ᠬᠤᠣᠷ ᠴᠠᠭᠠᠵᠠᠯᠠᠬᠤ ᠤᠬᠠᠭᠤᠯᠭ᠎ᠠ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠵᠤ᠂ ᠵᠠᠯᠠᠭᠤ ᠨᠠᠰᠤᠨ ᠤ ︽ᠬᠠᠮᠠᠭᠠᠯᠠᠯᠲᠠ ᠶᠢᠨ ᠬᠡᠷᠡᠮ︾ ᠢ ᠬᠠᠮᠲᠤ ᠪᠠᠷ ᠴᠣᠭᠴᠠᠯᠠᠶ᠎ᠠ
ᠨᠡᠶᠢᠲᠡᠯᠡᠭᠰᠡᠨ ᠴᠠᠭ᠄
2024/6/24
     ᠰᠠᠶᠢᠨ ᠰᠠᠶᠢᠬᠠᠨ ᠨᠡᠶᠢᠭᠡᠮ  ᠤᠨ ᠠᠭᠤᠷ ᠠᠮᠢᠰᠭᠤᠯ ᠢ ᠪᠣᠢ ᠪᠣᠯᠭᠠᠵᠤ᠂ ᠥᠷᠭᠡᠨ ᠣᠯᠠᠨ ᠵᠠᠯᠠᠭᠤᠴᠤᠳ ᠤᠨ ᠬᠤᠣᠷ ᠲᠠᠨᠢᠬᠤ᠂ ᠬᠤᠣᠷ ᠰᠡᠷᠭᠡᠶᠢᠯᠡᠬᠦ᠂ ᠬᠤᠣᠷ ᠡᠰᠡᠷᠭᠦᠴᠡᠬᠦ ᠤᠬᠠᠮᠰᠠᠷ ᠢ  ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 19  ᠤ ᠡᠳᠦᠷ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠬᠤᠣᠷ ᠴᠠᠭᠠᠵᠠᠯᠠᠬᠤ ᠠᠵᠢᠯ ᠤᠨ ᠠᠯᠪᠠᠨ ᠭᠡᠷ ᠬᠥᠬᠡᠬᠤᠲᠠ ᠶᠢᠨ ᠠᠵᠢᠯ ᠮᠡᠷᠭᠡᠵᠢᠯ  ᠤᠨ ᠳᠡᠭᠡᠳᠦ ᠰᠤᠷᠭᠠᠭᠤᠯᠢ ᠳᠤ ᠣᠷᠣᠵᠤ  ᠭᠤᠣᠯ ᠰᠡᠳᠦᠪᠲᠦ ᠬᠤᠣᠷ ᠴᠠᠭᠠᠵᠠᠯᠠᠬᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃
      ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠡᠯᠭᠦᠭᠡ ᠪᠢᠴᠢᠭᠡᠰᠦ᠂ ᠵᠠᠷᠯᠠᠯ ᠪᠣᠯᠣᠨ ᠳᠡᠯᠭᠡᠨ ᠦᠵᠡᠭᠦᠯᠬᠦ ᠰᠠᠮᠪᠠᠷ᠎ᠠ᠂ ᠳᠠᠭᠤᠷᠢᠶᠠᠮᠠᠯ ᠬᠤᠣᠷᠲᠤ ᠡᠳ᠋ ᠤᠨ ᠥᠯᠢᠭᠡᠷ ᠡᠳ᠋ ᠪᠣᠯᠣᠨ ᠢᠯᠡᠷᠡᠭᠦᠯᠦᠭᠰᠡᠨ ᠬᠤᠣᠷᠲᠤ ᠡᠳ᠋ ᠲᠤ ᠬᠤᠯᠪᠣᠭᠳᠠᠭᠰᠠᠨ ᠬᠡᠷᠡᠭ ᠤᠨ ᠮᠠᠲ᠋ᠧᠷᠢᠶᠠᠯ ᠢ ᠰᠤᠷᠤᠭᠴᠢᠳ ᠲᠤ ᠰᠢᠭᠤᠳ ᠳᠡᠯᠭᠡᠨ ᠦᠵᠡᠭᠦᠯᠬᠦ ᠳᠤ ᠬᠡᠷᠡᠭᠯᠡᠭᠰᠡᠨ ᠪᠠᠶᠢᠨ᠎ᠠ᠃ ᠰᠤᠷᠤᠭᠴᠢᠳ ᠲᠠᠶᠢᠯᠤᠮᠵᠢ ᠶᠢ ᠨᠠᠷᠢᠨ ᠬᠢᠨᠠᠮᠠᠭᠠᠢ ᠰᠤᠨᠤᠰᠤᠨ ᠦᠵᠡᠵᠦ᠂ ᠬᠤᠣᠷᠲᠤ ᠡᠳ᠋ ᠢ ᠴᠠᠭᠠᠵᠠᠯᠠᠬᠤ ᠮᠡᠳᠡᠯᠭᠡ ᠶᠢᠨ ᠲᠥᠷᠥᠭᠳᠡᠯ ᠪᠠ ᠪᠤᠳᠤᠯ ᠵᠶ᠋ᠠᠨ‌‍ᠰᠣᠷᠤᠯᠴᠠᠯ᠎ᠠ᠃ ᠡᠭᠦᠨ ᠠᠴᠠ ᠭᠠᠳᠠᠨ᠎ᠠ᠂ ᠠᠷᠠᠳ ᠤᠨ ᠴᠠᠭᠳᠠᠭ᠎ᠠ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠬᠤᠣᠷᠲᠤ ᠡᠳ᠋ ᠤᠨ ᠬᠤᠪᠢ ᠬᠥᠮᠥᠨ᠂ ᠭᠡᠷ ᠪᠦᠯᠢ ᠪᠠ ᠨᠡᠶᠢᠭᠡᠮ ᠳᠤ ᠦᠵᠡᠭᠦᠯᠬᠦ ᠬᠤᠣᠷ ᠬᠥᠨᠥᠭᠡᠯ ᠢ ᠡᠮᠬᠢᠯᠡᠨ ᠳᠢᠭᠯᠡᠵᠦ᠂ ᠰᠤᠷᠤᠭᠴᠢᠳ ᠲᠤ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠲᠦᠭᠡᠮᠡᠯᠵᠢᠭᠦᠯᠦᠨ᠂ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠶᠢᠨ ᠰᠠᠶᠢᠨ ᠳᠤᠷ᠎ᠠ ᠶᠢᠨ ᠠᠵᠢᠯᠯᠠᠭᠴᠢ ᠪᠣᠯᠬᠤ ᠶᠢ ᠵᠣᠷᠢᠭᠵᠢᠭᠤᠯᠪᠠ᠃
    ᠲᠣᠰ ᠤᠳᠠᠭᠠᠨ ᠤ ᠠᠵᠢᠯᠯᠠᠭ᠎ᠠ ᠣᠶᠤᠲᠠᠳ ᠤᠨ ᠬᠤᠪᠢ ᠬᠥᠮᠥᠨ᠂ ᠭᠡᠷ ᠪᠦᠯᠢ ᠵᠢᠴᠢ ᠨᠡᠶᠢᠭᠡᠮ ᠳᠤ ᠦᠵᠡᠭᠦᠯᠬᠦ ᠬᠤᠣᠷ ᠬᠥᠨᠥᠭᠡᠯ ᠢ ᠲᠠᠨᠢᠭᠤᠯᠵᠤ᠂ ᠰᠤᠷᠭᠠᠭᠤᠯᠢ ᠳᠤ ᠪᠠᠶᠢᠭ᠎ᠠ ᠣᠶᠤᠲᠠᠳ ᠤᠨ ᠬᠤᠣᠷ ᠲᠠᠨᠢᠬᠤ᠂ ᠬᠤᠣᠷ ᠰᠡᠷᠭᠡᠶᠢᠯᠡᠬᠦ᠂ ᠬᠤᠣᠷ ᠡᠰᠡᠷᠭᠦᠴᠡᠬᠦ ᠦᠵᠡᠯ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠰᠤᠷᠭᠠᠭᠤᠯᠢ ᠶᠢᠨ ᠬᠦᠷᠢᠶᠡᠨ ᠤ ᠬᠤᠣᠷ ᠴᠠᠭᠠᠵᠠᠯᠠᠬᠤ ᠠᠵᠢᠯ ᠤᠨ ᠰᠡᠷᠭᠡᠶᠢᠯᠡᠯᠲᠡ ᠶᠢᠨ ᠱᠤᠭᠤᠮ ᠢ ᠪᠦᠲᠦᠮᠵᠢᠲᠡᠶ ᠪᠠᠷ ᠪᠠᠬᠢᠵᠢᠭᠦᠯᠪᠡ᠃ ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠰᠤᠷᠭᠠᠭᠤᠯᠢ ᠶᠢᠨ ᠬᠦᠷᠢᠶᠡᠨ ᠤ ᠬᠤᠣᠷᠲᠤ ᠡᠳ᠋ ᠢ ᠴᠠᠭᠠᠵᠠᠯᠠᠬᠤ ᠤᠬᠠᠭᠤᠯᠭ᠎ᠠ ᠬᠥᠮᠦᠵᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠥᠷᠭᠡᠨ ᠣᠯᠠᠨ ᠪᠠᠭᠰᠢ ᠰᠤᠷᠤᠭᠴᠢᠳ ᠤᠨ ᠬᠤᠣᠷᠲᠤ ᠡᠳ᠋ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠂ ᠰᠤᠷᠭᠠᠭᠤᠯᠢ ᠶᠢᠨ ᠬᠦᠷᠢᠶᠡᠨ ᠤ ᠬᠤᠣᠷᠲᠤ ᠡᠳ᠋ ᠢ ᠴᠠᠭᠠᠵᠠᠯᠠᠬᠤ ᠰᠡᠷᠭᠡᠶᠢᠯᠡᠯᠲᠡ ᠶᠢᠨ ᠱᠤᠭᠤᠮ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠣᠬᠢᠷᠲᠤᠯ ᠦᠭᠡᠢ ᠡᠷᠡᠭᠦᠯ ᠮᠡᠨᠳᠦ᠂ ᠬᠤᠣᠷ ᠦᠭᠡᠢ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠣᠶ ᠪᠣᠯᠭᠠᠵᠤ᠂ ᠵᠠᠯᠠᠭᠤ ᠨᠠᠰᠤᠨ ᠤ ᠵᠠᠮ ᠳᠤ ︽ᠬᠤᠣᠷ ᠦᠭᠡᠢ︾ ᠪᠠᠶᠢᠬᠤ ᠶᠢ ᠦᠨᠡᠨ ᠬᠦ ᠪᠠᠲᠤᠯᠠᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号