| ᠬᠠᠷᠢᠶᠠᠲᠤ ᠣᠷᠣᠨ ᠤ ᠳᠣᠲᠣᠷᠠᠬᠢ ᠠᠵᠢᠯ ᠠᠯᠳᠠᠭᠰᠠᠳ᠂ ᠠᠵᠢᠯ ᠣᠯᠬᠤ ᠬᠥᠮᠥᠰ ᠵᠡᠷᠭᠡ ᠬᠠᠮᠲᠤᠯᠢᠭ ᠤᠨ | ᠳᠠᠬᠢᠨ ᠠᠵᠢᠯ ᠣᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ 6 ᠰᠠᠷ᠎ᠠ ᠶᠢᠨ 17 ᠤ ᠡᠳᠦᠷ ᠤᠨ ᠦᠳᠡ ᠶᠢᠨ | ᠡᠮᠦᠨ᠎ᠡ᠂ ᠰᠠᠶᠢᠬᠠᠨ ᠲᠣᠭᠤᠷᠢᠭ ᠤᠨ ᠵᠣᠣ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ᠶᠢᠨ ᠬᠢᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠪᠠᠭᠰᠢ ᠶᠢᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠪᠡ᠃ ᠶᠦᠩ ᠲᠠᠢ ᠨᠡᠶᠢᠭᠡᠮ ᠲᠣᠭᠤᠷᠢᠭ ᠲᠤ᠂ ᠣᠨᠴᠠ ᠤᠷᠢᠭᠰᠠᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠦᠢᠯᠡᠴᠢᠯᠡᠭᠡᠨ ᠤ ᠲᠤᠰᠬᠠᠢ ᠮᠡᠷᠭᠡᠵᠢᠯ ᠤᠨ ᠪᠠᠭᠰᠢ ᠂ ᠰᠤᠷᠤᠭᠴᠢᠳ ᠤᠨ ᠲᠣᠰ ᠪᠡᠶ᠎ᠡ ᠶᠢᠨ | ᠣᠨᠴᠠᠯᠢᠭ ᠪᠠ ᠪᠣᠳᠠᠲᠠᠢ ᠬᠡᠷᠡᠭᠴᠡᠭᠡ ᠳᠤ ᠴᠢᠭᠯᠡᠭᠦᠯᠦᠨ᠂ ᠪᠣᠳᠠᠲᠤ ᠬᠡᠷᠡᠭᠯᠡᠭᠡᠨ ᠤ ᠪᠣᠯᠪᠠᠰᠤᠷᠠᠭᠤᠯᠤᠯ ᠤᠨ ᠲᠥᠯᠥᠪᠯᠡᠭᠡ | ᠪᠠ ᠬᠢᠴᠢᠶᠡᠯ ᠤᠨ ᠴᠠᠭ ᠢ ᠲᠣᠬᠢᠷᠠᠭᠤᠯᠪᠠ᠃ ︽ᠣᠨᠣᠯ ᠤᠨ ᠬᠢᠴᠢᠶᠡᠯᠯᠡᠭᠡ ᠶᠢᠨ ᠲᠤᠬᠠᠢ ᠶᠢᠨ ᠲᠠᠯᠠᠪᠤᠷ ᠤᠨ ᠵᠢᠭᠠᠨ | ᠰᠤᠷᠭᠠᠯᠲᠠ︾ ᠶᠢᠨ ᠵᠢᠭᠠᠨ ᠰᠤᠷᠭᠠᠯᠲᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠡᠳᠬᠢᠴᠡ ᠶᠢᠨ ᠡᠷᠡᠭᠦᠯ ᠮᠡᠨᠳᠦ᠂ | ᠡᠷᠡᠭᠦᠯᠵᠢᠯ ᠤᠨ ᠠᠨᠠᠭᠠᠬᠤ ᠤᠬᠠᠭᠠᠨ᠂ ᠬᠢᠲᠠᠳ ᠡᠮᠨᠡᠯᠭᠡ ᠶᠢᠨ ᠪᠡᠶ᠎ᠡ ᠰᠤᠪᠢᠯᠠᠬᠤ ᠰᠤᠷᠭᠠᠭᠤᠯᠢ ᠵᠡᠷᠭᠡ ᠠᠭᠤᠯᠭ᠎ᠠ ᠶᠢᠨ | ᠲᠣᠭᠤᠷᠢᠨ ᠳᠤ 15 ᠡᠳᠦᠷ ᠤᠨ ᠬᠤᠭᠤᠴᠠᠭ᠎ᠠ ᠲᠠᠢ ᠪᠥᠬᠦ ᠲᠠᠯ᠎ᠠ ᠶᠢᠨ ᠪᠣᠯᠪᠠᠰᠤᠷᠠᠭᠤᠯᠤᠯ ᠬᠢᠵᠦ᠂ ᠰᠤᠷᠤᠭᠴᠢᠳ ᠤᠨ | ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ | ᠰᠠᠭᠤᠷᠢ ᠢ ᠨᠢ ᠲᠠᠯᠪᠢᠪᠠ᠃ | | | | | | | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |