ᠮᠠᠨ ᠤ ᠣᠷᠣᠨ ᠤ 1 ᠲᠦᠷᠦᠯ ᠵᠦᠢᠯ ᠪᠦᠭᠦ ᠤᠯᠤᠰ ᠤᠨ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠷᠡᠭᠦᠯᠬᠦ ᠰᠢᠯᠢᠳᠡᠭ ᠵᠢᠱᠢᠶ᠎ᠡ ᠪᠠᠷ ᠰᠣᠩᠭᠤᠭᠳᠠᠯ᠎ᠠ
ᠨᠡᠶᠢᠲᠡᠯᠡᠭᠰᠡᠨ ᠴᠠᠭ᠄
2024/6/24
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠠᠯᠢᠭ ᠤᠨ ᠰᠤᠳᠤᠯᠭᠠᠨ ᠤ ᠬᠦᠷᠢᠶᠡᠯᠡᠩ ︵ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠲᠥᠪ︶ ᠤᠨ ᠳᠡᠪᠰᠢᠭᠦᠯᠦᠭᠰᠡᠨ︽ᠥᠪᠥᠷ ᠮᠣᠩᠭᠤᠯ   ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠰᠦᠯᠵᠢᠶ᠎ᠡ ᠪᠠᠷ ᠤᠯᠠᠮᠵᠢᠯᠠᠨ ᠳᠡᠯᠭᠡᠷᠡᠭᠦᠯᠬᠦ ᠲᠥᠷᠥᠯ ᠵᠦᠢᠯ︾ ᠣᠷᠴᠢᠮᠬᠠᠨ ᠪᠦᠭᠦ ᠤᠯᠤᠰ ᠤᠨ ᠠᠩᠬᠠᠳᠤᠭᠠᠷ ᠬᠤᠭᠤᠴᠠᠭᠠᠨ ᠤ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠷᠡᠭᠦᠯᠬᠦ ᠰᠢᠯᠢᠳᠡᠭ ᠵᠢᠱᠢᠶ᠎ᠡ ᠳᠤ ᠰᠣᠩᠭᠤᠭᠳᠠᠵᠤ᠂ ᠮᠠᠨ ᠤ ᠣᠷᠣᠨ ᠤ ᠣᠶᠢᠷ᠎ᠠ ᠶᠢᠨ ᠵᠢᠯ ᠤᠨ ᠲᠤᠷᠰᠢᠬᠢ ᠪᠣᠳᠠᠰ ᠤᠨ ᠪᠤᠰᠤ ᠰᠣᠶᠣᠯ ᠤᠨ ᠥᠪ ᠢ ᠲᠣᠭᠠᠴᠢᠯᠠᠨ ᠬᠠᠮᠠᠭᠠᠯᠠᠬᠤ ᠵᠢᠴᠢ ᠤᠯᠠᠮᠵᠢᠯᠠᠨ ᠳᠡᠯᠭᠡᠷᠡᠭᠦᠯᠬᠦ  ᠠᠵᠢᠯ ᠳᠤ ᠢᠳᠡᠪᠬᠢ ᠦᠷ᠎ᠡ ᠪᠦᠲᠦᠮᠵᠢ ᠣᠯᠣᠭᠰᠠᠨ ᠢ  ᠬᠠᠷᠠᠭᠤᠯᠵᠤ ᠪᠤᠢ᠃          ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠢ ᠠᠵᠢᠯᠯᠠᠭᠤᠯᠤᠭᠰᠠᠨ ᠠᠴᠠ ᠨᠠᠭᠠᠰᠢ ︽ᠢᠨᠲ᠋ᠧᠷ ᠰᠦᠯᠵᠢᠶ᠎ᠡ+ ᠪᠣᠳᠠᠰ ᠤᠨ ᠪᠤᠰᠤ ᠰᠣᠶᠣᠯ ᠤᠨ ᠥᠪ︾ ᠢᠶᠠᠷ ᠭᠤᠣᠯ ᠣᠶᠢᠯᠠᠭᠠᠭᠳᠠᠬᠤᠨ ᠪᠤᠯᠭᠠᠵᠤ᠂ ᠠᠭᠤᠯᠭ᠎ᠠ ᠪᠠᠨ ᠪᠠᠶᠢᠩᠭᠤ ᠰᠢᠨᠡᠳᠬᠡᠬᠦ  ᠪᠠ ᠰᠢᠨᠡᠴᠢᠯᠡᠭᠰᠡᠨ ᠦᠵᠡᠭᠦᠯᠭᠡ ᠪᠠᠷ ᠳᠠᠮᠵᠢᠨ ᠣᠯᠠᠨ ᠨᠡᠶᠢᠲᠡ ᠳᠤ ᠪᠠᠶᠠᠯᠢᠭ ᠰᠠᠶᠢᠬᠠᠨ᠂ ᠠᠮᠢᠳᠤᠯᠢᠭ ᠰᠣᠨᠢᠷᠬᠠᠯᠲᠠᠢ ᠪᠣᠳᠠᠰ ᠤᠨ ᠪᠤᠰᠤ ᠰᠣᠶᠣᠯ ᠤᠨ ᠥᠪ ᠢ ᠪᠦᠭᠦ ᠲᠠᠯ᠎ᠠ ᠪᠠᠷ ᠳᠡᠯᠭᠡᠨ ᠦᠵᠡᠭᠦᠯᠵᠦ ᠪᠤᠢ᠃ ᠲᠠᠪᠴᠠᠩ   ᠨᠢ ︽ᠨᠢᠳᠦᠨ ᠳᠤ ᠦᠵᠡᠭᠳᠡᠮ᠎ᠡ ᠪᠣᠳᠠᠰ ᠤᠨ ᠪᠤᠰᠤ ᠰᠣᠶᠣᠯ ᠤᠨ ᠥᠪ︾᠂ ︽ᠠᠪᠴᠤ ᠶᠠᠪᠤᠵᠤ ᠪᠤᠯᠬᠤ ᠪᠣᠳᠠᠰ ᠤᠨ ᠪᠤᠰᠤ ᠰᠣᠶᠣᠯ ᠤᠨ ᠥᠪ︾᠂︽ᠰᠤᠷᠴᠤ ᠣᠯᠣᠭᠰᠠᠨ ᠪᠣᠳᠠᠰ ᠤᠨ ᠪᠤᠰᠤ ᠰᠣᠶᠣᠯ ᠤᠨ ᠥᠪ︾ ᠭᠡᠬᠦ ᠠᠮᠢᠳᠤᠷᠠᠯ ᠳᠤ ᠣᠶᠢᠷᠠᠲᠤᠭᠰᠠᠨ ᠲᠣᠭᠠᠴᠢᠯᠠᠭᠰᠠᠨ ᠠᠷᠭ᠎ᠠ ᠭᠡᠯᠪᠡᠷᠢ ᠪᠠᠷ ᠪᠣᠳᠠᠰ ᠤᠨ ᠪᠤᠰᠤ ᠰᠣᠶᠣᠯ ᠤᠨ ᠥᠪ ᠢ ᠤᠯᠠᠨ ᠲᠦᠮᠡᠨ  ᠳᠤ ᠨᠡᠩ ᠣᠶᠢᠷᠠᠲᠤᠭᠤᠯᠵᠤ᠂ ᠨᠡᠩ ᠠᠮᠠᠷᠬᠠᠨ ᠤᠯᠠᠮᠵᠢᠯᠠᠵᠤ᠂ 2019 ᠣᠨ ᠳᠤ ᠰᠣᠶᠣᠯ ᠪᠠ ᠵᠢᠭᠤᠯᠴᠢᠯᠠᠯ ᠤᠨ ᠶᠠᠮᠤᠨ ᠤ ᠰᠣᠶᠣᠯ ᠤᠷᠠᠯᠢᠭ ᠪᠣᠯᠣᠨ ᠵᠢᠭᠤᠯᠴᠢᠯᠠᠯ ᠤᠨ ᠰᠤᠳᠤᠯᠭᠠᠨ ᠤ ᠲᠦᠷᠦᠯ ᠵᠦᠢᠯ ᠤᠨ ᠮᠡᠳᠡᠭᠡ ᠵᠠᠩᠭᠢᠵᠢᠯᠲᠠ  ᠶᠢᠨ ᠬᠥᠭᠵᠢᠯᠲᠡ ᠶᠢᠨ ᠲᠤᠰᠬᠠᠢ ᠲᠦᠷᠦᠯ ᠵᠦᠢᠯ ᠳᠤ ᠰᠣᠩᠭᠤᠭᠳᠠᠵᠠᠢ᠃ ᠡᠨᠡ ᠬᠦ ᠡᠭᠦᠳᠦᠯᠲᠡ ᠶᠢᠨ ᠴᠢᠨᠠᠷᠲᠠᠢ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠳᠡᠯᠭᠡᠷᠡᠭᠦᠯᠬᠦ ᠠᠷᠭ᠎ᠠ ᠭᠡᠯᠪᠡᠷᠢ ᠨᠢ ᠮᠠᠨ ᠤ ᠣᠷᠣᠨ ᠤ ᠪᠣᠳᠠᠰ  ᠤᠨ ᠪᠤᠰᠤ ᠰᠣᠶᠣᠯ ᠤᠨ ᠥᠪ ᠢ ᠬᠠᠮᠠᠭᠠᠯᠠᠬᠤ ᠠᠵᠢᠯ ᠤᠨ ᠦᠷ᠎ᠡ ᠪᠦᠳᠦᠮᠵᠢ ᠶᠢ ᠳᠡᠯᠭᠡᠨ ᠦᠵᠡᠭᠦᠯᠭᠦ ᠤᠬᠠᠭᠤᠯᠭ᠎ᠠ  ᠶᠢᠨ ᠭᠡᠯᠪᠡᠷᠢ ᠶᠢ ᠪᠠᠶᠠᠯᠢᠭᠵᠢᠭᠤᠯᠵᠤ᠂ ᠨᠡᠩ ᠤᠯᠠᠨ ᠬᠥᠮᠥᠰ ᠲᠤ ᠪᠣᠳᠠᠰ ᠤᠨ ᠪᠤᠰᠤ ᠰᠣᠶᠣᠯ ᠤᠨ ᠥᠪ ᠢ‌ᠤᠯᠠᠮᠵᠢᠯᠠᠨ ᠵᠠᠯᠭᠠᠮᠵᠢᠯᠠᠬᠤ ᠪᠠ ᠬᠠᠮᠠᠭᠠᠯᠠᠬᠤ ᠶᠢᠨ ᠴᠢᠬᠤᠯᠠ ᠴᠢᠨᠠᠷ ᠪᠠ ᠠᠷᠭ᠎ᠠ ᠭᠡᠯᠪᠡᠷᠢ ᠶᠢ ᠣᠶᠢᠯᠠᠭᠠᠭᠤᠯᠤᠨ᠂ ᠪᠣᠳᠠᠰ ᠤᠨ ᠪᠤᠰᠤ ᠰᠣᠶᠣᠯ ᠤᠨ ᠥᠪ ᠢ ᠪᠠᠭ᠋ᠠᠷᠬᠠᠭᠤᠯᠬᠤ ᠶᠢᠨ ᠬᠠᠮᠲᠤ ᠤᠯᠠᠨ ᠨᠡᠶᠢᠳᠡ ᠶᠢᠨ ᠣᠷᠣᠯᠴᠠᠭ᠎ᠠ ᠶᠢ ᠪᠦᠳᠦᠮᠵᠢᠳᠠᠢ ᠳᠠᠶᠢᠴᠢᠯᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号