2024 ᠣᠨ ᠤ ᠰᠠᠶᠢᠬᠠᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠳᠡᠯᠭᠡᠨ ᠦᠵᠡᠭᠦᠯᠬᠦ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/6/20
     ᠰᠠᠶᠢᠬᠠᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠪᠠᠭ᠋ᠠᠲᠠᠢ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠮᠡᠷᠭᠡᠵᠢᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠤᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 6 ᠰᠠᠷ᠎ᠠ ᠶᠢᠨ 17 ᠤ ᠡᠳᠦᠷ᠂ 2024 ᠣᠨ ᠳᠤ ᠰᠠᠶᠢᠬᠠᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠰᠣᠯᠢᠯᠴᠠᠭᠠᠨ ᠤ ᠦᠵᠡᠭᠦᠯᠦᠯᠭᠡ ᠶᠢᠨ ᠠᠵᠢᠯᠯᠠᠭ᠎ᠠ ᠹᠧᠩᠵᠸᠤ ᠶᠢᠨ ᠬᠠᠭᠤᠴᠢᠨ ᠬᠤᠲᠠ ᠶᠢᠨ ᠮᠦᠽᠧᠢ ᠳᠤ ᠡᠬᠢᠯᠡᠪᠡ᠃          ᠪᠥᠬᠦ ᠲᠣᠭᠤᠷᠢᠭ ᠤᠨ ᠡᠯ᠎ᠡ ᠪᠠᠯᠭᠠᠰᠤ ︵ᠵᠡᠭᠡᠯᠢ ᠭᠤᠳᠤᠮᠵᠢ︶ ᠵᠢᠴᠢ ᠣᠷᠣᠨ ᠪᠦᠰᠡ ᠶᠢᠨ ᠦᠢᠯᠡᠴᠢᠯᠡᠭᠡᠨ ᠤ ᠲᠥᠪ ᠤᠨ 19 ᠪᠡᠶ᠎ᠡ ᠴᠢᠭᠢᠷᠠᠭᠵᠢᠭᠤᠯᠬᠤ ᠡᠩᠨᠡᠭᠡ᠂ 500 ᠰᠢᠬᠠᠮ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠢ ᠬᠥᠮᠥᠰ ᠨᠢᠭᠡ ᠲᠠᠩᠬᠢᠮ ᠳᠤ ᠴᠤᠭᠯᠠᠷᠠᠵᠠᠢ᠃ ᠲᠡᠳᠡ ᠪᠡᠶ᠎ᠡ ᠴᠢᠭᠢᠷᠠᠭᠵᠢᠭᠤᠯᠬᠤ ᠬᠤᠪᠴᠠᠰᠤ ᠡᠮᠦᠰᠴᠦ᠂ ᠴᠤᠭ ᠵᠢᠪᠬᠤᠭ᠎ᠠ ᠲᠡᠭᠦᠯᠳᠡᠷ᠂ ᠴᠤᠭ ᠵᠢᠪᠬᠤᠭ᠎ᠠ ᠪᠠᠳᠠᠷᠠᠩᠭᠤᠢ ᠪᠠᠶᠢᠵᠤ᠂ ᠳᠠᠭᠤᠤ ᠬᠥᠭᠵᠢᠮ ᠤᠨ ᠵᠢᠮ᠎ᠡ ᠶᠢᠨ ᠬᠥᠳᠡᠯᠭᠡᠭᠡᠨ ᠳᠤ ᠨᠠᠢᠮᠠᠨ ᠬᠡᠰᠡᠭ ᠶᠢᠨ ᠬᠢᠭᠡᠳ᠂ ᠲᠠᠢ ᠵᠢᠢ ᠨᠢᠳᠤᠷᠭ᠎ᠠ᠂ ᠡᠷᠳᠡᠮᠲᠦ ᠳᠡᠪᠢᠭᠦᠷ ᠵᠡᠷᠭᠡ ᠶᠢ ᠬᠠᠮᠲᠤ ᠪᠠᠷ ᠪᠣᠯᠪᠠᠰᠤᠷᠠᠭᠤᠯᠵᠤ᠂ ᠬᠥᠳᠡᠯᠭᠡᠭᠡᠨ ᠨᠢᠭᠡᠪᠦᠷᠢ ᠨᠢ ᠴᠥᠮ ᠬᠠᠲᠠᠭᠤ ᠵᠥᠭᠡᠯᠡᠨ ᠢ ᠬᠤᠣᠰᠯᠠᠭᠤᠯᠤᠭᠰᠠᠨ᠂ ᠣᠬᠢ ᠰᠣᠳᠣ ᠶᠢ ᠢᠯᠡᠷᠡᠭᠦᠯᠪᠡ᠃ ᠨᠢᠭᠡ ᠠᠷᠭ᠎ᠠ ᠨᠢᠭᠡ ᠬᠡᠯᠪᠡᠷᠢ ᠪᠠᠷ᠂ ᠨᠢᠭᠡ ᠬᠥᠳᠡᠯᠦᠯ ᠦᠭᠡᠢ ᠨᠠᠮ ᠵᠢᠮ᠂ ᠨᠢᠭᠡ ᠯᠡ ᠰᠤᠯᠠᠷᠠᠭᠰᠠᠨ ᠳᠤᠮᠳᠠ᠂ ᠦᠵᠡᠭᠴᠢᠳ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠭᠦᠨᠵᠡᠭᠡᠢ ᠣᠶᠢᠯᠠᠭᠠᠪᠠ᠃
    ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠪᠣᠯ ᠪᠦᠬᠦ ᠪᠥᠮᠪᠥᠷᠴᠡᠭ ᠤᠨ ᠬᠠᠷᠠᠭ᠎ᠠ ᠲᠠᠢ᠂ ᠳᠤᠮᠳᠠᠳᠤ ᠶᠢᠨ ᠤᠯᠠᠮᠵᠢᠯᠠᠯᠲᠤ ᠰᠣᠶᠣᠯ ᠤᠨ ᠠᠭᠤᠯᠤᠭᠳᠠᠬᠤᠨ ᠢ ᠠᠴᠢᠶᠠᠯᠠᠭᠰᠠᠨ ᠪᠡᠶ᠎ᠡ ᠶᠢᠨ ᠲᠠᠮᠢᠷ ᠤᠨ ᠲᠥᠷᠥᠯ ᠵᠦᠢᠯ ᠪᠣᠯᠣᠨ᠎ᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠨᠡᠶᠢᠲᠡᠯᠡᠭᠰᠡᠨ 97 ᠳ᠋ᠤᠭᠠᠷ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠷᠥᠯ ᠵᠦᠢᠯ ᠳᠤ ᠵᠢᠭᠰᠠᠭᠠᠭᠳᠠᠪᠠ᠃ ᠣᠶᠢᠷ᠎ᠠ ᠶᠢᠨ ᠵᠢᠯ ᠳᠤ᠂ ᠰᠠᠶᠢᠬᠠᠨ ᠲᠣᠭᠤᠷᠢᠭ ᠤᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠤᠷᠤᠯᠳᠤᠭᠠᠨ ᠢ ᠵᠣᠬᠢᠶᠠᠨ ᠪᠠᠶᠢᠭᠤᠯᠵᠤ᠂ ᠤᠬᠠᠭᠤᠯᠤᠨ ᠳᠡᠯᠭᠡᠷᠡᠭᠦᠯᠵᠦ᠂ ᠪᠠᠶᠠᠯᠢᠭ ᠣᠯᠠᠨ ᠶᠠᠩᠵᠤ ᠶᠢᠨ ᠲᠤᠷᠰᠢᠯᠭ᠎ᠠ ᠰᠣᠯᠢᠯᠴᠠᠬᠤ ᠠᠵᠢᠯᠯᠠᠭ᠎ᠠ ᠶᠢ ᠥᠷᠨᠢᠭᠦᠯᠵᠦ᠂ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠢ ᠬᠥᠮᠥᠰ ᠲᠤ ᠠᠭᠤᠯᠭ᠎ᠠ ᠪᠠᠷ ᠪᠠᠶᠠᠯᠢᠭ᠂ ᠬᠡᠯᠪᠡᠷᠢ ᠮᠠᠶ᠋ᠢᠭ ᠨᠢ ᠰᠢᠨ᠎ᠡ ᠰᠣᠷᠭᠤᠭ᠂ ᠰᠣᠯᠢᠯᠴᠠᠭ᠎ᠠ ᠪᠠᠷ ᠣᠯᠠᠨ ᠶᠠᠩᠵᠤ ᠶᠢᠨ ᠰᠤᠷᠤᠯᠴᠠᠵᠤ ᠰᠣᠯᠢᠯᠴᠠᠬᠤ ᠲᠠᠪᠴᠠᠩ ᠢ ᠪᠠᠶᠢᠭᠤᠯᠪᠠ᠃
   ᠲᠣᠰ ᠤᠳᠠᠭᠠᠨ ᠤ ᠳᠡᠯᠭᠡᠨ ᠦᠵᠡᠭᠦᠯᠬᠦ ᠠᠵᠢᠯᠯᠠᠭ᠎ᠠ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠲᠤ ᠪᠠᠭ᠋ᠠᠲᠠᠢ ᠬᠥᠮᠥᠰ ᠲᠤ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠰᠠᠶᠢᠬᠠᠨ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠬᠥᠳᠡᠯᠭᠡᠭᠡᠨ ᠤ ᠬᠥᠭᠵᠢᠯᠲᠡ ᠪᠠ ᠲᠦᠭᠡᠮᠡᠯᠵᠢᠯ ᠢ ᠠᠬᠢᠭᠤᠯᠤᠭᠰᠠᠨ ᠪᠠᠶᠢᠨ᠎ᠠ᠃ ᠡᠭᠦᠨ ᠤ ᠬᠠᠮᠲᠤ᠂ ᠡᠯ᠎ᠡ ᠠᠩᠭᠢ ᠶᠢᠨ ᠰᠣᠯᠢᠯᠴᠠᠭ᠎ᠠ ᠪᠠ ᠦᠵᠡᠭᠦᠯᠦᠯᠭᠡ ᠪᠠᠷ ᠳᠠᠮᠵᠢᠭᠤᠯᠤᠨ᠂ ᠨᠠᠩ ᠰᠠᠶᠢᠨ ᠪᠣᠯᠪᠠᠰᠤᠷᠠᠭᠤᠯᠤᠯ ᠪᠠ ᠵᠢᠯᠤᠭᠤᠳᠬᠤ ᠦᠢᠯᠡᠴᠢᠯᠡᠭᠡ ᠬᠠᠩᠭᠠᠵᠤ᠂ ᠨᠠᠩ ᠣᠯᠠᠨ ᠬᠥᠮᠥᠨ ᠳᠤ ᠪᠡᠶ᠎ᠡ ᠴᠢᠭᠢᠷᠠᠭᠵᠢᠭᠤᠯᠬᠤ ᠠᠮᠢᠰᠬᠤᠯ ᠤᠨ ᠲᠠᠮᠢᠷ ᠤᠨ ᠥᠪᠡᠷᠮᠢᠴᠡ ᠷᠢᠳᠢ ᠰᠢᠳᠢ ᠶᠢ ᠣᠶᠢᠯᠠᠭᠠᠭᠤᠯᠤᠨ ᠲᠠᠨᠢᠭᠤᠯᠵᠤ᠂ ᠳᠤᠮᠳᠠᠳᠤ ᠶᠢᠨ ᠤᠯᠠᠮᠵᠢᠯᠠᠯᠲᠤ ᠰᠣᠶᠣᠯ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ ᠢ ᠳᠡᠯᠭᠡᠷᠡᠭᠦᠯᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号