᠦ ᠵᠠᠭᠪᠤᠷ ᠬᠠᠩᠭᠠᠵᠠᠢ︾ ᠭᠡᠵᠦ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠤᠨ ᠳᠠᠷᠤᠭ᠎ᠠ ᠠᠨ ᠯᠢ ᠮᠢᠨ ᠲᠠᠨᠢᠯᠴᠠᠭᠤᠯᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号