ᠰᠠᠶᠢᠬᠠᠨ ᠲᠣᠭᠤᠷᠢᠭ ᠄ ︽ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2024/6/21
     2024 ᠣᠨ ᠤ ᠰᠠᠶᠢᠬᠠᠨ ᠲᠣᠭᠤᠷᠢᠭ ᠤᠨ ︽ᠬᠠᠶᠢᠷ᠎ᠠ ᠬᠠᠯᠠᠮᠵᠢ ᠬᠦᠷᠭᠡᠬᠦ︾ ᠨᠡᠶᠢᠲᠡ ᠶᠢᠨ ᠠᠰᠠᠷᠠᠮᠵᠢ ᠶᠢᠨ ᠰᠠᠶᠢᠨ ᠳᠤᠷ᠎ᠠ ᠶᠢᠨ ᠠᠵᠢᠯᠯᠠᠭᠴᠢ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠬᠦᠴᠦᠲᠡᠢ ᠳᠡᠮᠵᠢᠯᠭᠡ ᠳᠣᠣᠷ᠎ᠠ᠂ ᠲᠡᠭᠦᠰ ᠠᠮᠵᠢᠯᠲᠠ ᠣᠯᠵᠤ᠂ ᠨᠡᠶᠢᠭᠡᠮ ᠤᠨ ᠡᠯ᠎ᠡ ᠡᠲᠡᠭᠡᠳ ᠤᠨ ᠨᠢᠭᠡᠳᠦᠯᠲᠡᠢ ᠰᠠᠶᠢᠨ ᠦᠨᠡᠯᠡᠯᠲᠡ ᠶᠢ ᠣᠯᠵᠠᠢ᠃ ᠲᠡᠳᠡᠨ ᠳᠤ ᠲᠠᠯᠠᠷᠬᠠᠯ ᠢᠶᠠᠨ ᠳᠡᠪᠰᠢᠭᠦᠯᠬᠦ ᠶᠢᠨ ᠲᠥᠯᠥᠭᠡ᠂ 6 ᠰᠠᠷ᠎ᠠ ᠶᠢᠨ 18  ᠤ ᠡᠳᠦᠷ᠂ ᠰᠠᠶᠢᠬᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠰᠠᠶᠢᠰᠢᠶᠠᠨ ᠬᠥᠬᠢᠭᠦᠯᠬᠦ ᠬᠤᠷᠠᠯ ᠬᠤᠷᠠᠯᠳᠤᠭᠤᠯᠪᠠ᠃ ᠰᠢᠯᠭᠠᠭᠤᠯᠤᠭᠴᠢ ᠶᠢᠨ ᠲᠥᠯᠥᠭᠡᠯᠡᠭᠴᠢ᠂ ᠭᠡᠷ ᠤᠨ ᠠᠬᠠᠮᠠᠳ ᠤᠨ ᠲᠥᠯᠥᠭᠡᠯᠡᠭᠴᠢ᠂ ᠬᠤᠰᠢᠭᠤᠴᠢ ᠲᠡᠷᠭᠡᠨ ᠠᠩᠭᠢ ᠶᠢᠨ ᠵᠢᠯᠣᠭᠤᠴᠢ ᠪᠠᠭᠰᠢ ᠵᠡᠷᠭᠡ 30 ᠭᠠᠷᠤᠢ ᠬᠥᠮᠥᠨ ᠲᠣᠰ ᠤᠳᠠᠭᠠᠨ ᠤ ᠠᠵᠢᠯᠯᠠᠭ᠎ᠠ ᠳᠤ ᠣᠷᠣᠯᠴᠠᠵᠠᠢ᠃
            ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠠᠶᠢᠬᠠᠨ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠤᠨ  ᠬᠢᠨ ᠰᠤᠷᠤᠭᠴᠢᠳ ᠲᠤ ᠴᠢᠩ ᠰᠡᠳᠬᠢᠯ ᠤᠨ ᠵᠥᠩᠨᠡᠯ ᠳᠡᠪᠰᠢᠭᠦᠯᠵᠦ᠂ ᠲᠤᠰ ᠤᠳᠠᠭ᠎ᠠ ᠶᠢᠨ ︽ᠬᠠᠶᠢᠷ᠎ᠠ ᠬᠠᠯᠠᠮᠵᠢ ᠬᠦᠷᠭᠡᠬᠦ︾ ᠠᠵᠢᠯᠯᠠᠭ᠎ᠠ ᠳᠤ ᠣᠷᠣᠯᠴᠠᠭᠰᠠᠨ ᠵᠢᠯᠣᠭᠤᠴᠢ ᠪᠠᠭᠰᠢ᠂ ᠠᠵᠢᠯᠲᠠᠳ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃                      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ  ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号