ᠬᠥᠬᠡᠬᠤᠲᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠢ ᠣᠯᠣᠭᠰᠠᠨ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠲᠤ ︽ᠭᠤᠷᠪᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ︾ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/6/20
       ︵ᠰᠤᠷᠪᠤᠯᠵᠢᠯᠠᠭᠴᠢ ᠯᠢᠶᠠᠩ ᠵᠢᠩ ᠱᠥ︶ 6 ᠳ᠋ᠤᠭᠠᠷ ᠰᠠᠷ᠎ᠠ ᠶᠢᠨ 17 ᠤ ᠡᠳᠦᠷ᠂ ᠰᠤᠷᠪᠤᠯᠵᠢᠯᠠᠭᠴᠢ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠠᠵᠢᠯ ᠢ ᠠᠬᠢᠭᠤᠯᠵᠤ᠂ ᠬᠠᠷᠠᠮ ᠦᠭᠡᠢ ᠵᠣᠷᠢᠭᠤᠯᠬᠤ᠂ ᠴᠢᠰᠤ ᠬᠠᠨᠳᠢᠪᠯᠡᠵᠤ ᠬᠥᠮᠥᠨ ᠢ ᠠᠪᠤᠷᠠᠬᠤ ᠡᠷᠬᠢᠮ ᠳᠡᠭᠡᠳᠦ ᠵᠠᠩ ᠰᠡᠳᠬᠢᠯᠭᠡ ᠶᠢ ᠪᠠᠳᠠᠷᠠᠭᠤᠯᠤᠨ᠂ ᠲᠥᠯᠥᠪᠦᠷᠢ ᠦᠭᠡᠢ ᠪᠠᠷ ᠴᠢᠰᠤ ᠬᠠᠨᠳᠢᠪᠯᠡᠬᠤ ᠶᠢ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠶᠢᠨ ᠲᠥᠯᠥᠭᠡ᠂ ᠬᠥᠬᠡᠬᠤᠲᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠬᠢᠭᠦᠯᠦᠯ ᠢ ᠣᠯᠣᠭᠰᠠᠨ ᠲᠥᠯᠥᠪᠦᠷᠢ ᠦᠭᠡᠢ ᠪᠠᠷ ᠴᠢᠰᠤ ᠬᠠᠨᠳᠢᠪᠯᠠᠭᠰᠠᠳ ᠲᠤ ︽ᠭᠤᠷᠪᠠ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠬᠠᠮᠢᠶ᠎ᠠ ᠪᠦᠬᠦᠢ ᠦᠨᠡᠮᠯᠡᠯ ᠢᠶᠠᠷ ᠢᠶᠠᠨ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠣᠯᠠᠨ ᠨᠡᠶᠢᠲᠡ ᠶᠢᠨ ᠡᠬᠢ ᠪᠠᠶᠠᠯᠢᠭ ᠢ ᠠᠰᠢᠭᠯᠠᠨ ᠪᠦᠲᠦᠭᠡᠨ ᠪᠠᠶᠢᠭᠤᠯᠤᠭᠰᠠᠨ ᠦᠵᠡᠮᠵᠢ ᠶᠢᠨ ᠣᠷᠣᠨ ᠢ ᠦᠨ᠎ᠡ ᠲᠥᠯᠥᠪᠦᠷᠢ ᠦᠭᠡᠢ ᠪᠠᠷ ᠵᠤᠭᠠᠴᠠᠵᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ ᠳᠤ ᠰᠦᠢᠳᠬᠡᠯ ᠲᠤᠰᠢᠶᠠᠬᠤ ᠦᠭᠡᠢ ᠪᠠᠷ ᠰᠠᠭᠤᠵᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠩ ᠤᠨ ᠡᠭᠦᠳᠡᠨ ᠡᠮᠨᠡᠯᠭᠡ ᠶᠢᠨ ᠪᠠᠶᠢᠴᠠᠭᠠᠬᠤ ᠰᠦᠢᠳᠬᠡᠯ ᠲᠤᠰᠢᠶᠠᠬᠤ ᠦᠭᠡᠢ᠃            ᠣᠶᠢᠯᠠᠭᠠᠭᠰᠠᠨ ᠢᠶᠠᠷ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ︽ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠴᠢ ᠶᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠪᠠᠶᠢᠴᠠᠭᠠᠬᠤ ᠰᠦᠢᠳᠬᠡᠯ ᠲᠤᠰᠢᠶᠠᠬᠤ ᠦᠭᠡᠢ ᠪᠠᠶᠢᠬᠤ ᠶᠢ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾ ᠢ ᠪᠠᠭᠤᠯᠭᠠᠵᠤ᠂ ᠡᠯ᠎ᠡ ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠱᠠᠩᠨᠠᠯ᠂ ᠦᠨ᠎ᠡ ᠲᠥᠯᠥᠪᠦᠷᠢ ᠦᠭᠡᠢ ᠪᠠᠷ ᠴᠢᠰᠤ ᠲᠥᠯᠵᠢᠭᠦᠯᠬᠦ ᠡᠰ ᠢᠶᠠᠨ ᠬᠠᠨᠳᠢᠪᠯᠡᠨ ᠬᠤᠪᠢ ᠨᠡᠮᠡᠷᠢ ᠦᠵᠡᠭᠦᠯᠦᠭᠰᠡᠨ ᠱᠠᠩᠨᠠᠯ ᠭᠠᠷᠳᠠᠭᠰᠠᠳ ᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠡᠮᠨᠡᠭᠦᠯᠬᠦ ᠦᠶ᠎ᠡ ᠳᠤ ᠡᠩ ᠤᠨ ᠡᠭᠦᠳᠡᠨ ᠡᠮᠨᠡᠯᠭᠡ ᠶᠢᠨ ᠪᠠᠶᠢᠴᠠᠭᠠᠬᠤ ᠰᠦᠢᠳᠬᠡᠯ ︵ᠳ᠋ᠤᠭᠠᠷᠯᠠᠬᠤ ᠵᠠᠷᠤᠳᠠᠯ︶ ᠲᠤᠰᠢᠶᠠᠬᠤ ᠦᠭᠡᠢ ᠪᠠᠶᠢᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠷᠢᠳᠴᠢᠯᠠᠬᠤ ᠴᠣᠩᠬᠤ ᠭᠠᠷᠭᠠᠵᠤ᠂ ᠳ᠋ᠤᠭᠠᠷᠯᠠᠬᠤ᠂ ᠡᠮᠨᠡᠭᠦᠯᠬᠦ᠂ ᠡᠮ ᠠᠪᠬᠤ ᠵᠡᠷᠭᠡ ᠦᠢᠯᠡᠴᠢᠯᠡᠭᠡ ᠶᠢ ᠤᠷᠢᠳᠠᠪᠠᠷ ᠬᠠᠩᠭᠠᠬᠤ ᠬᠡᠷᠡᠭᠲᠡᠢ ᠭᠡᠵᠦ ᠱᠠᠭᠠᠷᠳᠠᠪᠠ᠃ ᠡᠭᠦᠨ ᠤ ᠬᠠᠮᠲᠤ ᠠᠷᠠᠳ ᠠᠴᠠ ᠡᠵᠡᠩᠨᠡᠭᠰᠡᠨ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠪᠠ᠃            ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠱᠠᠩᠨᠠᠯ᠂ ᠦᠨ᠎ᠡ ᠲᠥᠯᠥᠪᠦᠷᠢ ᠦᠭᠡᠢ ᠪᠠᠷ ᠴᠢᠰᠤ ᠲᠥᠯᠵᠢᠭᠦᠯᠬᠦ ᠡᠰ ᠢᠶᠠᠨ ᠬᠠᠨᠳᠢᠪᠯᠡᠨ ᠬᠤᠪᠢ ᠨᠡᠮᠡᠷᠢ ᠦᠵᠡᠭᠦᠯᠦᠭᠰᠡᠨ ᠱᠠᠩᠨᠠᠯ ᠭᠠᠷᠳᠠᠭᠰᠠᠳ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠡᠪᠡᠳᠴᠢᠨ ᠦᠵᠡᠭᠦᠯᠬᠦ ᠳᠡᠭᠡᠨ᠂ ᠪᠡᠶ᠎ᠡ ᠶᠢᠨ ᠦᠨᠡᠮᠯᠡᠯ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠢᠷᠠᠭᠤ ᠠᠯᠳᠠᠷ ᠤᠨ ᠺᠠᠷᠲ︾ ᠪᠤᠶᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨ᠎ᠡ ᠲᠥᠯᠥᠪᠦᠷᠢ ᠦᠭᠡᠢ ᠪᠠᠷ ᠴᠢᠰᠤ ᠲᠥᠯᠵᠢᠭᠦᠯᠬᠦ ᠡᠰ ᠢᠶᠠᠨ ᠬᠠᠨᠳᠢᠪᠯᠡᠭ᠌ᠰᠠᠨ ᠢᠷᠠᠭᠤ ᠠᠯᠳᠠᠷ ᠤᠨ ᠺᠠᠷᠲ︾ ᠢᠶᠠᠨ  ᠬᠠᠮᠲᠤ ᠦᠵᠡᠭᠦᠯᠦᠭᠰᠡᠨ ᠪᠥᠭᠡᠳ ᠣᠪᠣᠭ ᠨᠡᠷ᠎ᠡ᠂ ᠭᠡᠷᠡᠴᠢ ᠦᠨᠡᠮᠯᠡᠯ ᠤᠨ ᠨᠣᠮᠧᠷ ᠨᠢ ᠨᠢᠭᠡᠳᠦᠯᠲᠡᠢ ᠪᠣᠯ ᠡᠩ ᠤᠨ ᠡᠭᠦᠳᠡᠨ ᠡᠮᠨᠡᠯᠭᠡ ᠶᠢᠨ ᠪᠠᠶᠢᠴᠠᠭᠠᠬᠤ ᠰᠦᠢᠳᠬᠡᠯ ᠲᠤᠰᠢᠶᠠᠬᠤ ᠦᠭᠡᠢ ᠪᠠᠶᠢᠵᠤ ᠪᠣᠯᠣᠨ᠎ᠠ᠃            ᠡᠭᠦᠨ ᠤ ᠬᠠᠮᠲᠤ᠂ ᠪᠤᠰᠤᠳ ᠠᠶᠢᠮᠠᠭ ᠬᠤᠲᠠ ᠳᠤ ︽ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠢᠷᠠᠭᠤ ᠠᠯᠳᠠᠷ ᠤᠨ ᠺᠠᠷᠲ︾ ᠬᠦᠷᠲᠡᠭᠰᠡᠳ ᠲᠤ ᠴᠢᠭᠯᠡᠭᠦᠯᠦᠨ᠂ ᠣᠳᠣᠬᠠᠨ ᠳᠤ ᠬᠥᠬᠡᠬᠤᠲᠠ ᠳᠤ ᠣᠷᠳᠣ ᠬᠤᠭᠤᠴᠠᠭ᠎ᠠ ᠪᠠᠷ ᠰᠠᠭᠤᠵᠤ ᠠᠵᠢᠯᠯᠯᠠᠵᠤ ᠪᠠᠶᠢᠭ᠎ᠠ ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠵᠤ ᠬᠤᠪᠢ ᠨᠡᠮᠡᠷᠢ ᠦᠵᠡᠭᠦᠯᠦᠭᠰᠡᠨ ᠱᠠᠩᠨᠠᠯ ᠬᠦᠷᠲᠡᠭᠰᠡᠳ ᠲᠤ᠂ ᠬᠥᠬᠡᠬᠤᠲᠠ ᠶᠢᠨ ︽ᠦᠨ᠎ᠡ ᠲᠥᠯᠥᠪᠦᠷᠢ ᠦᠭᠡᠢ ᠪᠠᠷ ᠴᠢᠰᠤ ᠬᠠᠨᠳᠢᠪᠯᠡᠭ᠌ᠰᠠᠨ ᠢᠷᠠᠭᠤ ᠠᠯᠳᠠᠷ ᠤᠨ ᠺᠠᠷᠲ︾ ᠢ ᠦᠨ᠎ᠡ ᠲᠥᠯᠥᠪᠦᠷᠢ ᠦᠭᠡᠢ ᠪᠠᠷ ᠰᠣᠯᠢᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号