ᠮᠠᠨ ᠤ ᠣᠷᠣᠨ ᠤ ᠣᠶᠤᠲᠠᠳ 33 ᠵᠦᠢᠯ ᠤᠨ ᠱᠠᠩᠨᠠᠯ ᠲᠤᠰᠤᠯ᠎ᠠ
ᠨᠡᠶᠢᠲᠡᠯᠡᠭᠰᠡᠨ ᠴᠠᠭ᠄
2024/6/24
     6 ᠰᠠᠷ᠎ᠠ ᠶᠢᠨ 17 ᠤ ᠡᠳᠦᠷ ᠬᠤᠪᠧᠢ ᠮᠤᠵᠢ ᠶᠢᠨ ᠰᠢᠶᠠᠩᠶᠠᠩ ᠬᠤᠳᠠ ᠳᠤ ᠥᠨᠳᠥᠷᠯᠡᠭᠰᠡᠨ ᠪᠦᠭᠦ ᠤᠯᠤᠰ ᠤᠨ ᠳᠣᠯᠣᠳᠤᠭᠠᠷ ᠬᠤᠭᠤᠴᠠᠭᠠᠨ ᠤ ᠣᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠬᠯᠠᠯᠲᠠ ᠶᠢᠨ ᠠᠵᠢᠯᠯᠠᠭ᠎ᠠ ᠳᠤ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ 33 ᠵᠦᠢᠯ ᠤᠨ ᠱᠠᠩᠨᠠᠯ ᠭᠦᠷᠳᠡᠪᠡ᠂ ᠡᠭᠦᠨ ᠳᠤ ᠰᠢᠯᠢᠳᠡᠭ ᠵᠣᠬᠢᠶᠠᠨ ᠪᠠᠶᠢᠭᠤᠯᠤᠭᠰᠠᠨ ᠱᠠᠩᠨᠠᠯ 1 ᠵᠦᠢᠯ᠂ ᠨᠢᠭᠡᠳᠦᠭᠡᠷ ᠳᠡᠰ ᠤᠨ ᠱᠠᠩᠨᠠᠯ 9 ᠵᠦᠢᠯ᠂ ᠬᠤᠶᠠᠳᠤᠭᠠᠷ ᠳᠡᠰ ᠤᠨ ᠱᠠᠩᠨᠠᠯ 7 ᠵᠦᠢᠯ᠂ ᠭᠤᠷᠪᠠᠳᠤᠭᠠᠷ ᠳᠡᠰ ᠤᠨ ᠱᠠᠩᠨᠠᠯ 15 ᠵᠦᠢᠯ᠂ ᠰᠢᠯᠢᠳᠡᠭ ᠵᠣᠬᠢᠶᠠᠨ ᠪᠦᠲᠦᠭᠡᠯᠭᠡ ᠶᠢᠨ ᠱᠠᠩᠨᠠᠯ 1 ᠵᠦᠢᠯ ᠪᠤᠶ᠃      ᠲᠤᠰ ᠬᠤᠭᠤᠴᠠᠭᠠᠨ ᠤ ᠪᠦᠭᠦ ᠤᠯᠤᠰ ᠤᠨ ᠣᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠬᠯᠠᠯᠲᠠ ᠶᠢᠨ ᠠᠵᠢᠯᠯᠠᠭ᠎ᠠ ᠨᠢ︽ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠤᠷᠤᠭᠰᠢᠯᠠᠨ ᠳᠠᠪᠰᠢᠬᠤ ᠮᠣᠷᠠᠯ ᠰᠤᠷᠲᠠᠯ ᠢ ᠪᠤᠯᠪᠠᠰᠤᠷᠠᠭᠤᠯᠬᠤ︾ ᠪᠠᠷ ᠭᠤᠣᠯ ᠰᠡᠳᠦᠪ ᠪᠤᠯᠭᠠᠵᠤ᠂ ᠪᠦᠭᠦ ᠤᠯᠤᠰ ᠤᠨ 31 ᠮᠤᠵᠢ ︵ᠣᠷᠣᠨ᠂ ᠬᠤᠳᠠ︶᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠪᠣᠯᠣᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ ᠤ ᠣᠷᠣᠨ᠂ ᠣᠣᠮᠧᠨ ᠣᠨᠴᠠᠭᠠᠢ ᠵᠠᠰᠠᠭ ᠵᠠᠬᠢᠷᠭᠠᠨ ᠤ ᠣᠷᠣᠨ ᠤ 7400 ᠭᠠᠷᠤᠢ ᠪᠠᠭᠰᠢ ᠰᠤᠷᠤᠬᠴᠢ ᠲᠤᠬᠠᠢ ᠶᠢᠨ ᠲᠠᠯᠠᠪᠠᠢ ᠶᠢᠨ ᠦᠵᠡᠭᠦᠯᠭᠡ ᠶᠢᠨ ᠠᠵᠢᠯᠯᠠᠭ᠎ᠠ ᠳᠤ ᠣᠷᠣᠯᠴᠠᠪᠠ᠃ ᠮᠠᠨ ᠤ ᠣᠷᠣᠨ ᠨᠡᠶᠢᠲᠡ 8 ᠡᠩᠨᠡᠭᠡ ᠲᠣᠮᠢᠯᠠᠨ ᠣᠷᠣᠯᠴᠠᠭᠤᠯᠵᠤ᠂ ᠡᠭᠦᠨ ᠳᠤ 1 ᠤᠷᠠᠯᠢᠭ ᠤᠨ ᠲᠣᠬᠯᠠᠯᠲᠠ ᠶᠢᠨ ᠲᠥᠷᠥᠯ ᠤᠨ ᠲᠣᠬᠯᠠᠯᠲᠠ᠂ 2 ᠣᠶᠤᠲᠠᠳ ᠤᠨ ᠤᠷᠠᠯᠢᠭ ᠤᠨ ᠦᠢᠯᠡᠳᠦᠯᠭᠡ ᠶᠢᠨ ᠠᠵᠢᠯ ᠤᠨ ᠭᠠᠵᠠᠷ ᠤᠨ ᠲᠥᠷᠥᠯ ᠵᠦᠢᠯ᠂ 5 ᠶᠡᠭᠡ ᠳᠡᠭᠡᠳᠦ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠪᠠᠭᠲᠠᠨ᠎ᠠ᠃      ᠣᠶᠢᠯᠠᠭᠠᠭᠰᠠᠨ ᠢᠶᠠᠷ᠂ ᠪᠦᠭᠦ ᠤᠯᠤᠰ ᠤᠨ ᠣᠶᠤᠲᠠᠳ ᠤᠨ ᠤᠷᠠᠯᠢᠭ ᠤᠨ ᠦᠵᠡᠭᠦᠯᠭᠡ ᠶᠢᠨ ᠲᠣᠬᠯᠠᠯᠲᠠ ᠶᠢᠨ ᠠᠵᠢᠯᠯᠠᠭ᠎ᠠ ᠶᠢ 3 ᠵᠢᠯ ᠳᠤ ᠨᠢᠭᠡ ᠤᠳᠠᠭ᠎ᠠ ᠡᠷᠭᠢᠯᠡᠳᠡᠭ᠂ ᠰᠤᠷᠭᠠᠨ ᠬᠥᠮᠦᠵᠢᠯ ᠤᠨ ᠰᠢᠰᠲ᠋ᠧᠮ ᠤᠨ ᠡᠷᠭᠢᠯᠡᠵᠦ ᠪᠠᠶᠢᠭ᠎ᠠ ᠬᠡᠪᠴᠢᠶ᠎ᠡ ᠪᠠᠷ ᠬᠠᠮᠤᠭ ᠤᠨ ᠶᠡᠭᠡ᠂ ᠬᠡᠪ ᠪᠠᠷᠢᠮᠵᠢᠶ᠎ᠠ ᠪᠠᠷ ᠬᠠᠮᠤᠭ ᠤᠨ ᠥᠨᠳᠥᠷ᠂ ᠨᠥᠯᠥᠭᠡ ᠪᠠᠷ ᠬᠠᠮᠤᠭ ᠤᠨ ᠥᠷᠭᠡᠨ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠪᠣᠯᠣᠨ᠎ᠠ᠃ ᠲᠤᠰ ᠬᠤᠭᠤᠴᠠᠭᠠᠨ ᠤ ᠤᠷᠠᠯᠢᠭ ᠤᠨ ᠦᠵᠡᠭᠦᠯᠭᠡ ᠳᠤ ᠪᠡᠯᠡᠳᠬᠡᠬᠦ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠷᠢᠨ ᠨᠢᠮᠪᠠᠢ ᠵᠣᠬᠢᠶᠠᠨ ᠪᠠᠶᠢᠭᠤᠯᠤᠨ ᠪᠡᠯᠡᠳᠬᠡᠵᠦ᠂ ᠰᠤᠷᠭᠠᠭᠤᠯᠢ᠂ ᠨᠡᠶᠢᠭᠡᠮ ᠪᠣᠯᠣᠨ ᠲᠤᠰᠬᠠᠢ ᠮᠡᠷᠭᠡᠵᠢᠯ ᠤᠨ ᠡᠬᠢ ᠪᠠᠶᠠᠯᠢᠭ ᠢ ᠭᠦᠢᠴᠡᠳ ᠳᠠᠶᠢᠴᠢᠯᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠪᠤᠯᠭᠠᠵᠤ᠂ ᠬᠠᠮᠲᠤᠯᠢᠭ ᠤᠨ ᠴᠢᠨᠠᠷᠲᠠᠢ ᠤᠷᠠᠯᠢᠭ ᠤᠨ ᠦᠢᠯᠡᠳᠦᠯᠭᠡ ᠶᠢᠨ ᠠᠵᠢᠯᠯᠠᠭ᠎ᠠ ᠶᠢ ᠶᠡᠭᠡ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠰᠣᠷᠣᠬᠴᠢ ᠨᠢᠭᠡᠪᠦᠷᠢ ᠶᠢ ᠴᠥᠮ ᠣᠷᠣᠯᠴᠠᠭᠤᠯᠬᠤ ᠪᠠᠷ ᠴᠢᠷᠮᠠᠶᠢᠵᠤ᠂ ᠲᠦᠭᠡᠮᠡᠯᠵᠢᠭᠦᠯᠬᠦ ᠶᠢᠨ ᠳᠤᠮᠳᠠ ᠭᠤᠸ᠎ᠠ ᠰᠠᠶᠢᠬᠠᠨ ᠤ ᠬᠥᠮᠦᠵᠢᠯ ᠤᠨ ᠲᠥᠷᠥᠯ ᠵᠦᠢᠯ ᠤᠨ ᠵᠣᠬᠢᠶᠠᠨ ᠪᠦᠲᠦᠭᠡᠬᠦ ᠴᠢᠨᠠᠷ ᠢ ᠴᠢᠩᠭᠠᠳᠬᠠᠨ᠂ ᠤᠷᠠᠯᠢᠭ ᠤᠨ ᠠᠭᠤᠯᠬᠤᠨ ᠢ ᠭᠦᠨᠵᠡᠭᠡᠶᠢᠷᠡᠭᠦᠯᠵᠦ᠂ ᠮᠠᠨ ᠤ ᠣᠷᠣᠨ ᠤ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠪᠡ᠃      - ᠬᠤᠶᠢᠰᠢᠳᠠ ᠪᠢᠳᠡ ᠪᠠᠰᠠ ᠣᠯᠠᠨ ᠲᠥᠷᠥᠯ ᠤᠨ ᠶᠡᠷᠦᠩᠬᠡᠶᠢᠯᠡᠭᠰᠡᠨ ᠦᠵᠡᠭᠦᠯᠭᠡ ᠶᠢᠨ ᠲᠣᠬᠯᠠᠯᠲᠠ ᠪᠠ ᠲᠤᠰᠬᠠᠢ ᠲᠥᠷᠥᠯ ᠤᠨ ᠲᠤᠰᠬᠠᠢ ᠦᠵᠡᠭᠦᠯᠭᠡ ᠶᠢᠨ ᠲᠣᠬᠯᠠᠯᠲᠠ ᠶᠢᠨ ᠠᠭᠤᠰᠤᠯᠴᠠᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠵᠤ᠂︿ᠰᠢᠷᠭᠠᠭᠤ ᠪᠣᠯᠪᠠᠰᠤᠷᠠᠬᠤ + ᠪᠠᠶᠢᠩᠭᠤ ᠦᠵᠡᠭᠦᠯᠭᠦ + ᠪᠠᠶᠢᠩᠭᠤ ᠲᠣᠭᠯᠠᠬᠤ﹀ᠲᠣᠭᠲᠠᠴᠠ ᠶᠢ ᠦᠷᠭᠦᠯᠵᠢᠯᠡᠨ ᠪᠠᠶᠢᠭᠤᠯᠵᠤ᠂ ᠮᠠᠨ ᠤ ᠣᠷᠣᠨ ᠤ ᠰᠢᠨ᠎ᠡ ᠴᠠᠭ ᠦᠶ᠎ᠡ ᠶᠢᠨ ᠰᠤᠷᠭᠠᠭᠤᠯᠢ ᠶᠢᠨ ᠭᠤᠸ᠎ᠠ ᠰᠠᠶᠢᠬᠠᠨ ᠤ ᠬᠥᠮᠦᠵᠢᠯ ᠤᠨ ᠰᠣᠶᠣᠯ ᠤᠨ ᠲᠦᠷᠦᠯ ᠲᠡᠮᠳᠡᠭ ᠢ ᠬᠦᠴᠦᠯᠡᠨ ᠪᠤᠶ ᠪᠣᠯᠭᠠᠨ᠎ᠠ︾ᠭᠡᠵᠦ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠬᠢᠭᠡᠳ ᠭᠦᠳᠡᠯᠮᠦᠷᠢ ᠶᠢᠨ ᠰᠤᠷᠭᠠᠨ ᠬᠥᠮᠦᠵᠢᠯ ᠤᠨ ᠭᠠᠵᠠᠷ ᠤᠨ ᠬᠠᠷᠢᠭᠤᠴᠠᠯᠭᠠᠲᠠᠨ ᠲᠠᠨᠢᠯᠴᠠᠭᠤᠯᠪᠠ᠃      ᠢᠷᠡᠯᠲᠡ᠄ ᠤᠮᠠᠷᠠᠲᠤ ᠶᠢᠨ ᠰᠦᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号