| ᠣᠶᠢᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ | ᠣᠶᠤᠨᠴᠢ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠬᠤᠲᠠ ᠶᠢᠨ 2023 ᠣᠨ ᠤ ᠠᠵᠢᠯ ᠤᠨ | ᠪᠠᠶᠢᠳᠠᠯ ᠤᠨ ᠲᠤᠬᠠᠢ ᠮᠡᠳᠡᠭᠡᠯᠡᠯ ᠢ ᠨᠡᠶᠢᠲᠡᠯᠡᠪᠡ᠃ | | | ᠮᠡᠳᠡᠭᠡᠯᠡᠯ ᠤᠨ ᠭᠤᠣᠯ ᠠᠭᠤᠯᠭ᠎ᠠ ᠨᠢ ᠳᠣᠣᠷᠠᠬᠢ ᠮᠡᠲᠦ᠄ | 1. ᠲᠤᠷᠰᠢᠯᠲᠠ ᠶᠢᠨ ᠴᠡᠭ ᠤᠨ ᠠᠵᠢᠯ ᠤᠨ ᠶᠡᠷᠦᠩᠬᠡᠢ ᠠᠬᠢᠴᠠ | ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠡᠯ᠎ᠡ ᠲᠤᠷᠰᠢᠯᠲᠠ ᠶᠢᠨ ᠴᠡᠭ ᠤᠨ | ᠬᠤᠲᠠ ᠶᠢᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠲᠥᠪ ᠤᠨ ᠠᠵᠤ ᠠᠬᠤᠢ ᠶᠢᠨ | ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠯᠲᠠ ᠲᠠᠢ ᠨᠢᠭᠲᠠ | ᠤᠶᠠᠯᠳᠤᠭᠤᠯᠤᠨ᠂ ᠣᠶᠤᠨᠴᠢ ᠪᠦᠲᠦᠭᠡᠨ ᠪᠠᠶᠢᠭᠤᠯᠤᠯᠲᠠ ᠶᠢ ᠬᠥᠭᠵᠢᠭᠦᠯᠬᠦ᠂ ᠪᠠᠷᠢᠯᠭ᠎ᠠ ᠶᠢᠨ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ | ᠴᠢᠩᠭᠠᠷᠠᠭᠤᠯᠵᠤ᠂ ᠡᠯ᠎ᠡ ᠵᠦᠢᠯ ᠤᠨ ᠲᠤᠷᠰᠢᠯᠲᠠ ᠶᠢᠨ ᠴᠡᠭ ᠤᠨ ᠡᠭᠦᠷᠭᠡ ᠶᠢ ᠡᠮᠬᠢ ᠵᠢᠷᠤᠮ ᠲᠠᠢ ᠠᠬᠢᠭᠤᠯᠵᠤ᠂ | ᠢᠳᠡᠪᠬᠢᠲᠡᠢ ᠠᠬᠢᠴᠠ ᠪᠠ ᠦᠷ᠎ᠡ ᠪᠦᠲᠦᠮᠵᠢ ᠣᠯᠪᠠ᠃ | ︵ᠨᠢᠭᠡ︶ ᠠᠵᠢᠯ ᠤᠨ ᠲᠣᠭᠲᠠᠴᠠ ᠶᠢ ᠪᠠᠶᠢᠭᠤᠯᠪᠠ᠃ ᠲᠤᠷᠰᠢᠯᠲᠠ ᠶᠢᠨ ᠴᠡᠭ ᠪᠣᠯᠬᠤ 24 ᠬᠤᠲᠠ ᠨᠢ ᠴᠥᠮ | ᠣᠶᠤᠨᠴᠢ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ | ᠪᠠᠶᠢᠭᠤᠯᠵᠠᠢ᠂ ᠡᠭᠦᠨ ᠳᠤ 17 ᠬᠤᠲᠠ ᠨᠢ ᠬᠤᠲᠠ ᠶᠢᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠨᠥᠬᠦᠷ | ᠲᠦᠷᠦᠭᠦᠯᠡᠪᠡ᠃ ᠭᠠᠵᠠᠷ ᠰᠢᠷᠣᠢ᠂ ᠲᠥᠯᠦᠪᠵᠢᠭᠦᠯᠭᠡ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠮᠡᠷᠭᠡᠵᠢᠯ᠂ | ᠴᠢᠳᠠᠪᠤᠷᠢᠲᠠᠨ᠂ ᠳᠠᠭᠠᠭᠠᠴᠢᠯᠠᠯᠲᠠ ᠵᠠᠷᠯᠠᠬᠤ᠂ ᠳᠠᠭᠠᠭᠠᠴᠢᠯᠠᠯᠲᠠ ᠬᠦᠯᠢᠶᠡᠬᠦ᠂ ᠰᠢᠯᠢᠳᠡᠭ ᠢ ᠰᠢᠯᠭᠠᠷᠠᠭᠤᠯᠤᠨ ᠱᠠᠩᠨᠠᠬᠤ | ᠵᠡᠷᠭᠡ ᠠᠯᠢ ᠣᠯᠠᠨ ᠲᠡᠮᠵᠢᠯᠭᠡᠳᠦ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ 506 ᠠᠵᠤ ᠠᠬᠤᠶᠢᠯᠠᠯ ᠢ ᠣᠶᠤᠨᠴᠢ | ᠪᠦᠲᠦᠭᠡᠨ ᠪᠠᠶᠢᠭᠤᠯᠤᠯᠲᠠ ᠶᠢᠨ ᠭᠤᠣᠯᠯᠠᠭᠴᠢ ᠠᠵᠤ ᠠᠬᠤᠶᠢᠯᠠᠯ ᠢᠶᠠᠷ ᠬᠥᠮᠥᠵᠢᠭᠦᠯᠬᠦ ᠨᠡᠷᠡᠰ ᠲᠤ ᠣᠷᠣᠭᠤᠯᠵᠤ᠂ | ᠡᠭᠦᠨ ᠳᠤ 214 ᠠᠵᠤ ᠠᠬᠤᠶᠢᠯᠠᠯ ᠨᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ | 108 ᠠᠵᠤ ᠠᠬᠤᠶᠢᠯᠠᠯ ᠨᠢ ᠤᠯᠤᠰ ᠤᠨ ᠲᠠᠰ ᠤᠨ ᠪᠤᠶᠤ ᠮᠤᠵᠢ ᠶᠢᠨ ᠲᠠᠰ ᠤᠨ ︽ᠲᠤᠰᠬᠠᠢ ᠨᠠᠷᠢᠯᠢᠭ ᠣᠨᠴᠠ | ᠰᠢᠨ᠎ᠡ︾ ᠠᠵᠤ ᠠᠬᠤᠶᠢᠯᠠᠯ ᠢᠶᠠᠷ ᠦᠨᠡᠯᠡᠭᠳᠡᠪᠡ᠃ ᠣᠶᠤᠨᠴᠢ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ | ᠴᠡᠭ ᠤᠨ 758 ᠵᠢᠱᠢᠶᠡᠴᠢ ᠢᠨᠵᠧᠨᠧᠷᠢᠩ ᠤᠨ ᠲᠥᠷᠥᠯ ᠵᠦᠢᠯ ᠢ ᠨᠡᠶᠢᠲᠡᠯᠡᠪᠡ᠂ ᠡᠭᠦᠨ ᠳᠤ ᠣᠷᠣᠨ ᠰᠠᠭᠤᠴᠠ ᠶᠢᠨ | ᠲᠥᠷᠥᠯ ᠵᠦᠢᠯ 209᠂ ᠬᠤᠲᠠ ᠶᠢᠨ ᠰᠢᠨᠡᠴᠢᠯᠡᠯᠲᠡ ᠶᠢᠨ ᠲᠥᠷᠥᠯ ᠵᠦᠢᠯ 17 ᠪᠠᠭᠲᠠᠨ᠎ᠠ᠃ | ︵ᠬᠤᠶᠠᠷ︶᠂ ᠠᠵᠢᠯ ᠤᠨ ᠦᠷ᠎ᠡ ᠪᠦᠲᠦᠮᠵᠢ ᠶᠢ ᠣᠯᠪᠠ᠃ ᠲᠤᠷᠰᠢᠯᠲᠠ ᠶᠢᠨ ᠴᠡᠭ ᠤᠨ 24 ᠲᠤᠷᠰᠢᠯᠲᠠ ᠶᠢᠨ | ᠴᠡᠭ ᠤᠨ ᠬᠤᠲᠠ ᠶᠢᠨ ᠬᠤᠯᠪᠣᠭᠳᠠᠯ ᠪᠦᠬᠦᠢ ᠨᠢᠭᠡᠴᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | 39 ᠲᠠᠪᠴᠠᠩ ᠢ ᠡᠬᠢᠯᠡᠭᠦᠯᠦᠨ ᠪᠠᠶᠢᠭᠤᠯᠬᠤ ᠶᠢ ᠲᠡᠮᠵᠢᠪᠡ᠂ ᠡᠭᠦᠨ ᠳᠤ ᠤᠯᠤᠰ ᠤᠨ ᠲᠠᠰ ᠤᠨ ᠲᠠᠪᠴᠠᠩ 2᠂ ᠮᠤᠵᠢ | ᠶᠠᠮᠤᠨ ᠤ ᠲᠠᠰ ᠤᠨ ᠲᠠᠪᠴᠠᠩ 19 ᠪᠣᠶ᠃ ᠣᠶᠤᠨᠴᠢ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠰᠢᠨᠵᠢᠯᠡᠬᠦ | ᠤᠬᠠᠭᠠᠨ ᠤ ᠰᠤᠳᠤᠯᠭᠠᠨ ᠤ 105 ᠲᠥᠷᠥᠯ ᠵᠦᠢᠯ ᠢ ᠲᠣᠭᠲᠠᠭᠠᠵᠤ᠂ 7 ᠵᠦᠢᠯ ᠤᠨ ᠮᠡᠷᠭᠡᠵᠢᠯ ᠤᠨ ᠰᠤᠳᠤᠯᠤᠨ | ᠨᠡᠭᠡᠭᠡᠭᠰᠡᠨ ᠦᠷ᠎ᠡ ᠪᠦᠲᠦᠭᠡᠯ ᠨᠢ ᠮᠤᠵᠢ ᠶᠢᠨ ᠱᠠᠲᠤᠨ ᠠᠴᠠ ᠳᠡᠭᠡᠭᠰᠢᠬᠢ ᠠᠩᠬᠠᠳᠠᠭᠴᠢ ︵ᠢᠵᠢ︶ ᠴᠢᠬᠤᠯᠠ ᠶᠡᠭᠡ | ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠨᠤᠲᠠᠯᠠᠯᠲᠠ ᠶᠢ ᠣᠯᠵᠤ᠂ 10 ᠵᠦᠢᠯ ᠤᠨ ᠮᠡᠷᠭᠡᠵᠢᠯ ᠤᠨ ᠰᠤᠳᠤᠯᠤᠨ | ᠨᠡᠭᠡᠭᠡᠭᠰᠡᠨ ᠦᠷ᠎ᠡ ᠪᠦᠲᠦᠭᠡᠯ ᠨᠢ ᠮᠤᠵᠢ ᠶᠢᠨ ᠱᠠᠲᠤᠨ ᠠᠴᠠ ᠳᠡᠭᠡᠭᠰᠢᠬᠢ ᠠᠩᠬᠠᠨ ᠤ ᠬᠡᠪᠯᠡᠯ ᠤᠨ ᠵᠥᠭᠡᠯᠡᠨ | ᠲᠣᠨᠤᠭ ᠤᠨ ᠦᠢᠯᠡᠳᠬᠦᠨ ᠤ ᠦᠨᠡᠮᠰᠢᠯ ᠢ ᠣᠯᠪᠠ᠃ 47 ᠵᠦᠢᠯ ᠤᠨ ᠣᠶᠤᠨᠴᠢ ᠪᠦᠲᠦᠭᠡᠨ ᠪᠠᠶᠢᠭᠤᠯᠤᠯᠲᠠ ᠨᠢ | ᠬᠠᠮᠢᠶ᠎ᠠ ᠪᠦᠬᠦᠢ ᠪᠠᠷᠢᠮᠵᠢᠶ᠎ᠠ᠂ ᠲᠣᠭᠲᠠᠭᠰᠠᠨ ᠨᠣᠷᠮ᠎ᠠ ᠪᠠ ᠵᠢᠯᠤᠭᠤᠳᠬᠤ ᠳᠦᠷᠢᠮ ᠢ ᠨᠡᠶᠢᠲᠡᠯᠡᠨ ᠬᠡᠷᠡᠭᠵᠢᠭᠦᠯᠵᠦ᠂ | ᠪᠠᠷᠢᠯᠭ᠎ᠠ ᠶᠢᠨ ᠮᠡᠳᠡᠭᠡ ᠵᠠᠩᠭᠢ ᠶᠢᠨ ᠵᠠᠭᠪᠤᠷ ︵BIM︶ ᠲᠤ ᠬᠤᠯᠪᠣᠭᠳᠠᠪᠠ᠃ ᠪᠠᠷᠢᠯᠭ᠎ᠠ ᠶᠢᠨ ᠮᠠᠰᠢᠨ ᠬᠥᠮᠥᠨ᠂ | ᠣᠶᠤᠨᠴᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠦᠨᠡᠯᠡᠬᠦ ᠵᠡᠷᠭᠡ ᠲᠠᠯ᠎ᠠ ᠪᠠᠷ᠂ ᠪᠠᠷᠢᠯᠭ᠎ᠠ ᠶᠢᠨ ᠮᠠᠰᠢᠨ | ᠬᠥᠮᠥᠨ ᠤ ᠨᠥᠬᠦᠪᠦᠷᠢ ᠨᠣᠷᠮ᠎ᠠ ᠨᠢᠭᠡᠨᠲᠡ 6 ᠬᠤᠲᠠ ᠳᠤ ᠪᠣᠳᠠᠲᠠᠢ ᠬᠡᠷᠡᠭᠵᠢᠭᠦᠯᠦᠭᠳᠡᠪᠡ᠃ 99 ᠶᠡᠭᠡ ᠳᠡᠭᠡᠳᠦ | ᠰᠤᠷᠭᠠᠭᠤᠯᠢ ᠨᠢ ᠣᠶᠤᠨᠴᠢ ᠪᠦᠲᠦᠭᠡᠨ ᠪᠠᠶᠢᠭᠤᠯᠤᠯᠲᠠ ᠶᠢᠨ ᠲᠤᠰᠬᠠᠢ ᠮᠡᠷᠭᠡᠵᠢᠯ ᠪᠤᠶᠤ ᠴᠢᠭᠯᠡᠯ ᠢᠶᠠᠷ 2023 | ᠣᠨ ᠳᠤ 5539 ᠰᠤᠷᠤᠭᠴᠢ ᠡᠯᠰᠡᠪᠡ᠃ | ︵ᠭᠤᠷᠪᠠ︶ ᠲᠤᠷᠰᠢᠯᠭ᠎ᠠ ᠪᠠ ᠠᠷᠭ᠎ᠠ ᠶᠢ ᠪᠦᠷᠢᠯᠳᠦᠭᠦᠯᠪᠡ᠃ ᠲᠤᠷᠰᠢᠯᠲᠠ ᠬᠢᠬᠦ ᠪᠠᠷ ᠳᠠᠮᠵᠢᠭᠤᠯᠤᠨ᠂ 42 | ᠲᠠᠯ᠎ᠠ ᠶᠢᠨ 130 ᠵᠤᠷᠪᠤᠰ ᠬᠠᠭᠤᠯᠪᠤᠷᠢᠯᠠᠵᠤ ᠪᠣᠯᠬᠤ ᠲᠤᠷᠰᠢᠯᠭ᠎ᠠ ᠠᠷᠭ᠎ᠠ ᠬᠢᠳᠡᠯ ᠢ ᠪᠦᠷᠢᠯᠳᠦᠭᠦᠯᠵᠦ᠂ ᠪᠥᠬᠦ | ᠤᠯᠤᠰ ᠲᠤ ᠵᠢᠱᠢᠶ᠎ᠡ ᠳᠠᠭᠤᠷᠢᠶᠠᠯ ᠬᠠᠩᠭᠠᠪᠠ᠃ ᠡᠯ᠎ᠡ ᠲᠤᠷᠰᠢᠯᠲᠠ ᠶᠢᠨ ᠬᠤᠲᠠ ᠶᠢᠨ ᠬᠢᠨ ᠨᠡᠶᠢᠲᠡ ᠵᠠᠭᠤ ᠭᠠᠷᠤᠢ | ᠲᠠᠯᠠᠪᠤᠷ ᠮᠡᠷᠭᠡᠵᠢᠯ ᠤᠨ ᠰᠣᠯᠢᠯᠴᠠᠭ᠎ᠠ ᠪᠠ ᠲᠥᠷᠥᠯ ᠵᠦᠢᠯ ᠤᠨ ᠲᠣᠭᠤᠷᠢᠨ ᠦᠵᠡᠬᠦ ᠠᠵᠢᠯᠯᠠᠭ᠎ᠠ ᠶᠢ ᠵᠣᠬᠢᠶᠠᠨ | ᠪᠠᠶᠢᠭᠤᠯᠵᠤ᠂ ᠡᠯ᠎ᠡ ᠲᠥᠷᠥᠯ ᠤᠨ ᠵᠠᠭᠤᠴᠢᠯᠠᠭᠤᠷ ᠢᠶᠠᠷ ᠤᠬᠠᠭᠤᠯᠤᠨ ᠳᠡᠯᠭᠡᠷᠡᠭᠦᠯᠬᠦ ᠪᠠᠷ ᠳᠠᠮᠵᠢᠭᠤᠯᠤᠨ᠂ ᠠᠵᠢᠯ | ᠲᠥᠷᠥᠯ ᠤᠨ ᠳᠣᠲᠣᠷ᠎ᠠ ᠰᠢᠨ᠎ᠡ ᠶᠢ ᠡᠭᠦᠳᠬᠦ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠪᠠᠷᠢᠯᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ | ᠦᠷ᠎ᠡ ᠪᠦᠲᠦᠭᠡᠯ ᠤᠨ ᠲᠤᠬᠠᠢ ᠦᠵᠡᠯᠲᠡ ᠲᠠᠨᠢᠯᠲᠠ ᠶᠢ ᠨᠢ ᠳᠡᠭᠡᠭᠰᠢᠯᠡᠭᠦᠯᠪᠡ᠃ | | | 2. ᠲᠤᠷᠰᠢᠯᠲᠠ ᠶᠢᠨ ᠬᠤᠲᠠ ᠶᠢᠨ ᠦᠨᠡᠯᠡᠯᠲᠡ ᠶᠢᠨ ᠦᠷ᠎ᠡ ᠳ᠋ᠦᠩ | ᠲᠤᠷᠰᠢᠯᠲᠠ ᠶᠢᠨ ᠬᠤᠲᠠ ᠥᠪᠡᠷ ᠢ ᠪᠠᠨ ᠦᠨᠡᠯᠡᠬᠦ᠂ ᠲᠤᠷᠰᠢᠯᠲᠠ ᠶᠢᠨ ᠬᠤᠲᠠ ᠬᠠᠷᠢᠯᠴᠠᠨ ᠦᠨᠡᠯᠡᠬᠦ᠂ | ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠬᠤᠷᠠᠯ ᠢᠶᠠᠷ ᠰᠢᠯᠭᠠᠷᠠᠭᠤᠯᠬᠤ ᠪᠠᠷ ᠳᠡᠮᠵᠢᠨ᠂ ᠲᠤᠭ᠎ᠠ ᠪᠠᠷᠢᠮᠲᠠ ᠶᠢ | ᠪᠦᠷᠢᠳᠬᠡᠬᠦ᠂ ᠦᠷ᠎ᠡ ᠪᠦᠲᠦᠭᠡᠯ ᠢ ᠵᠠᠳᠠᠯᠬᠤ᠂ ᠲᠤᠰᠬᠠᠢ ᠮᠡᠷᠭᠡᠵᠢᠯᠲᠡᠨ ᠤ ᠦᠨᠡᠯᠡᠯᠲᠡ ᠵᠡᠷᠭᠡ ᠠᠷᠭ᠎ᠠ ᠶᠢ ᠶᠡᠷᠦᠩᠬᠡᠶᠢᠯᠡᠨ | ᠬᠡᠷᠡᠭᠯᠡᠵᠦ᠂ ᠲᠤᠷᠰᠢᠯᠲᠠ ᠶᠢᠨ ᠴᠡᠭ ᠪᠣᠯᠬᠤ 24 ᠬᠤᠲᠠ ᠶᠢᠨ 2023 ᠣᠨ ᠤ ᠠᠵᠢᠯ ᠤᠨ ᠪᠠᠶᠢᠳᠠᠯ ᠢ ᠦᠨᠡᠯᠡᠨ | ᠵᠢᠱᠢᠬᠦ ᠰᠠᠨᠠᠯ ᠨᠢ ᠳᠣᠣᠷᠠᠬᠢ ᠮᠡᠲᠦ᠄ | ᠱᠧᠨᠵᠧᠨ᠂ ᠰᠦᠵᠸᠦ᠂ ᠦᠬᠠᠨ᠂ ᠾᠧᠹᠧᠢ᠂ ᠭᠤᠸᠠᠩᠵᠧᠦ᠂ ᠴᠠᠩᠱᠠ᠂ ᠸᠧᠨᠵᠸᠦ᠂ ᠳᠠᠶᠢᠵᠸᠦ ᠵᠡᠷᠭᠡ 8 | ᠲᠤᠷᠰᠢᠯᠲᠠ ᠶᠢᠨ ᠴᠡᠭ ᠤᠨ ᠬᠤᠲᠠ ᠶᠢᠨ ᠵᠣᠬᠢᠶᠠᠨ ᠪᠠᠶᠢᠭᠤᠯᠵᠤ ᠠᠬᠢᠭᠤᠯᠬᠤ ᠡᠷᠴᠢᠮ ᠨᠢ ᠨᠡᠯᠢᠶᠡᠳ ᠶᠡᠭᠡ᠂ ᠡᠯ᠎ᠡ | ᠵᠦᠢᠯ ᠤᠨ ᠲᠤᠷᠰᠢᠯᠲᠠ ᠶᠢᠨ ᠴᠡᠭ ᠤᠨ ᠡᠭᠦᠷᠭᠡ ᠶᠢᠨ ᠠᠬᠢᠴᠠ ᠨᠢ ᠢᠯᠡᠷᠬᠡᠢ᠂ ᠠᠵᠢᠯ ᠤᠨ ᠦᠷ᠎ᠡ ᠪᠦᠲᠦᠮᠵᠢ ᠨᠢ | ᠲᠣᠪᠣᠶᠢᠮ᠎ᠠ᠂ ᠶᠡᠷᠦᠩᠬᠡᠶᠢᠯᠡᠭᠰᠡᠨ ᠢᠯᠡᠷᠡᠯ ᠨᠢ ᠰᠢᠯᠢᠳᠡᠭ ᠢ ᠨᠢ ᠬᠥᠬᠢᠭᠦᠯᠵᠦ ᠱᠠᠩᠨᠠᠨ᠎ᠠ᠃ ᠡᠭᠦᠨ ᠳᠤ᠂ ᠱᠧᠨᠵᠧᠨ | ᠬᠤᠲᠠ ᠨᠢ ᠰᠢᠨ᠎ᠡ ᠶᠢ ᠡᠭᠦᠳᠬᠦ ᠪᠠᠷ ᠬᠥᠳᠡᠯᠭᠡᠭᠦᠷ ᠬᠦᠴᠦᠨ ᠪᠣᠯᠭᠠᠬᠤ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠦᠢᠯᠡᠰ ᠬᠢᠭᠡᠳ ᠲᠡᠷᠢᠭᠦᠨ ᠤ ᠬᠢ ᠦᠢᠯᠡᠳᠬᠦ | ᠦᠢᠯᠡᠰ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠵᠠᠭᠠᠭ ᠠᠯᠤᠰᠯᠠᠨ | ᠠᠭᠤᠰᠤᠯᠴᠠᠬᠤ ᠶᠢ ᠢᠳᠡᠪᠬᠢᠲᠡᠢ ᠠᠬᠢᠭᠤᠯᠵᠤ᠂ ᠣᠶᠤᠨᠴᠢ ᠪᠦᠲᠦᠭᠡᠨ ᠪᠠᠶᠢᠭᠤᠯᠤᠯᠲᠠ ᠶᠢᠨ ᠬᠡᠷᠡᠭᠯᠡᠭᠡᠨ ᠤ ᠪᠠᠶᠢᠳᠠᠯ ᠢ | ᠲᠠᠰᠤᠷᠠᠯᠲᠠ ᠦᠭᠡᠢ ᠥᠷᠭᠡᠳᠬᠡᠨ᠂ ᠬᠡᠰᠡᠭᠴᠢᠯᠡᠭᠰᠡᠨ ᠪᠠᠷᠢᠯᠭ᠎ᠠ᠂ ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ | ᠰᠦᠯᠵᠢᠶ᠎ᠡ᠂ ᠵᠣᠬᠢᠶᠠᠮᠠᠯ ᠣᠶᠤᠨᠴᠢ ᠲᠤᠰᠠᠯᠠᠬᠤ ᠵᠢᠷᠤᠭ ᠲᠥᠯᠥᠪᠯᠡᠭᠡ ᠵᠡᠷᠭᠡ 6 ᠵᠦᠢᠯ ᠤᠨ ᠰᠢᠨ᠎ᠡ ᠶᠢ ᠡᠭᠦᠳᠬᠦ ᠠᠵᠤ | ᠦᠢᠯᠡᠰ ᠤᠨ ᠪᠠᠶᠢᠷᠢᠰᠢᠭᠤᠯᠤᠯᠲᠠ ᠶᠢ ᠠᠩᠬ᠎ᠠ ᠠᠯᠬᠤᠮ ᠪᠦᠷᠢᠯᠳᠦᠭᠦᠯᠵᠦ᠂ ᠣᠶᠤᠨᠴᠢ ᠪᠦᠲᠦᠭᠡᠨ ᠪᠠᠶᠢᠭᠤᠯᠤᠯᠲᠠ ᠶᠢᠨ | ︽ᠮᠡᠷᠭᠡᠵᠢᠯ ᠤᠨ ᠭᠤᠯᠣᠮᠲᠠ︾ ᠶᠢ ᠬᠦᠴᠦᠯᠡᠨ ᠪᠠᠶᠢᠭᠤᠯᠪᠠ᠃ ᠰᠦᠵᠸᠤ ᠬᠤᠳᠠ ᠨᠢ ᠣᠶᠤᠨᠴᠢ ᠲᠣᠨᠣᠭᠯᠠᠯ ᠤᠨ | ︽ᠬᠠᠲᠠᠭᠤ ᠲᠣᠨᠣᠭᠯᠠᠯ︾᠂ ᠢᠵᠢ ᠪᠦᠷᠢᠳᠦᠭᠦᠯᠬᠦ ᠮᠡᠷᠭᠡᠵᠢᠯ ᠤᠨ ︽ᠵᠥᠭᠡᠯᠡᠨ ᠲᠤᠨᠤᠭ︾ ᠢ ᠪᠤᠢ ᠪᠤᠯᠭᠠᠬᠤ ᠠᠷᠭ᠎ᠠ | ᠵᠠᠮ ᠤᠨ ᠲᠥᠯᠦᠪᠵᠢᠭᠦᠯᠭᠡ ᠶᠢ ᠳᠤᠷᠠᠳᠴᠤ᠂ ᠪᠠᠷᠢᠯᠭ᠎ᠠ ᠶᠢᠨ ᠮᠠᠰᠢᠨ ᠬᠥᠮᠥᠨ ᠵᠡᠷᠭᠡ ᠪᠠᠷᠢᠯᠭ᠎ᠠ ᠶᠢᠨ ᠲᠣᠨᠣᠭᠯᠠᠯ ᠤᠨ | ᠪᠡᠯᠡ ᠤᠷᠤᠭᠤᠯᠤᠯᠳᠠ ᠶᠢᠨ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠪᠣᠳᠠᠲᠤ ᠴᠣᠭᠴᠠ ᠳᠤ | ᠠᠩᠬᠠᠷᠤᠯ ᠢᠶᠠᠨ ᠲᠥᠪᠯᠡᠷᠡᠭᠦᠯᠦᠨ᠂ ᠮᠡᠷᠭᠡᠵᠢᠯ ᠤᠨ ᠰᠤᠳᠤᠯᠤᠨ ᠨᠡᠭᠡᠭᠡᠯᠲᠡ᠂ ᠢᠨᠵᠧᠨᠧᠷᠢᠩ ᠤᠨ ᠬᠡᠷᠡᠭᠯᠡᠭᠡᠨ ᠤ | ᠦᠢᠯᠡᠴᠢᠯᠡᠭᠡ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠬᠥᠮᠥᠵᠢᠭᠦᠯᠬᠦ᠂ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠲᠦᠬᠦᠷᠵᠢᠬᠦᠯᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠣᠶᠤᠨᠴᠢ | ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠬᠥᠭᠵᠢᠯᠲᠡ ᠶᠢ ᠠᠬᠢᠭᠤᠯᠵᠠᠢ᠃ ᠦᠬᠠᠨ ᠬᠤᠲᠠ ᠨᠢ ᠲᠣᠮᠣ | ᠬᠡᠯᠪᠡᠷᠢ ᠶᠢᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠤᠨ ᠴᠤᠭᠯᠠᠷᠠᠯ ᠤᠨ | ᠳᠠᠪᠠᠭᠤᠯᠢᠭ ᠢᠶᠠᠨ ᠪᠠᠳᠠᠷᠠᠭᠤᠯᠵᠤ᠂ ᠠᠰᠠᠷ ᠪᠠᠷᠢᠬᠤ ᠮᠠᠰᠢᠨ᠂ ᠬᠥᠭᠦᠷᠭᠡ ᠲᠠᠯᠪᠢᠬᠤ ᠮᠠᠰᠢᠨ᠂ ᠰᠤᠪᠤᠷᠭ᠎ᠠ ᠪᠠᠷᠢᠬᠤ ᠮᠠᠰᠢᠨ | ᠵᠡᠷᠭᠡ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠣᠶᠤᠨᠴᠢ ᠪᠦᠲᠦᠭᠡᠨ ᠪᠠᠶᠢᠭᠤᠯᠤᠯᠲᠠ ᠶᠢᠨ ᠮᠡᠷᠭᠡᠵᠢᠯ ᠤᠨ | ᠦᠢᠯᠡᠳᠬᠦᠨ ᠢ ᠰᠤᠳᠤᠯᠤᠨ ᠨᠡᠭᠡᠭᠡᠵᠦ᠂ BIM ᠳᠤ ᠰᠠᠭᠤᠷᠢᠯᠠᠭᠰᠠᠨ ᠢᠨᠵᠧᠨᠧᠷᠢᠩ ᠤᠨ ᠲᠥᠷᠥᠯ ᠵᠦᠢᠯ ᠤᠨ ᠪᠥᠬᠦ | ᠶᠠᠪᠤᠴᠠ ᠶᠢ ᠬᠢᠨᠠᠨ ᠵᠥᠪᠰᠢᠶᠡᠷᠡᠬᠦ ᠬᠠᠮᠢᠶᠠᠷᠤᠯᠲᠠ ᠶᠢᠨ ᠰᠢᠰᠲ᠋ᠧᠮ ᠢ ᠪᠠᠶᠢᠷᠢᠯᠠᠭᠤᠯᠤᠨ ᠪᠠᠶᠢᠭᠤᠯᠵᠤ᠂ ︽ᠪᠦᠷᠢᠨ ᠬᠢᠬᠦ᠂ | ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ᠂ ᠣᠶᠤᠨᠴᠢ ᠬᠢᠨᠠᠯᠲᠠ ᠬᠠᠮᠢᠶᠠᠷᠤᠯᠲᠠ︾ ᠶᠢᠨ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢᠨ ᠰᠢᠨ᠎ᠡ ᠵᠠᠭᠪᠤᠷ ᠢ ᠴᠢᠷᠮᠠᠶᠢᠨ ᠰᠦᠪᠡᠭᠴᠢᠯᠡᠪᠡ᠃ ᠾᠧᠹᠧᠢ ᠬᠤᠲᠠ ᠨᠢ ᠪᠠᠷᠢᠯᠭ᠎ᠠ ᠶᠢᠨ | ᠠᠵᠤ ᠠᠬᠤᠶᠢᠯᠠᠯ ᠠᠴᠠ ᠪᠡᠯᠡ ᠣᠷᠣᠭᠤᠯᠵᠤ ᠣᠶᠤᠨᠴᠢ ᠵᠥᠭᠡᠯᠡᠨ ᠲᠣᠨᠤᠭ ᠢ ᠰᠤᠳᠤᠯᠤᠨ ᠨᠡᠭᠡᠭᠡᠬᠦ᠂ ᠲᠥᠬᠦᠭᠡᠷᠦᠮᠵᠢ | ᠬᠤᠳᠠᠯᠳᠤᠨ ᠠᠪᠬᠤ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ ᠳᠤ ᠪᠡᠯᠡ ᠮᠥᠩᠭᠦ ᠶᠢᠨ ᠱᠠᠩᠨᠠᠯ ᠣᠯᠭᠤᠵᠤ᠂ | ᠪᠠᠷᠢᠯᠭ᠎ᠠ ᠶᠢᠨ ᠠᠵᠤ ᠦᠢᠯᠡᠰ ᠤᠨ ᠢᠨᠲ᠋ᠧᠷ ᠰᠦᠯᠵᠢᠶᠡᠨ ᠤ ᠬᠡᠰᠡᠭ ᠣᠷᠣᠨ ᠤ ᠲᠤᠷᠰᠢᠯᠲᠠ ᠶᠢ ᠥᠷᠨᠢᠭᠦᠯᠬᠦ ᠪᠠᠷ | ᠳᠠᠮᠵᠢᠨ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠨᠢᠭᠡ ᠪᠦᠯᠦᠭ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ︽ᠲᠤᠰᠬᠠᠢ ᠨᠠᠷᠢᠯᠢᠭ ᠣᠨᠴᠠ | ᠰᠢᠨ᠎ᠡ︾ ᠠᠵᠤ ᠠᠬᠤᠶᠢᠯᠠᠯ ᠢ ᠪᠣᠶᠢᠵᠢᠭᠤᠯᠤᠨ ᠪᠦᠷᠢᠯᠳᠦᠭᠦᠯᠵᠦ᠂ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠶᠢ | ᠬᠤᠪᠢᠷᠠᠭᠤᠯᠤᠨ ᠬᠥᠭᠵᠢᠭᠦᠯᠬᠦ ᠰᠢᠨ᠎ᠡ ᠵᠠᠭᠪᠤᠷ ᠢ ᠵᠣᠬᠢᠶᠠᠪᠠ᠃ ᠭᠤᠸᠠᠩᠵᠧᠦ ᠬᠤᠲᠠ ᠨᠢ BIM ᠪᠠᠷᠢᠯᠭ᠎ᠠ ᠶᠢᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠮᠡᠳᠡᠭᠦᠯᠦᠨ ᠪᠠᠶᠢᠭᠤᠯᠬᠤ ᠶᠢ ᠬᠢᠨᠠᠨ ᠵᠥᠪᠰᠢᠶᠡᠷᠡᠬᠦ ᠳᠤ ᠬᠡᠷᠡᠭᠯᠡᠬᠦ | ᠬᠠᠤᠯᠢ ᠳᠤ ᠲᠣᠳᠣᠷᠬᠠᠢ ᠲᠣᠭᠲᠠᠭᠠᠪᠠ᠃ ᠠᠵᠤ ᠦᠢᠯᠡᠳᠪᠦᠷᠢᠵᠢᠯᠲᠡ ᠨᠢ ᠲᠣᠭᠠᠴᠢᠯᠠᠭᠰᠠᠨ ᠪᠦᠲᠦᠭᠡᠨ | ᠪᠠᠶᠢᠭᠤᠯᠤᠯᠲᠠ ᠶᠢᠨ ᠶᠠᠪᠤᠴᠠ ᠶᠢᠨ ᠲᠣᠭᠤᠷᠢᠨ ᠳᠤ ᠣᠷᠣᠨ ᠨᠤᠲᠤᠭ ᠤᠨ ᠪᠠᠷᠢᠮᠵᠢᠶ᠎ᠠ ᠶᠢᠨ ᠵᠢᠷᠤᠮᠵᠢᠯ ᠢ ᠨᠡᠶᠢᠲᠡᠯᠡᠵᠦ᠂ | ︽ᠪᠠᠷᠢᠯᠭ᠎ᠠ ᠶᠢᠨ ᠭᠠᠵᠠᠷ ᠤᠨ ᠬᠠᠮᠢᠶᠠᠷᠤᠯᠲᠠ︾ ᠶᠢᠨ ᠣᠶᠤᠨᠴᠢ ᠬᠢᠨᠠᠯᠲᠠ ᠬᠠᠮᠢᠶᠠᠷᠤᠯᠲᠠ ᠶᠢ ᠨᠢᠭᠡ | ᠴᠣᠭᠴᠠᠵᠢᠭᠤᠯᠤᠭᠰᠠᠨ ᠲᠠᠪᠴᠠᠩ ᠢ ᠪᠠᠶᠢᠭᠤᠯᠤᠨ ᠬᠡᠷᠡᠭᠯᠡᠵᠦ᠂ ᠣᠶᠤᠨᠴᠢ ᠪᠠᠶᠢᠭᠤᠯᠤᠯᠲᠠ ᠲᠠᠢ ᠵᠣᠬᠢᠴᠠᠭᠰᠠᠨ | ᠪᠠᠷᠢᠯᠭ᠎ᠠ ᠶᠢᠨ ᠦᠢᠯᠡᠰ ᠤᠨ ᠬᠠᠤᠯᠢ ᠲᠣᠭᠲᠠᠭᠠᠯ ᠬᠠᠤᠯᠢ ᠳᠦᠷᠢᠮ ᠤᠨ ᠰᠢᠰᠲ᠋ᠧᠮ ᠢ ᠲᠦᠷᠭᠡᠪᠴᠢᠯᠡᠨ | ᠲᠡᠭᠦᠯᠳᠡᠷᠵᠢᠭᠦᠯᠪᠡ᠃ ᠴᠠᠩᠱᠠ ᠬᠤᠲᠠ ᠨᠢ ᠲᠤᠰᠬᠠᠢ ᠮᠡᠷᠭᠡᠵᠢᠯᠲᠡᠨ ᠤ ᠪᠦᠯᠬᠦᠮ ᠢ ᠵᠣᠬᠢᠶᠠᠨ ᠪᠠᠶᠢᠭᠤᠯᠤᠨ ᠣᠶᠤᠨᠴᠢ | ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠰᠢᠰᠲ᠋ᠧᠮ ᠪᠣᠯᠣᠨ ᠮᠡᠷᠭᠡᠵᠢᠯ ᠤᠨ ᠰᠢᠰᠲ᠋ᠧᠮ ᠤᠨ ᠰᠤᠳᠤᠯᠭᠠᠨ ᠢ | ᠴᠢᠩᠭᠠᠳᠬᠠᠵᠤ ᠲᠤᠷᠰᠢᠯᠲᠠ ᠶᠢᠨ ᠵᠢᠱᠢᠶᠡᠴᠢ ᠢᠨᠵᠧᠨᠧᠷᠢᠩ ᠤᠨ ᠲᠥᠷᠥᠯ ᠵᠦᠢᠯ ᠳᠤ ᠮᠡᠷᠭᠡᠵᠢᠯ ᠤᠨ ᠯᠠᠪᠯᠠᠯᠭ᠎ᠠ ᠶᠢᠨ | ᠦᠢᠯᠡᠴᠢᠯᠡᠭᠡ ᠬᠠᠩᠭᠠᠵᠤ᠂ ᠪᠠᠶᠢᠭᠤᠯᠤᠯᠲᠠ ᠶᠢᠨ ᠰᠢᠨ᠎ᠡ ᠠᠷᠭ᠎ᠠ ᠮᠠᠶ᠋ᠢᠭ ᠪᠣᠯᠣᠨ ᠪᠦᠲᠦᠭᠡᠨ ᠪᠠᠶᠢᠭᠤᠯᠬᠤ | ᠬᠠᠮᠢᠶᠠᠷᠤᠯᠲᠠ ᠶᠢᠨ ᠵᠠᠭᠪᠤᠷ ᠤᠨ ᠰᠦᠪᠡᠭᠴᠢᠯᠡᠯᠲᠡ ᠪᠣᠯᠣᠨ ᠦᠢᠯᠡᠳᠦᠯᠭᠡ ᠶᠢ ᠢᠳᠡᠪᠬᠢᠲᠡᠢ ᠠᠬᠢᠭᠤᠯᠵᠠᠢ᠃ ᠸᠧᠨᠵᠸᠦ | ᠬᠤᠳᠠ ᠨᠢ ︽ᠣᠶᠤᠨᠴᠢ ᠲᠣᠨᠣᠭᠯᠠᠯ ᠤᠨ ᠠᠵᠤ ᠦᠢᠯᠡᠰ ᠤᠨ ᠠᠵᠢᠯᠴᠢᠨ︾ ᠤ ᠰᠢᠨ᠎ᠡ ᠬᠡᠯᠪᠡᠷᠢ ᠶᠢᠨ ᠬᠦᠳᠡᠯᠮᠤᠷᠢ | ᠬᠦᠴᠦᠨ ᠤ ᠵᠠᠭᠪᠤᠷ ᠢ ᠢᠳᠡᠪᠬᠢᠲᠡᠢ ᠬᠠᠶᠢᠨ ᠰᠦᠪᠡᠭᠴᠢᠯᠡᠵᠦ᠂ ᠣᠶᠤᠨᠴᠢ ᠲᠣᠨᠣᠭᠯᠠᠯ ᠤᠨ ᠬᠥᠮᠥᠷᠭᠡ᠂ ᠬᠦᠳᠡᠯᠮᠤᠷᠢ | ᠦᠢᠯᠡᠴᠢᠯᠡᠭᠡᠨ ᠤ ᠠᠩᠭᠢ ᠵᠣᠬᠢᠶᠠᠨ ᠪᠠᠶᠢᠭᠤᠯᠬᠤ ᠬᠥᠮᠥᠷᠭᠡ ᠪᠠ ᠲᠤᠷᠰᠢᠯᠲᠠ ᠶᠢᠨ ᠴᠡᠭ ᠤᠨ ᠲᠦᠷᠦᠯ ᠵᠦᠢᠯ ᠤᠨ | ᠬᠥᠮᠥᠷᠭᠡ ᠵᠡᠷᠭᠡ ︽ᠭᠤᠷᠪᠠᠨ ᠬᠥᠮᠥᠷᠭᠡ︾ ᠶᠢ ᠵᠣᠬᠢᠴᠠᠭᠤᠯᠤᠨ ᠬᠥᠭᠵᠢᠭᠦᠯᠬᠦ ᠶᠢ ᠨᠢᠭᠡᠳᠦᠯᠲᠡᠢ ᠲᠥᠯᠥᠪᠯᠡᠨ | ᠠᠬᠢᠭᠤᠯᠬᠤ ᠪᠠᠷ ᠲᠠᠮᠵᠢᠨ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠬᠥᠮᠥᠨ ᠪᠠ ᠮᠠᠰᠢᠨ ᠤ ᠬᠠᠮᠵᠢᠯᠴᠠᠬᠤ ᠤᠷ᠎ᠠ | ᠮᠡᠷᠭᠡᠵᠢᠯ ᠢ ᠪᠣᠯᠪᠠᠰᠤᠷᠠᠩᠭᠤᠢ ᠡᠵᠡᠮᠰᠢᠭᠰᠡᠨ ᠲᠤᠰᠬᠠᠢ ᠬᠦᠳᠡᠯᠮᠤᠷᠢ ᠦᠢᠯᠡᠴᠢᠯᠡᠭᠡᠨ ᠤ ᠠᠩᠭᠢ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠳᠤ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠷᠠᠭᠤᠯᠵᠠᠢ᠃ ᠳᠠᠶᠢᠵᠸᠦ ᠬᠤᠲᠠ | ᠨᠢ ᠲᠤᠰ ᠭᠠᠵᠠᠷ ᠤᠨ ᠠᠵᠤ ᠠᠬᠤᠶᠢᠯᠠᠯ ᠤᠨ ᠪᠠᠷᠢᠯᠭ᠎ᠠ ᠶᠢᠨ ᠠᠵᠢᠯ ᠤᠨ ᠬᠦᠷᠢᠶ᠎ᠡ ᠬᠡᠪᠴᠢᠶᠡᠨ ᠳᠠᠬᠢ | ᠲᠥᠬᠦᠭᠡᠷᠦᠮᠵᠢ ᠶᠢᠨ ᠰᠢᠨᠡᠴᠢᠯᠡᠯᠲᠡ ᠬᠢᠬᠦ ᠶᠢ ᠳᠡᠮᠵᠢᠵᠦ᠂ ᠬᠦᠨᠳᠦ ᠶᠢ ᠡᠷᠭᠦᠬᠦ ᠮᠠᠰᠢᠨ᠂ ᠪᠣᠯᠣᠳ ᠲᠡᠮᠦᠷ᠂ ᠠᠰᠠᠷ ᠤᠨ | ᠬᠠᠪᠲᠠᠰᠤ ᠪᠠᠷ ᠨᠦᠬᠡ ᠭᠠᠷᠭᠠᠬᠤ ᠵᠡᠷᠭᠡ ︽ᠠᠶᠤᠯᠲᠠᠢ ᠪᠤᠳᠤᠯᠢᠶᠠᠨᠲᠠᠢ ᠬᠦᠨᠳᠦ︾ ᠪᠠᠶᠢᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠣᠶᠤᠨᠴᠢ ᠪᠦᠲᠦᠭᠡᠨ ᠪᠠᠶᠢᠭᠤᠯᠤᠯᠲᠠ ᠶᠢᠨ ᠮᠠᠰᠢᠨ ᠬᠡᠷᠡᠭᠰᠡᠯ ᠢ ᠰᠤᠳᠤᠯᠤᠨ ᠨᠡᠭᠡᠭᠡᠵᠦ | ᠬᠡᠷᠡᠭᠯᠡᠬᠦ ᠶᠢᠨ ᠬᠠᠮᠲᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠳᠠᠮᠵᠢᠭᠤᠯᠤᠨ ᠶᠠᠰᠤ ᠴᠢᠨᠠᠷ ᠤᠨ ᠠᠮᠤᠷ ᠲᠦᠪᠰᠢᠨ ᠤ | ᠬᠠᠮᠢᠶᠠᠷᠤᠯᠲᠠ ᠪᠠ ᠡᠵᠡᠮᠳᠡᠯ ᠢ ᠴᠢᠩᠭᠠᠳᠬᠠᠵᠤ᠂ ᠪᠦᠬᠦ ᠲᠠᠯ᠎ᠠ ᠪᠠᠷ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ | ᠠᠵᠢᠯᠯᠠᠬᠤ ᠠᠷᠭ᠎ᠠ ᠮᠠᠶ᠋ᠢᠭ ᠪᠠ ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠬᠡᠯᠪᠡᠷᠢ ᠢᠶᠠᠨ ᠬᠤᠪᠢᠷᠠᠭᠤᠯᠬᠤ ᠶᠢ ᠲᠦᠯᠬᠢᠨ | ᠠᠬᠢᠭᠤᠯᠪᠠ᠃ | ᠪᠡᠭᠡᠵᠢᠩ᠂ ᠹᠥᠸᠧ ᠱᠠᠨ᠂ ᠰᠢ ᠠᠨ᠂ ᠨᠠᠨᠵᠢᠩ᠂ ᠴᠦᠩᠴᠢᠩ᠂ ᠴᠢᠩᠳᠣᠣ᠂ ᠵᠢᠶᠠ ᠰᠢᠩ᠂ ᠲᠢᠶᠠᠨᠵᠢᠨ᠂ ᠪᠦᠦ | ᠳ᠋ᠢᠩ᠂ ᠰᠢᠶᠠᠮᠧᠨ᠂ ᠰᠢᠶᠦ᠋ᠩ ᠠᠨ ᠰᠢᠨ᠎ᠡ ᠲᠣᠭᠤᠷᠢᠭ᠂ ᠴᠧᠩᠳᠦ᠋᠂ ᠮᠦᠭᠳᠡᠨ᠂ ᠦᠷᠦᠮᠴᠢ᠂ ᠬᠠᠷᠪᠢᠨ ᠵᠡᠷᠭᠡ 16 | ᠲᠤᠷᠰᠢᠯᠲᠠ ᠶᠢᠨ ᠴᠡᠭ ᠨᠢ ᠣᠨ ᠤ ᠠᠵᠢᠯ ᠤᠨ ᠲᠥᠯᠥᠪᠯᠡᠭᠡ ᠪᠠᠨ ᠴᠥᠮ ᠤᠷᠤᠭᠰᠢᠲᠠᠢ ᠪᠡᠶᠡᠯᠡᠭᠦᠯᠦᠭᠰᠡᠨ ᠪᠥᠭᠡᠳ | ᠣᠷᠣᠨ ᠨᠤᠲᠤᠭ ᠤᠨ ᠣᠨᠴᠠᠯᠢᠭ ᠲᠠᠢ ᠪᠠᠨ ᠤᠶᠠᠯᠳᠤᠭᠤᠯᠤᠨ ᠠᠳᠠᠯᠢ ᠪᠤᠰᠤ ᠲᠥᠷᠥᠯ ᠬᠡᠯᠪᠡᠷᠢ ᠶᠢᠨ ᠣᠶᠤᠨᠴᠢ | ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠠᠵᠢᠯ ᠤᠨ | ᠢᠯᠡᠷᠡᠯ ᠨᠢ ᠶᠡᠷᠦᠩᠬᠡᠢ ᠳᠡᠭᠡᠨ ᠰᠠᠶᠢᠨ ᠪᠠᠶᠢᠨ᠎ᠠ᠃ | ᠡᠭᠦᠨ ᠤ ᠬᠠᠮᠲᠤ᠂ ᠲᠤᠷᠰᠢᠯᠲᠠ ᠶᠢᠨ ᠠᠵᠢᠯ ᠳᠤ ᠮᠥᠨ ᠬᠦ ᠵᠠᠷᠢᠮ ᠳᠤᠲᠠᠭᠳᠠᠯ ᠪᠠ ᠬᠦᠷᠦᠯᠴᠡᠬᠦ ᠦᠭᠡᠢ ᠲᠠᠯ᠎ᠠ | ᠣᠷᠣᠰᠢᠵᠤ ᠪᠠᠶᠢᠨ᠎ᠠ᠃ ᠵᠠᠷᠢᠮ ᠲᠤᠷᠰᠢᠯᠲᠠ ᠶᠢᠨ ᠬᠤᠲᠠ ᠨᠢ ᠠᠵᠢᠯ ᠢ ᠲᠦᠯᠬᠢᠨ ᠠᠬᠢᠭᠤᠯᠬᠤ ᠡᠷᠴᠢᠮ ᠢᠶᠠᠨ | ᠴᠢᠩᠭᠠᠳᠬᠠᠬᠤ ᠴᠢᠬᠤᠯᠠ ᠲᠠᠢ ᠪᠠᠶᠢᠨ᠎ᠠ᠂ ᠠᠵᠢᠯ ᠤᠨ ᠦᠷ᠎ᠡ ᠪᠦᠲᠦᠮᠵᠢ ᠨᠢ ᠢᠯᠡᠷᠬᠡᠢ ᠪᠤᠰᠤ᠂ ᠲᠤᠷᠰᠢᠯᠲᠠ ᠶᠢᠨ | ᠴᠡᠭ ᠤᠨ ᠬᠡᠷᠡᠭᠵᠢᠭᠦᠯᠬᠦ ᠲᠥᠰᠥᠯ ᠤᠨ ᠶᠣᠰᠣᠭᠠᠷ ᠲᠦᠷᠭᠡᠬᠡᠨ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠭᠠᠷᠭᠠᠵᠤ | ᠂ ᠠᠵᠢᠯ ᠤᠨ ᠠᠬᠢᠴᠠ ᠪᠠᠨ ᠲᠦᠷᠭᠡᠳᠬᠡᠨ᠂ ᠲᠤᠷᠰᠢᠯᠲᠠ ᠶᠢᠨ ᠴᠡᠭ ᠤᠨ ᠬᠤᠭᠤᠴᠠᠭᠠᠨ ᠳᠤ ᠵᠢᠱᠢᠭᠰᠡᠨ ᠡᠭᠦᠷᠭᠡ ᠪᠠᠨ | ᠪᠡᠶᠡᠯᠡᠭᠦᠯᠬᠦ ᠶᠢ ᠦᠨᠡᠨᠬᠦ ᠪᠠᠲᠤᠯᠠᠬᠤ ᠴᠢᠬᠤᠯᠠᠲᠠᠢ᠃ ᠵᠠᠷᠢᠮ ᠲᠤᠷᠰᠢᠯᠲᠠ ᠶᠢᠨ ᠴᠡᠭ ᠤᠨ ᠬᠤᠲᠠ ᠨᠢ ᠠᠵᠢᠯ ᠤᠨ | ᠭᠤᠣᠯᠳᠠᠯᠭ᠎ᠠ ᠪᠠᠨ ᠲᠥᠪᠯᠡᠷᠡᠭᠦᠯᠦᠭᠰᠡᠨ ᠢᠶᠠᠷ ᠬᠦᠷᠦᠯᠴᠡᠬᠦ ᠦᠭᠡᠢ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠡᠶᠢᠲᠡᠯᠡᠬᠦ ᠬᠠᠨᠳᠤᠯᠭᠠᠲᠤ ᠴᠢᠨᠠᠷ ᠢᠶᠠᠷ ᠴᠢᠩᠭ᠎ᠠ ᠪᠤᠰᠤ ᠪᠠᠶᠢᠭ᠎ᠠ ᠪᠣᠯᠬᠤᠷ᠂ ᠲᠤᠷᠰᠢᠯᠲᠠ ᠶᠢᠨ ᠴᠡᠭ ᠤᠨ ᠠᠵᠢᠯ ᠤᠨ | ᠰᠡᠳᠬᠢᠮᠵᠢ ᠶᠢᠨ ᠰᠤᠳᠤᠯᠤᠯ ᠪᠣᠯᠣᠨ ᠲᠥᠯᠦᠪᠵᠢᠭᠦᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠳᠠᠷᠠᠭᠠᠴᠢ ᠶᠢᠨ | ᠠᠯᠬᠤᠮ ᠤᠨ ᠠᠵᠢᠯ ᠤᠨ ᠴᠢᠭᠯᠡᠯ ᠢᠶᠠᠨ ᠲᠤᠷᠰᠢᠯᠲᠠ ᠶᠢᠨ ᠴᠡᠭ ᠤᠨ ᠡᠭᠦᠷᠭᠡ ᠲᠥᠰᠥᠯ ᠤᠨ ᠱᠠᠭᠠᠷᠳᠠᠯᠭ᠎ᠠ ᠳᠠᠭᠠᠨ | ᠨᠡᠶᠢᠴᠡᠭᠦᠯᠬᠦ ᠶᠢ ᠦᠨᠡᠨᠬᠦ ᠪᠠᠲᠤᠯᠠᠬᠤ ᠴᠢᠬᠤᠯᠠ ᠲᠠᠢ ᠪᠠᠶᠢᠨ᠎ᠠ᠃ | | | 3. ᠲᠠᠷᠠᠭᠠᠴᠢ ᠶᠢᠨ ᠠᠯᠬᠤᠮ ᠤᠨ ᠠᠵᠢᠯ ᠤᠨ ᠱᠠᠭᠠᠷᠳᠠᠯᠭ᠎ᠠ | 2024 ᠣᠨ ᠪᠣᠯ ᠲᠤᠷᠰᠢᠯᠲᠠ ᠶᠢᠨ ᠴᠡᠭ ᠤᠨ ᠠᠵᠢᠯ ᠢᠶᠠᠨ ᠨᠠᠶᠢᠳᠠᠪᠤᠷᠢᠵᠢᠭᠤᠯᠤᠨ ᠦᠷ᠎ᠡ ᠪᠦᠲᠦᠮᠵᠢ | ᠣᠯᠬᠤ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠡᠯ᠎ᠡ ᠲᠤᠷᠰᠢᠯᠲᠠ ᠶᠢᠨ ᠬᠤᠲᠠ ᠶᠢᠨ ᠬᠢᠨ ᠲᠠᠨᠢᠯᠲᠠ ᠪᠠᠨ ᠤᠯᠠᠮ | ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠪᠥᠬᠦ ᠤᠯᠤᠰ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠤᠷᠠᠯ ᠤᠨ ᠠᠵᠢᠯ ᠤᠨ ᠲᠣᠬᠢᠷᠠᠭᠤᠯᠤᠯᠲᠠ ᠶᠢ | ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠤᠭᠤᠳᠬᠤ | ᠦᠢᠯᠡᠳᠦᠯ ᠢ ᠭᠦᠢᠴᠡᠳ ᠪᠠᠳᠠᠷᠠᠭᠤᠯᠤᠨ᠂ ᠡᠵᠡᠩᠨᠡᠯᠲᠡ ᠶᠢᠨ ᠭᠤᠣᠯ ᠴᠣᠭᠴᠠ ᠶᠢᠨ ᠰᠢᠨ᠎ᠡ ᠶᠢ ᠡᠭᠦᠳᠬᠦ | ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠵᠦ᠂ ᠲᠤᠷᠰᠢᠯᠲᠠ ᠶᠢᠨ ᠴᠡᠭ ᠤᠨ ᠠᠵᠢᠯ ᠢᠶᠠᠨ | ᠭᠦᠨᠵᠡᠭᠡᠶᠢᠷᠡᠭᠦᠯᠦᠨ ᠪᠤᠳᠠᠶᠢᠵᠢᠭᠤᠯᠬᠤ ᠶᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ 2024 ᠣᠨ ᠤ | ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠠᠭᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠣᠶᠢᠯᠠᠭᠠᠵᠤ | ᠪᠣᠯᠬᠤ᠂ ᠬᠡᠮᠵᠢᠶᠡᠵᠢᠭᠦᠯᠵᠦ ᠪᠣᠯᠬᠤ᠂ ᠦᠨᠡᠯᠡᠵᠦ ᠪᠣᠯᠬᠤ ᠠᠵᠢᠯ ᠤᠨ ᠦᠷ᠎ᠡ ᠪᠦᠲᠦᠮᠵᠢ ᠶᠢ ᠴᠢᠷᠮᠠᠶᠢᠨ ᠣᠯᠬᠤ ᠬᠡᠷᠡᠭᠲᠡᠢ᠃ | | ︵ᠨᠢᠭᠡ︶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠰᠠᠯᠠᠭ᠎ᠠ ᠮᠥᠴᠢᠷ ᠠᠯᠤᠰᠯᠠᠭᠰᠠᠨ ᠵᠣᠬᠢᠴᠠᠯ | ᠲᠣᠭᠲᠠᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ᠂ ᠮᠥᠩᠭᠦᠨ | ᠭᠦᠢᠯᠭᠡᠭᠡ᠂ ᠴᠢᠳᠠᠪᠤᠷᠢᠲᠠᠨ ᠵᠡᠷᠭᠡ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠢ ᠣᠶᠤᠨᠴᠢ ᠪᠦᠲᠦᠭᠡᠨ | ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠣᠷᠣᠭᠤᠯᠬᠤ ᠶᠢ ᠬᠥᠲᠥᠯᠥᠨ ᠵᠢᠯᠤᠭᠤᠳᠴᠤ᠂ ᠪᠠᠷᠢᠯᠭ᠎ᠠ ᠶᠢᠨ ᠠᠵᠤ | ᠠᠬᠤᠶᠢᠯᠠᠯ ᠤᠨ ᠬᠡᠯᠪᠡᠷᠢ ᠶᠢ ᠬᠤᠪᠢᠷᠠᠭᠤᠯᠤᠨ ᠬᠥᠭᠵᠢᠭᠦᠯᠬᠦ ᠬᠡᠷᠡᠭᠴᠡᠭᠡ ᠱᠠᠭᠠᠷᠳᠠᠯᠭ᠎ᠠ ᠶᠢ ᠳᠡᠮᠵᠢᠨ᠎ᠡ᠃ ᠨᠢᠭᠡᠨᠲᠡ | ᠨᠡᠶᠢᠲᠡᠯᠡᠭᠰᠡᠨ ᠲᠡᠮᠵᠢᠯᠭᠡᠳᠦ ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠠᠵᠤ ᠠᠬᠤᠶᠢᠯᠠᠯ ᠪᠠ ᠲᠥᠷᠥᠯ ᠵᠦᠢᠯ ᠢ ᠰᠢᠭᠤᠳ ᠳᠡᠮᠵᠢᠬᠦ ᠶᠢ | ᠦᠨᠡᠨᠬᠦ ᠪᠠᠲᠤᠯᠠᠵᠤ᠂ ᠪᠦᠲᠦᠮᠵᠢᠲᠡᠶ ᠤᠷᠮᠠᠰᠢᠭᠤᠯᠤᠯ ᠢ ᠪᠣᠶ ᠪᠣᠯᠭᠠᠨ᠎ᠠ᠃ ᠬᠤᠯᠪᠣᠭᠳᠠᠯ ᠪᠦᠬᠦᠢ ᠪᠠᠷᠢᠮᠵᠢᠶ᠎ᠠ ᠶᠢ | ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠰᠤᠳᠤᠯᠤᠨ ᠠᠬᠢᠭᠤᠯᠵᠤ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠵᠠᠭᠪᠤᠷ ᠪᠣᠯᠣᠨ ᠦᠨ᠎ᠡ ᠪᠣᠳᠣᠬᠤ ᠰᠢᠨ᠎ᠡ ᠳᠦᠷᠢᠮ ᠢ ᠬᠠᠶᠢᠨ ᠰᠦᠪᠡᠭᠴᠢᠯᠡᠨ᠎ᠡ᠃ ᠢᠵᠢ | ᠪᠦᠷᠢᠳᠦᠭᠦᠯᠬᠦ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠵᠠᠬ᠎ᠠ ᠳᠡᠯᠭᠡᠭᠦᠷ ᠪᠣᠯᠣᠨ ᠶᠠᠰᠤ | ᠴᠢᠨᠠᠷ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ | ︵ᠬᠤᠶᠠᠷ︶ ᠮᠡᠷᠭᠡᠵᠢᠯ ᠨᠢ ᠪᠣᠳᠠᠲᠤ ᠬᠡᠷᠡᠭᠴᠡᠭᠡ ᠲᠠᠢ ᠨᠡᠶᠢᠴᠡᠬᠦ ᠬᠡᠷᠡᠭᠲᠡᠢ ᠣᠶᠤᠨᠴᠢ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠵᠢᠱᠢᠶᠡᠴᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ | ᠲᠦᠯᠬᠢᠨ ᠠᠬᠢᠭᠤᠯᠵᠤ᠂ ᠲᠥᠷᠥᠯ ᠵᠦᠢᠯ ᠤᠨ ᠬᠡᠷᠡᠭᠵᠢᠭᠦᠯᠬᠦ ᠦᠷ᠎ᠡ ᠠᠰᠢᠭ ᠢ ᠮᠥᠷᠳᠡᠨ ᠦᠨᠡᠯᠡᠨ ᠵᠢᠱᠢᠵᠦ᠂ ᠶᠠᠰᠤ | ᠴᠢᠨᠠᠷ ᠢ ᠳᠡᠭᠡᠭᠰᠢᠯᠡᠭᠦᠯᠬᠦ᠂ ᠥᠪᠡᠷ ᠤᠨ ᠥᠷᠲᠡᠭ ᠢ ᠪᠠᠭᠤᠷᠠᠭᠤᠯᠬᠤ ᠵᠡᠷᠭᠡ ᠲᠠᠯ᠎ᠠ ᠪᠠᠷ ᠨᠢᠭᠡ ᠪᠦᠯᠦᠭ ᠢᠯᠡᠷᠬᠡᠢ ᠦᠷ᠎ᠡ | ᠪᠦᠲᠦᠮᠵᠢ ᠣᠯᠬᠤ ᠬᠡᠷᠡᠭᠯᠡᠭᠡᠨ ᠤ ᠮᠡᠷᠭᠡᠵᠢᠯ ᠢ ᠪᠣᠯᠪᠠᠰᠤᠷᠠᠭᠤᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠲᠠᠪᠴᠠᠩ ᠢ ᠰᠠᠶᠢᠲᠤᠷ ᠬᠡᠷᠡᠭᠯᠡᠵᠦ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠠᠭᠤᠰᠤᠯᠴᠠᠯ ᠢ | ᠴᠢᠩᠭᠠᠳᠬᠠᠵᠤ᠂ ᠣᠶᠤᠨᠴᠢ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠤ ᠲᠡᠷᠢᠭᠦᠨ ᠤ ᠮᠡᠷᠭᠡᠵᠢᠯ ᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠪᠠ ᠲᠤᠷᠰᠢᠯᠲᠠ ᠶᠢᠨ ᠴᠡᠭ ᠤᠨ | ᠢᠨᠵᠧᠨᠧᠷᠢᠩ ᠳᠤ ᠲᠦᠰᠢᠭᠯᠡᠨ᠂ ᠨᠢᠭᠡ ᠪᠦᠯᠦᠭ ᠣᠶᠤᠨᠴᠢ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ | ᠰᠢᠨᠵᠢᠯᠡᠬᠦ ᠤᠬᠠᠭᠠᠨ ᠤ ᠰᠤᠳᠤᠯᠭᠠᠨ ᠤ ᠳᠠᠭᠠᠭᠤᠯᠤᠭᠴᠢ ᠴᠢᠳᠠᠪᠤᠷᠢᠲᠠᠨ᠂ ᠲᠤᠰᠬᠠᠢ ᠮᠡᠷᠭᠡᠵᠢᠯ ᠤᠨ ᠠᠵᠢᠯᠲᠠᠨ ᠪᠠ | ᠰᠢᠨ᠎ᠡ ᠬᠡᠯᠪᠡᠷᠢ ᠶᠢᠨ ᠬᠥᠳᠡᠯᠮᠦᠷᠢ ᠦᠢᠯᠡᠴᠢᠯᠡᠭᠡᠨ ᠤ ᠳᠤᠭᠤᠶᠢᠯᠠᠩ ᠢ ᠬᠥᠮᠥᠵᠢᠭᠦᠯᠦᠨ᠎ᠡ᠃ | ︵ᠭᠤᠷᠪᠠ︶ ᠠᠵᠤ ᠦᠢᠯᠡᠰ ᠤᠨ ᠬᠡᠯᠪᠡᠷᠢ ᠶᠢ ᠪᠦᠷᠢᠯᠳᠦᠭᠦᠯᠬᠦ ᠬᠡᠷᠡᠭᠲᠡᠢ᠃ ᠨᠥᠬᠦᠴᠡᠯ ᠲᠠᠢ ᠲᠤᠷᠰᠢᠯᠲᠠ ᠶᠢᠨ | ᠬᠤᠳᠠ ᠨᠢ ᠣᠶᠤᠨᠴᠢ ᠪᠦᠲᠦᠭᠡᠨ ᠪᠠᠶᠢᠭᠤᠯᠤᠯᠲᠠ ᠶᠢᠨ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠢ ᠰᠤᠳᠤᠯᠤᠨ | ᠦᠢᠯᠡᠳᠬᠦ ᠶᠢ ᠵᠣᠷᠢᠭᠵᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠶᠢ ᠲᠣᠳᠣᠷᠬᠠᠶᠢᠯᠠᠵᠤ᠂ | ᠭᠤᠣᠯᠯᠠᠭᠴᠢ ᠠᠵᠤ ᠠᠬᠤᠶᠢᠯᠠᠯ ᠢ ᠯᠠᠪᠳᠠᠭᠤᠨ ᠢᠶᠠᠷ ᠪᠣᠶᠢᠵᠢᠭᠤᠯᠤᠨ᠎ᠠ᠃ ᠣᠶᠤᠨᠴᠢ ᠪᠦᠲᠦᠭᠡᠨ ᠪᠠᠶᠢᠭᠤᠯᠤᠯᠲᠠ ᠶᠢᠨ | ᠦᠢᠯᠡᠳᠬᠦᠨ ᠤ ᠦᠷᠳᠡᠭ ᠢ ᠬᠡᠮᠵᠢᠨ ᠪᠤᠳᠤᠬᠤ ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠵᠤ᠂ ᠠᠵᠤ ᠦᠢᠯᠡᠰ ᠤᠨ | ᠬᠦᠷᠢᠶᠡᠯᠡᠩ ︵ᠲᠣᠭᠤᠷᠢᠭ︶ ᠢᠶᠠᠷ ᠭᠤᠣᠯᠳᠠᠯᠭ᠎ᠠ ᠪᠣᠯᠭᠠᠨ᠂ ᠦᠢᠯᠡᠳᠬᠦᠨ ᠤ ᠦᠷᠳᠡᠭ ᠢ ᠪᠦᠷᠢᠳᠬᠡᠬᠦ ᠠᠵᠢᠯ | ᠥᠷᠨᠢᠭᠦᠯᠬᠦ ᠶᠢ ᠰᠦᠪᠡᠭᠴᠢᠯᠡᠨ᠎ᠡ᠃ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ | ᠮᠡᠷᠭᠡᠵᠢᠯ ᠤᠨ ᠰᠣᠯᠢᠯᠴᠠᠭ᠎ᠠ ᠪᠠ ᠠᠵᠤ ᠦᠢᠯᠡᠰ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠲᠥᠯᠥᠪᠯᠡᠨ ᠡᠷᠭᠢᠯᠡᠵᠦ᠂ | ᠬᠠᠭᠤᠯᠪᠤᠷᠢᠯᠠᠵᠤ ᠪᠣᠯᠬᠤ ᠲᠤᠷᠰᠢᠯᠭ᠎ᠠ ᠠᠷᠭ᠎ᠠ ᠬᠢᠳᠡᠯ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ ᠤᠬᠠᠭᠤᠯᠤᠨ | ᠳᠡᠯᠭᠡᠷᠡᠭᠦᠯᠵᠦ᠂ ᠰᠢᠯᠢᠳᠡᠭ ᠪᠠᠷᠢᠯᠭ᠎ᠠ ᠶᠢᠨ ᠠᠵᠤ ᠠᠬᠤᠶᠢᠯᠠᠯ ᠤᠨ ᠴᠢᠨᠠᠷ ᠰᠠᠶᠢᠲᠠᠢ ︽ᠭᠠᠳᠠᠭᠰᠢ ᠭᠠᠷᠬᠤ︾ ᠶᠢ | ᠳᠡᠮᠵᠢᠨ᠎ᠡ᠃ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠠᠴᠠ ᠡᠯ᠎ᠡ | ᠲᠤᠷᠰᠢᠯᠲᠠ ᠶᠢᠨ ᠬᠤᠲᠠ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠠᠬᠢᠴᠠ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ᠂ ᠠᠵᠤ ᠠᠬᠤᠢ ᠨᠡᠶᠢᠭᠡᠮ ᠤᠨ ᠦᠷ᠎ᠡ ᠠᠰᠢᠭ ᠵᠡᠷᠭᠡ ᠶᠢ | ᠦᠷᠭᠦᠯᠵᠢᠯᠡᠨ ᠮᠥᠷᠳᠡᠨ ᠪᠠᠶᠢᠴᠠᠭᠠᠨ ᠰᠤᠳᠤᠯᠵᠤ᠂ ᠬᠠᠭᠤᠯᠪᠤᠷᠢᠯᠠᠵᠤ ᠪᠣᠯᠬᠤ ᠲᠤᠷᠰᠢᠯᠭ᠎ᠠ ᠠᠷᠭ᠎ᠠ ᠬᠢᠳᠡᠯ᠂ | ᠲᠡᠷᠢᠭᠦᠨ ᠤ ᠬᠡᠷᠡᠭᠯᠡᠭᠡᠨ ᠤ ᠮᠡᠷᠭᠡᠵᠢᠯ ᠪᠠ ᠨᠡᠶᠢᠲᠡᠯᠢᠭ ᠢᠨᠵᠧᠨᠧᠷᠢᠩ ᠤᠨ ᠬᠡᠷᠡᠭ ᠤᠨ ᠵᠢᠱᠢᠶ᠎ᠡ ᠶᠢ ᠠᠵᠢᠯ ᠲᠥᠷᠥᠯ ᠤᠨ | ᠬᠦᠷᠢᠶᠡᠨ ᠳᠤ ᠳᠡᠯᠭᠡᠷᠡᠭᠦᠯᠦᠨ᠎ᠡ᠃ | | | ᠢᠷᠡᠯᠲᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ | ᠰᠦᠯᠵᠢᠶ᠎ᠡ | |