ᠬᠥᠬᠡᠬᠤᠲᠠ ᠶᠢᠨ ᠰᠠᠶᠢᠬᠠᠨ ᠲᠣᠭᠤᠷᠢᠭ ᠤᠨ ᠢᠦᠢ ᠹᠧᠩ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2024/6/25
      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠡᠨᠧᠷᠭᠢ ᠶᠢᠨ ᠰᠢᠨ᠎ᠡ ᠡᠨᠧᠷᠭᠢ ᠥᠰᠥᠭ﹇2020﹈ 363 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠪᠥᠬᠦ ᠣᠷᠣᠨ ᠤ ︿ᠮᠢᠩᠭᠠᠨ ᠰᠢᠶᠠᠩ ︵ᠰᠤᠮᠤ︶ ᠤᠨ ᠲᠦᠮᠡᠨ ᠲᠣᠰᠬᠤᠨ ︵ᠭᠠᠴᠠᠭ᠎ᠠ︶ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠲᠣᠭᠤᠷᠢᠭ ᠪᠣᠳᠠᠲᠠᠢ ᠲᠠᠢ ᠪᠠᠨ ᠤᠶᠠᠯᠳᠤᠭᠤᠯᠤᠨ᠂  ᠲᠣᠭᠤᠷᠢᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂  ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠠᠷᠭ᠎ᠠ ᠮᠠᠶ᠋ᠢᠭ ᠢ ᠬᠡᠷᠡᠭᠯᠡᠨ᠂ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠴᠢᠳᠠᠪᠤᠷᠢ ᠪᠠᠷ ᠴᠢᠩᠭ᠎ᠠ᠂ ᠪᠦᠲᠦᠭᠡᠨ ᠪᠠᠶᠢᠭᠤᠯᠬᠤ ᠨᠥᠬᠦᠴᠡᠯ ᠢᠶᠠᠷ ᠰᠠᠶᠢᠨ᠂ ᠠᠰᠢᠭ ᠣᠯᠵᠠᠪᠤᠷᠢ ᠶᠢ ᠬᠤᠪᠢᠶᠠᠷᠢᠯᠠᠵᠤ ᠰᠢᠯᠢᠳᠡᠭ ᠬᠤᠪᠢᠶᠠᠷᠢᠯᠠᠬᠤ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠮᠠᠨ ᠤ  ᠲᠣᠭᠤᠷᠢᠭ ᠤᠨ ᠰᠢᠭᠤᠷᠬᠠᠢ ᠠᠵᠢᠯᠯᠠᠭᠠᠨ ᠤ ᠵᠢᠱᠢᠶ᠎ᠡ ᠦᠵᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠭᠤᠣᠯ ᠴᠣᠭᠴᠠ ᠪᠣᠯᠭᠠᠬᠤ ᠶᠢ ᠲᠣᠭᠲᠠᠭᠠᠪᠠ᠂ ᠡᠳᠦᠭᠡ ᠰᠢᠯᠢᠳᠡᠭ ᠰᠣᠩᠭᠤᠬᠤ ᠠᠵᠢᠯ ᠤᠨ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄          ᠨᠢᠭᠡ᠂ ᠦᠨᠳᠦᠰᠦᠨ ᠪᠠᠶᠢᠳᠠᠯ          ︵ᠨᠢᠭᠡ︶ᠣᠬᠢ ᠰᠣᠩᠭᠤᠭᠰᠠᠨ ᠡᠲᠡᠭᠡᠳ            ᠰᠠᠶᠢᠬᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ            ︵ᠬᠤᠶᠠᠷ︶ᠰᠢᠯᠢᠳᠡᠭ ᠢ ᠨᠢ ᠰᠣᠩᠭᠤᠵᠤ ᠬᠢᠨᠠᠯᠲᠠ ᠲᠠᠯᠪᠢᠬᠤ ᠲᠠᠯ᠎ᠠ            ᠰᠠᠶᠢᠬᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠲᠣᠮᠢᠯᠠᠨ ᠰᠠᠭᠤᠯᠭᠠᠭᠰᠠᠨ ᠰᠠᠬᠢᠯᠭ᠎ᠠ ᠪᠠᠲᠤ ᠪᠠᠶᠢᠴᠠᠭᠠᠬᠤ ᠳᠤᠭᠤᠶᠢᠯᠠᠩ            ︵ᠭᠤᠷᠪᠠ︶ᠰᠢᠯᠢᠳᠡᠭ ᠢ ᠨᠢ ᠰᠣᠩᠭᠤᠬᠤ ᠠᠭᠤᠯᠭ᠎ᠠ            ︽ᠪᠥᠬᠦ ᠣᠷᠣᠨ ᠤ ︿ᠮᠢᠩᠭᠠᠨ ᠰᠢᠶᠠᠩ︵ᠰᠤᠮᠤ︶ ᠲᠦᠮᠡᠨ ᠲᠣᠰᠬᠤᠨ ︵ᠭᠠᠴᠠᠭ᠎ᠠ︶ ᠤ ᠰᠢᠭᠤᠷᠬᠠᠢ ᠠᠵᠢᠯᠯᠠᠭᠠᠨ﹀ ᠤ ᠲᠤᠷᠰᠢᠯᠲᠠ ᠶᠢᠨ ᠲᠥᠷᠥᠯ ᠵᠦᠢᠯ ᠢ ᠮᠡᠳᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ︾ ᠶᠣᠰᠣᠭᠠᠷ᠂ ᠮᠠᠨ ᠤ ᠲᠣᠭᠤᠷᠢᠭ ᠥᠷᠢᠰᠦᠯᠳᠦᠭᠡᠨ ᠤ ᠴᠢᠨᠠᠷᠲᠠᠢ ᠰᠢᠯᠢᠳᠡᠭ ᠰᠠᠯᠤᠩᠭᠢ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠬᠡᠪᠴᠢᠶ᠎ᠡ 50MW ᠪᠠᠶᠢᠵᠤ᠂ ᠲᠠᠩ ᠲᠤᠷᠰᠢᠯᠲᠠ ᠶᠢᠨ ᠵᠠᠰᠠᠭ ᠵᠠᠬᠢᠷᠭᠠᠨ ᠤ ᠲᠣᠰᠬᠤᠨ ᠤ ᠬᠡᠪᠴᠢᠶ᠎ᠡ ᠶᠢ 20MW ᠠᠴᠠ ᠬᠡᠲᠦᠷᠡᠭᠦᠯᠵᠦ ᠪᠣᠯᠬᠤ ᠦᠭᠡᠢ᠃            ︵ᠳᠥᠷᠪᠡ︶ᠵᠣᠬᠢᠶᠠᠨ ᠪᠠᠶᠢᠭᠤᠯᠤᠯᠲᠠ ᠶᠢᠨ ᠵᠠᠷᠴᠢᠮ            ᠡᠷᠬᠡ ᠲᠡᠭᠰᠢ ᠲᠥᠪ ᠭᠤᠣᠯᠴᠢ᠂ ᠢᠯᠡ ᠲᠣᠳᠣ ᠪᠠᠶᠢᠬᠤ ᠵᠠᠷᠴᠢᠮ ᠢ ᠵᠢᠷᠤᠮᠯᠠᠵᠤ ᠪᠠᠶᠢᠭᠠᠳ ᠪᠣᠳᠠᠲᠠᠢ ᠰᠣᠩᠭᠤᠨ ᠭᠠᠷᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠣᠷᠣᠨ ᠨᠤᠲᠤᠭ ᠠᠴᠠ ᠬᠠᠮᠠᠭᠠᠯᠠᠬᠤ ᠦᠭᠡᠢ᠂ ᠵᠠᠰᠠᠭ ᠵᠠᠬᠢᠷᠭᠠᠨ ᠤ ᠭᠠᠷ ᠲᠦᠷᠦᠭᠦ ᠦᠭᠡᠢ᠂ ᠢᠯᠭᠠᠭ᠎ᠠ ᠲᠠᠢ ᠬᠠᠨᠳᠤᠬᠤ ᠦᠭᠡᠢ᠃ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠤᠨ ᠰᠣᠩᠭᠤᠨ ᠭᠠᠷᠭᠠᠬᠤ ᠠᠵᠢᠯ ᠤᠨ ᠲᠥᠰᠥᠯ ᠪᠣᠯᠣᠨ ᠲᠥᠷᠥᠯ ᠵᠦᠢᠯ ᠤᠨ ᠰᠣᠩᠭᠤᠨ ᠭᠠᠷᠭᠠᠭᠰᠠᠨ ᠦᠷ᠎ᠡ ᠳ᠋ᠦᠩ ᠢ ᠬᠠᠷᠢᠭᠤᠴᠠᠨ ᠨᠤᠲᠠᠯᠠᠪᠠ᠃ ᠡᠭᠦᠨ ᠤ ᠬᠠᠮᠲᠤ ᠠᠵᠢᠯᠯᠠᠬᠤ ᠳᠤᠭᠤᠶᠢᠯᠠᠩ ᠪᠠ ᠬᠢᠨᠠᠯᠲᠠ ᠲᠠᠯᠪᠢᠬᠤ ᠳᠤᠭᠤᠶᠢᠯᠠᠩ ᠪᠠᠶᠢᠭᠤᠯᠬᠤ ᠶᠢᠨ ᠬᠠᠮᠲᠤ ᠠᠵᠢᠯᠲᠠᠨ ᠲᠣᠬᠢᠷᠠᠭᠤᠯᠵᠤ ᠰᠢᠯᠢᠳᠡᠭ ᠢ ᠨᠢ ᠰᠣᠩᠭᠤᠬᠤ ᠬᠤᠭᠤᠴᠠᠭᠠᠨ ᠳᠠᠬᠢ ᠡᠳᠦᠷ ᠲᠤᠲᠤᠮ ᠤᠨ ᠬᠡᠷᠡᠭ ᠶᠠᠪᠤᠳᠠᠯ ᠳᠤ ᠬᠠᠮᠵᠢᠯᠴᠠᠭᠤᠯᠤᠨ᠎ᠠ᠃          ᠬᠤᠶᠠᠷ᠂ ᠮᠡᠳᠡᠭᠦᠯᠬᠦ ᠨᠥᠬᠦᠴᠡᠯ ᠬᠢᠭᠡᠳ ᠱᠠᠭᠠᠷᠳᠠᠯᠭ᠎ᠠ            ︵ᠨᠢᠭᠡ︶ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ            ᠰᠠᠶᠢᠬᠠᠨ ᠲᠣᠭᠤᠷᠢᠭ ᠤᠨ ︽ᠮᠢᠩᠭᠠᠨ ᠰᠢᠶᠠᠩ ᠲᠦᠮᠡᠨ ᠲᠣᠰᠬᠤᠨ ᠢᠦᠢ ᠹᠧᠩ ᠠᠵᠢᠯᠯᠠᠭ᠎ᠠ︾ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠶᠡᠷᠦᠩᠬᠡᠢ ᠬᠡᠪᠴᠢᠶ᠎ᠡ ᠶᠢ 50MW ᠠᠴᠠ ᠬᠡᠲᠦᠷᠡᠭᠦᠯᠵᠦ ᠪᠣᠯᠬᠤ ᠦᠭᠡᠢ᠂ ᠳᠠᠩ ᠲᠤᠷᠰᠢᠯᠲᠠ ᠶᠢᠨ ᠴᠡᠭ ᠤᠨ ᠵᠠᠰᠠᠭ ᠵᠠᠬᠢᠷᠭᠠᠨ ᠤ ᠲᠣᠰᠬᠤᠨ ᠤ ᠲᠥᠷᠥᠯ ᠵᠦᠢᠯ ᠤᠨ ᠬᠡᠪᠴᠢᠶ᠎ᠡ ᠶᠢ 20MW ᠠᠴᠠ ᠬᠡᠲᠦᠷᠡᠭᠦᠯᠵᠦ ᠪᠣᠯᠬᠤ ᠦᠭᠡᠢ᠂ ᠲᠥᠪᠯᠡᠷᠡᠭᠦᠯᠦᠨ ᠡᠷᠴᠢᠮᠵᠢᠭᠦᠯᠬᠦ ᠵᠠᠷᠴᠢᠮ ᠶᠣᠰᠣᠭᠠᠷ ᠭᠠᠴᠠᠭ᠎ᠠ ᠲᠣᠰᠬᠤᠨ ᠲᠠᠢ ᠬᠤᠯᠪᠣᠭᠠᠯᠠᠵᠤ ᠲᠠᠷᠠᠬᠠᠢ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠪᠠᠶᠢᠷᠢᠰᠢᠭᠤᠯᠵᠤ᠂ ᠵᠠᠷᠴᠢᠮ ᠳᠡᠭᠡᠷ᠎ᠡ ᠪᠠᠨ ᠬᠠᠮᠤᠭ ᠡᠴᠦᠰ ᠲᠤ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢ ᠠᠳᠠᠯᠢᠳᠬᠠᠨ ᠰᠣᠩᠭᠤᠵᠤ ᠪᠠᠶᠢᠭᠠᠳ ᠲᠣᠭᠤᠷᠢᠭ ᠤᠨ ᠳᠣᠲᠣᠷᠠᠬᠢ ᠲᠤᠷᠰᠢᠯᠲᠠ ᠶᠢᠨ ᠴᠡᠭ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠪᠥᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠡᠵᠡᠩᠨᠡᠯᠲᠡ ᠶᠢ ᠬᠠᠷᠢᠭᠤᠴᠠᠭᠤᠯᠤᠨ᠎ᠠ᠃            ︵ᠬᠤᠶᠠᠷ︶ᠭᠠᠵᠠᠷ ᠰᠣᠩᠭᠤᠬᠤ ᠨᠥᠬᠦᠴᠡᠯ            ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠨᠡᠶᠢᠴᠡᠵᠦ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠪᠠ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠳᠤ ᠬᠤᠯᠪᠣᠭᠳᠠᠬᠤ ᠦᠭᠡᠢ ᠤᠷᠢᠲᠠᠯ ᠳᠣᠣᠷ᠎ᠠ᠂ ᠬᠥᠳᠡᠭᠡ ᠲᠣᠰᠬᠤᠨ ᠤ ᠲᠠᠷᠠᠬᠠᠢ ᠪᠤᠲᠠᠷᠬᠠᠢ ᠲᠠᠷᠢᠶᠠᠨ ᠭᠠᠵᠠᠷ ᠢ ᠭᠦᠢᠴᠡᠳ ᠠᠰᠢᠭᠯᠠᠨ᠂ ︽ᠮᠢᠩᠭᠠᠨ ᠰᠤᠮᠤ ᠲᠦᠮᠡᠨ ᠲᠣᠰᠬᠤᠨ ᠤ ᠢᠦᠢ ᠹᠧᠩ ᠠᠵᠢᠯᠯᠠᠭ᠎ᠠ︾ ᠶᠢᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠬᠡᠷᠡᠭᠯᠡᠬᠦ ᠭᠠᠵᠠᠷ ᠢ ᠬᠠᠤᠯᠢ ᠲᠣᠭᠲᠠᠭᠠᠯ ᠶᠣᠰᠣᠭᠠᠷ ᠭᠦᠢᠴᠡᠳᠬᠡᠬᠦ ᠬᠡᠷᠡᠭᠲᠡᠢ᠃ ᠲᠠᠷᠢᠶᠠᠨ ᠭᠠᠵᠠᠷ ᠢ ᠡᠵᠡᠯᠡᠬᠦ ᠦᠭᠡᠢ᠂ ᠭᠠᠵᠠᠷ ᠤᠨ ᠭᠠᠳᠠᠷᠭᠤ ᠶᠢᠨ ᠬᠡᠯᠪᠡᠷᠢ ᠳᠦᠷᠰᠦ ᠶᠢ ᠬᠤᠪᠢᠷᠠᠭᠤᠯᠬᠤ ᠦᠭᠡᠢ᠂ ᠭᠠᠵᠠᠷ ᠰᠢᠷᠣᠢ ᠶᠢᠨ ᠬᠡᠷᠡᠭᠴᠡᠭᠡ ᠶᠢ ᠬᠤᠪᠢᠷᠠᠭᠤᠯᠬᠤ ᠦᠭᠡᠢ ᠭᠠᠵᠠᠷ ᠬᠡᠷᠡᠭᠯᠡᠬᠦ ᠳᠤ ᠲᠦᠷᠢᠶᠡᠰᠦᠯᠡᠭᠦᠯᠬᠦ ᠵᠡᠷᠭᠡ ᠠᠷᠭ᠎ᠠ ᠮᠠᠶ᠋ᠢᠭ ᠢᠶᠠᠷ ᠣᠯᠬᠤ ᠶᠢ ᠰᠦᠪᠡᠭᠴᠢᠯᠡᠵᠦ᠂ ᠲᠠᠷᠢᠶᠠᠨ ᠭᠠᠵᠠᠷ ᠢ ᠦᠨᠡᠨᠬᠦ ᠡᠵᠡᠯᠡᠨ ᠬᠡᠷᠡᠭᠯᠡᠬᠦ ᠴᠢᠬᠤᠯᠠ ᠲᠠᠢ ᠪᠣᠯ ᠬᠠᠤᠯᠢ ᠲᠣᠭᠲᠠᠭᠠᠯ ᠶᠣᠰᠣᠭᠠᠷ ᠭᠠᠵᠠᠷ ᠬᠡᠷᠡᠭᠯᠡᠬᠦ ᠭᠠᠷᠳᠠᠮ ᠭᠦᠢᠴᠡᠳᠬᠡᠬᠦ ᠬᠡᠷᠡᠭᠲᠡᠢ᠃ ᠭᠠᠵᠠᠷ ᠡᠵᠡᠯᠡᠬᠦ ᠲᠠᠯᠠᠪᠠᠶ ᠨᠢ ᠪᠠᠭ᠎ᠠ᠂ ᠭᠠᠵᠠᠷ ᠤᠨ ᠭᠠᠳᠠᠷᠭᠤ ᠶᠢᠨ ᠬᠡᠯᠪᠡᠷᠢ ᠪᠠᠶᠢᠳᠠᠯ ᠢ ᠬᠤᠪᠢᠷᠠᠭᠤᠯᠬᠤ ᠦᠭᠡᠢ᠂ ᠲᠠᠷᠢᠶᠠᠯᠠᠬᠤ ᠳᠠᠪᠬᠤᠷᠭ᠎ᠠ ᠶᠢ ᠡᠪᠳᠡᠬᠦ ᠦᠭᠡᠢ ᠭᠠᠵᠠᠷ ᠠᠷᠪᠢᠯᠠᠬᠤ ᠮᠡᠷᠭᠡᠵᠢᠯ ᠪᠣᠯᠣᠨ ᠭᠠᠵᠠᠷ ᠠᠷᠪᠢᠯᠠᠬᠤ ᠬᠡᠪ ᠵᠠᠭᠪᠤᠷ ᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠭᠠᠵᠠᠷ ᠰᠢᠷᠣᠢ ᠶᠢ ᠠᠷᠪᠢᠲᠠᠢ ᠪᠥᠭᠡᠳ ᠳᠣᠷᠪᠢᠯᠢᠭ ᠢᠶᠠᠷ ᠬᠡᠷᠡᠭᠯᠡᠬᠦ ᠬᠡᠷᠡᠭᠲᠡᠢ᠃            ︵ᠭᠤᠷᠪᠠ︶ᠲᠣᠣᠷ ᠲᠤ ᠨᠡᠶᠢᠯᠡᠭᠦᠯᠦᠨ ᠰᠢᠩᠭᠡᠭᠡᠬᠦ            ᠴᠠᠬᠢᠯᠭᠠᠨ ᠤ ᠲᠣᠣᠷ ᠤᠨ ᠠᠵᠤ ᠠᠬᠤᠶᠢᠯᠠᠯ ᠠᠴᠠ ᠪᠠᠲᠤᠯᠠᠭ᠎ᠠ ᠶᠢᠨ ᠴᠢᠨᠠᠷ ᠢ ᠲᠣᠣᠷ ᠲᠤ ᠨᠡᠶᠢᠯᠡᠭᠦᠯᠬᠦ ᠶᠢ ᠬᠡᠷᠡᠭᠵᠢᠭᠦᠯᠵᠦ᠂ ᠣᠶᠢᠷ᠎ᠠ ᠬᠠᠪᠢ ᠳᠤᠨᠢ ᠲᠤᠬᠠᠢ ᠶᠢᠨ ᠭᠠᠵᠠᠷ ᠲᠤᠨᠢ ᠰᠢᠩᠭᠡᠬᠡᠨ ᠠᠪᠬᠤ ᠪᠠᠷ ᠭᠤᠣᠯ ᠪᠣᠯᠭᠠᠵᠤ᠂ ᠴᠠᠬᠢᠯᠭᠠᠨ ᠤ ᠦᠨ᠎ᠡ ᠶᠢ ᠲᠣᠣᠷ ᠲᠤ ᠣᠷᠣᠭᠤᠯᠤᠭᠰᠠᠨ ᠲᠤᠬᠠᠢ ᠶᠢᠨ ᠵᠢᠯ ᠤᠨ ᠰᠢᠨ᠎ᠡ ᠡᠨᠧᠷᠭᠢ ᠶᠢᠨ ᠲᠣᠣᠷ ᠲᠤ ᠣᠷᠣᠭᠤᠯᠤᠭᠰᠠᠨ ᠴᠠᠬᠢᠯᠭᠠᠨ ᠤ ᠦᠨ᠎ᠡ ᠶᠢᠨ ᠲᠦᠷᠦ ᠶᠢᠨ ᠪᠣᠳᠣᠯᠭ᠎ᠠ ᠶᠢᠨ ᠶᠣᠰᠣᠭᠠᠷ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠨ ᠠᠷᠠᠯᠵᠢᠶᠠᠯᠠᠬᠤ ᠳᠤ ᠣᠷᠣᠯᠴᠠᠬᠤ ᠶᠢ ᠵᠣᠷᠢᠭᠵᠢᠭᠤᠯᠤᠨ᠎ᠠ᠃            ︵ᠳᠥᠷᠪᠡ︶ᠨᠡᠭᠡᠭᠡᠯᠲᠡ ᠶᠢᠨ ᠬᠡᠪ          ᠡᠯ᠎ᠡ ᠲᠥᠷᠥᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠬᠢᠭᠡᠳ ᠲᠣᠰᠬᠤᠨ ᠤ ᠬᠠᠮᠲᠤ ᠨᠡᠶᠢᠲᠡ ︽ᠲᠣᠰᠬᠤᠨ ᠠᠵᠤ ᠠᠬᠤᠶᠢᠯᠠᠯ ᠬᠠᠮᠲᠤᠷᠠᠯᠴᠠᠬᠤ︾᠂ ︽ᠨᠡᠶᠢᠭᠡᠮ ᠤᠨ ᠬᠥᠷᠥᠩᠭᠡ ᠣᠷᠣᠨ ᠨᠤᠲᠤᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠲᠣᠰᠬᠤᠨ ᠤ ᠬᠠᠮᠲᠤ ᠨᠡᠶᠢᠲᠡ︾ ᠪᠤᠶᠤ ᠰᠦᠯᠵᠢᠶᠡᠨ ᠳᠤ ᠭᠠᠷᠤᠭᠰᠠᠨ ᠴᠠᠬᠢᠯᠭᠠᠨ ᠤ ᠬᠡᠮᠵᠢᠶ᠎ᠡ ᠪᠠᠷ ᠬᠤᠪᠢ ᠣᠷᠣᠭᠤᠯᠵᠤ ᠠᠰᠢᠭ ᠬᠤᠪᠢᠶᠠᠬᠤ ᠵᠡᠷᠭᠡ ᠵᠠᠭᠪᠤᠷ ᠶᠣᠰᠣᠭᠠᠷ᠂ ᠥᠮᠴᠢᠯᠡᠬᠦ ᠡᠷᠬᠡ ᠨᠢ ᠲᠣᠳᠣᠷᠬᠠᠢ᠂ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠬᠦ᠂ ᠠᠰᠢᠭ ᠲᠤᠰᠠ ᠶᠢ ᠬᠠᠮᠲᠤᠪᠠᠷ ᠡᠳ᠋ᠯᠡᠬᠦ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯᠯᠠᠭᠠᠨ ᠳᠤ ᠬᠠᠮᠲᠤᠪᠠᠷ ᠣᠷᠣᠯᠴᠠᠵᠤ᠂ ᠲᠥᠷᠥᠯ ᠵᠦᠢᠯ ᠢ ᠨᠡᠭᠡᠭᠡᠬᠦ ᠳᠤ ᠲᠣᠰᠬᠤᠨ ᠤ ᠬᠠᠮᠲᠤ ᠨᠡᠶᠢᠲᠡ ᠪᠣᠯᠣᠨ ᠪᠡᠯᠡ ᠣᠷᠣᠭᠤᠯᠤᠭᠰᠠᠨ ᠠᠵᠤ ᠠᠬᠤᠶᠢᠯᠠᠯ ᠬᠤᠶᠠᠷ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠵᠦ᠂ ︽ᠲᠣᠰᠬᠤᠨ ᠤ ᠰᠠᠯᠬᠢᠨ ᠬᠦᠴᠦᠨ ᠤ ᠴᠠᠬᠢᠯᠭᠠᠨ  ᠲᠠᠢ᠂ ᠬᠠᠮᠲᠤ ᠶᠢᠨ ᠠᠰᠢᠭ ᠣᠯᠵᠠᠪᠤᠷᠢ ᠲᠠᠢ᠂ ᠲᠣᠰᠬᠤᠨ ᠤ ᠠᠷᠠᠳ ᠪᠣᠳᠠᠲᠤ ᠠᠰᠢᠭ ᠬᠦᠷᠲᠡᠬᠦ︾ ᠰᠠᠯᠬᠢᠨ ᠬᠦᠴᠦᠨ ᠤ ᠴᠠᠬᠢᠯᠭᠠᠨ ᠢ ᠨᠡᠭᠡᠭᠡᠨ ᠠᠰᠢᠭᠯᠠᠬᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠷᠥᠩᠭᠡ ᠮᠥᠩᠭᠦ ᠶᠢᠨ ᠳᠣᠲᠣᠭᠠᠳᠤ ᠶᠢᠨ ᠠᠰᠢᠭ ᠣᠯᠵᠠᠪᠤᠷᠢ ᠶᠢᠨ ᠨᠣᠷᠮ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ ᠪᠡᠯᠡ ᠣᠷᠣᠭᠤᠯᠤᠯᠲᠠ ᠶᠢᠨ ᠵᠦᠢ ᠵᠣᠬᠢᠰᠲᠠᠢ ᠠᠰᠢᠭ ᠣᠯᠵᠠᠪᠤᠷᠢ ᠶᠢ ᠦᠯᠡᠳᠡᠭᠡᠨ ᠬᠠᠳᠠᠭᠠᠯᠠᠭᠰᠠᠨ ᠤ ᠳᠠᠷᠠᠭᠠᠬᠢ ᠦᠯᠡᠳᠡᠪᠦᠷᠢ ᠠᠰᠢᠭ ᠣᠷᠣᠯᠭ᠎ᠠ ᠶᠢ ᠪᠦᠬᠦᠨ ᠢ ᠲᠣᠰᠬᠤᠨ ᠤ ᠬᠠᠮᠲᠤ ᠨᠡᠶᠢᠲᠡ ᠳᠤ ᠬᠠᠨᠳᠢᠪᠯᠡᠵᠤ᠂ ᠲᠥᠷᠥᠯ ᠵᠦᠢᠯ ᠤᠨ ᠠᠰᠢᠭ ᠣᠯᠵᠠᠪᠤᠷᠢ ᠶᠢ ᠭᠤᠣᠯᠳᠠᠭᠤ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠳᠤ ᠬᠡᠷᠡᠭᠯᠡᠬᠦ ᠶᠢ ᠦᠨᠡᠨᠬᠦ ᠪᠠᠲᠤᠯᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠯᠠᠪᠯᠠᠯᠲᠠ ᠪᠣᠯᠭᠠᠨ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ ᠠᠵᠤ ᠠᠬᠤᠶᠢᠯᠠᠯ ᠤᠨ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠠᠵᠢᠯᠯᠠᠭ᠎ᠠ ᠶᠢ ᠢᠳᠡᠪᠬᠢᠲᠡᠢ ᠥᠷᠨᠢᠭᠦᠯᠬᠦ ᠶᠢ ᠵᠣᠷᠢᠭᠵᠢᠭᠤᠯᠵᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃         ︵ᠲᠠᠪᠤ︶ᠬᠡᠷᠡᠭᠯᠡᠭᠡᠨ ᠤ ᠲᠠᠯᠠᠪᠠᠢ         ᠭᠠᠵᠠᠷ ᠰᠢᠷᠣᠢ ᠠᠰᠢᠭᠯᠠᠬᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠤᠷᠢᠲᠠᠯ ᠳᠣᠣᠷ᠎ᠠ᠂ ︽ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ︾ ᠪᠡᠯᠡᠳᠬᠡᠮᠵᠢ ᠶᠢᠨ ᠲᠠᠷᠢᠶᠠᠯᠠᠩ᠂ ︽ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ︾ ᠲᠡᠵᠢᠭᠡᠨ ᠦᠷᠡᠵᠢᠭᠦᠯᠬᠦ ᠲᠠᠯᠠᠪᠠᠶ᠂ ︽ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ︾ ᠲᠠᠷᠢᠶᠠᠨ ᠭᠠᠵᠠᠷ ᠤᠨ ᠵᠠᠬ᠎ᠠ ᠳᠡᠯᠭᠡᠭᠦᠷ᠂ ︽ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ︾ ᠦᠢᠯᠡᠳᠪᠦᠷᠢ ᠶᠢᠨ ᠲᠠᠰᠤᠭ᠂ ︽ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ︾᠂︽ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ︾ ᠵᠡᠷᠭᠡ ︽ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ︾ ᠨᠡᠶᠢᠯᠡᠮᠡᠯ ᠠᠵᠤ ᠦᠢᠯᠡᠰ ᠤᠨ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠡᠨᠧᠷᠭᠢ ᠬᠡᠷᠡᠭᠯᠡᠬᠦ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃          ︵ᠵᠢᠷᠭᠤᠭ᠎ᠠ︶ᠪᠦᠲᠦᠭᠡᠨ ᠪᠠᠶᠢᠭᠤᠯᠤᠯᠲᠠ ᠶᠢᠨ ᠭᠠᠵᠠᠷ            ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠭᠠᠵᠠᠷ ᠰᠣᠩᠭᠤᠵᠤ ᠪᠣᠯᠣᠨ᠎ᠠ᠃          ︵ᠳᠤᠯᠤᠭ᠎ᠠ︶ᠪᠦᠲᠦᠭᠡᠨ ᠪᠠᠶᠢᠭᠤᠯᠤᠯᠲᠠ ᠶᠢᠨ ᠦᠶᠡᠯᠡᠯ            2026 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠰᠦᠯᠵᠢᠶᠡᠨ ᠳᠤ ᠨᠡᠶᠢᠯᠡᠭᠦᠯᠬᠦ ᠠᠵᠢᠯ ᠢ ᠳᠠᠭᠤᠰᠬᠠᠨ᠎ᠠ᠃          ᠭᠤᠷᠪᠠ᠂ ᠮᠡᠳᠡᠭᠦᠯᠬᠦ ᠴᠤᠪᠤᠷᠠᠯ            ︵ᠨᠢᠭᠡ︶ᠲᠦᠷᠦᠯ ᠵᠦᠢᠯ ᠭᠤᠶᠤᠴᠢᠯᠠᠨ ᠮᠡᠳᠡᠭᠦᠯᠬᠦ            ᠡᠯ᠎ᠡ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠡᠷᠬᠡᠪᠰᠢ ︽ᠪᠥᠬᠦ ᠣᠷᠣᠨ ᠤ ︿ᠮᠢᠩᠭᠠᠨ ᠰᠢᠶᠠᠩ︵ᠰᠤᠮᠤ︶ ᠲᠦᠮᠡᠨ ᠲᠣᠰᠬᠤᠨ ︵ᠭᠠᠴᠠᠭ᠎ᠠ︶ ᠤ ᠢᠦᠢ ᠹᠧᠩ ᠠᠵᠢᠯᠯᠠᠭ᠎ᠠ︾ ᠶᠢᠨ ᠲᠤᠷᠰᠢᠯᠲᠠ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠮᠡᠳᠡᠭᠳᠡᠯ︾ ︵ᠥᠪᠥᠷ ᠡᠨᠧᠷᠭᠢ ᠶᠢᠨ ᠰᠢᠨ᠎ᠡ ᠡᠨᠧᠷᠭᠢ ᠥᠰᠥᠭ﹇2020﹈ 381 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ 2024 ᠣᠨ ᠤ 6 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨᠠᠬᠢ 5᠄ 00 ᠠᠴᠠ ᠡᠮᠦᠨ᠎ᠡ ᠭᠤᠶᠤᠴᠢᠯᠠᠨ ᠮᠡᠳᠡᠭᠦᠯᠬᠦ ᠲᠥᠰᠥᠯ ︵ᠵᠢᠩᠬᠢᠨᠢ ᠳᠡᠪᠲᠡᠷ 1 ᠬᠤᠪᠢ᠂ ᠬᠠᠭᠤᠯᠪᠤᠷᠢ ᠳᠡᠪᠲᠡᠷ ᠢ 7 ᠬᠤᠪᠢ ᠭᠠᠷᠭᠠᠵᠤ᠂ ᠪᠦᠷᠢᠨ ᠪᠦᠲᠦᠨ ᠮᠡᠳᠡᠭᠦᠯᠦᠭᠰᠡᠨ ᠮᠠᠲ᠋ᠧᠷᠢᠶᠠᠯ ᠤᠨ ᠡᠯᠧᠺᠲᠷᠣᠨ ᠬᠡᠪᠯᠡᠯ ᠤᠨ U ᠲᠠᠪᠠᠭ︶ ᠳᠤ ᠮᠡᠳᠡᠭᠦᠯᠦᠨ ᠰᠢᠯᠢᠳᠡᠭ ᠢ ᠨᠢ ᠰᠣᠩᠭᠤᠵᠤ ᠦᠢᠯᠡᠴᠢᠯᠡᠭᠡᠨ ᠤ ᠨᠢᠭᠡᠴᠡ ᠳᠤ ᠮᠡᠳᠡᠭᠦᠯᠵᠦ᠂ ᠬᠤᠭᠤᠴᠠᠭ᠎ᠠ  ᠨᠢ ᠥᠩᠭᠡᠷᠡᠲᠡᠯ᠎ᠡ ᠬᠦᠯᠢᠶᠡᠨ ᠠᠪᠬᠤ ᠦᠭᠡᠢ᠃      ᠮᠡᠳᠡᠭᠦᠯᠬᠦ ᠮᠠᠲ᠋ᠧᠷᠢᠶᠠᠯ ᠢ ᠭᠥᠯᠢᠶᠡᠨ ᠠᠪᠬᠤ ᠬᠠᠶ᠋ᠢᠭ᠄ ᠰᠠᠶᠢᠬᠠᠨ ᠲᠣᠭᠤᠷᠢᠭ ᠤᠨ ᠸᠠᠨ ᠮᠢᠩ ᠶᠡᠷᠦᠩᠬᠡᠢ ᠬᠡᠯᠲᠡᠰ ᠤᠨ ᠰᠠᠭᠤᠷᠢᠨ ᠭᠠᠵᠠᠷ ᠤᠨ 3 ᠳ᠋ᠤᠭᠠᠷ ᠠᠰᠠᠷ ᠤᠨ 12 ᠳ᠋ᠤᠭᠠᠷ ᠠᠰᠠᠷ᠂ ᠬᠠᠷᠢᠯᠴᠠᠬᠤ ᠬᠥᠮᠥᠨ᠄ ᠴᠢᠨ ᠢ᠂ ᠬᠠᠷᠢᠯᠴᠠᠬᠤ ᠤᠲᠠᠰᠤ᠄ 15754935509            ︵ᠬᠤᠶᠠᠷ︶ᠠᠶᠢᠲ᠋ᠧᠮ ᠤᠨ ᠰᠢᠯᠢᠳᠡᠭ ᠢ ᠨᠢ ᠰᠣᠩᠭᠤᠬᠤ            ᠠᠵᠢᠯᠯᠠᠬᠤ ᠳᠤᠭᠤᠶᠢᠯᠠᠩ ᠠᠩᠬ᠎ᠠ ᠠᠯᠬᠤᠮ ᠤᠨ ᠲᠥᠰᠥᠯ ᠢ ᠬᠢᠨᠠᠨ ᠬᠠᠷᠭᠤᠭᠤᠯᠵᠤ ᠤᠯᠤᠰ ᠵᠢᠴᠢ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ︽ᠮᠢᠩᠭᠠᠨ ᠰᠤᠮᠤ ᠲᠦᠮᠡᠨ ᠲᠣᠰᠬᠤᠨ ᠤ ᠢᠦᠢ ᠹᠧᠩ ᠠᠵᠢᠯᠯᠠᠭ᠎ᠠ︾ ᠶᠢᠨ ᠲᠥᠷᠥᠯ ᠵᠦᠢᠯ ᠤᠨ ᠲᠤᠬᠠᠢ ᠦᠨᠳᠦᠰᠦᠨ ᠱᠠᠭᠠᠷᠳᠠᠯᠭ᠎ᠠ ᠶᠢ ᠬᠠᠩᠭᠠᠭᠰᠠᠨ ᠡᠰᠡᠬᠦ ᠶᠢ ᠬᠢᠨᠠᠨ ᠬᠠᠷᠭᠤᠭᠤᠯᠤᠨ᠎ᠠ᠃ ᠡᠭᠦᠨ ᠤ ᠬᠠᠮᠲᠤ ᠮᠡᠷᠭᠡᠵᠢᠯ ᠤᠨ ᠲᠥᠰᠥᠯ᠂ ᠠᠰᠢᠭ ᠣᠷᠣᠯᠭ᠎ᠠ ᠶᠢᠨ ᠬᠤᠪᠢᠶᠠᠷᠢᠯᠠᠯᠲᠠ᠂ ᠡᠮᠦᠨᠡᠬᠢ ᠬᠤᠭᠤᠴᠠᠭᠠᠨ ᠤ ᠠᠵᠢᠯ᠂ ᠠᠵᠤ ᠠᠬᠤᠶᠢᠯᠠᠯ ᠤᠨ ᠪᠣᠳᠠᠲᠤ ᠬᠦᠴᠦᠨ᠂ ᠨᠡᠶᠢᠭᠡᠮ ᠤᠨ ᠬᠤᠪᠢ ᠨᠡᠮᠡᠷᠢ᠂ ︽ᠰᠠᠯᠬᠢᠨ ᠬᠦᠴᠦᠨ ᠤ ᠴᠠᠬᠢᠯᠭᠠᠨ︾  ᠤ ᠬᠡᠷᠡᠭᠯᠡᠭᠡᠨ ᠤ ᠠᠬᠤᠢ ᠪᠠᠶᠢᠳᠠᠯ ᠵᠡᠷᠭᠡ ᠣᠯᠠᠨ ᠲᠠᠯ᠎ᠠ ᠶᠢ ᠦᠨᠳᠦᠰᠦᠯᠡᠨ᠂ ᠡᠯ᠎ᠡ ᠭᠤᠶᠤᠴᠢᠯᠠᠨ ᠮᠡᠳᠡᠭᠦᠯᠦᠭᠰᠡᠨ ᠠᠩᠬ᠎ᠠ ᠠᠯᠬᠤᠮ ᠤᠨ ᠲᠥᠰᠥᠯ ᠳᠤ ᠶᠡᠷᠦᠩᠬᠡᠶᠢᠯᠡᠭᠰᠡᠨ ᠦᠨᠡᠯᠡᠨ ᠵᠢᠱᠢᠯᠲᠡ ᠬᠢᠵᠦ᠂ ᠨᠡᠷᠡᠰ ᠤᠨ ᠵᠢᠭᠰᠠᠭᠠᠯᠲᠠ ᠶᠢᠨ ᠲᠠᠰ ᠳᠠᠷᠠᠭᠠᠯᠠᠯ ᠢᠶᠠᠷ ᠲᠥᠷᠥᠯ ᠵᠦᠢᠯ ᠤᠨ ᠨᠡᠭᠡᠭᠡᠨ ᠬᠥᠭᠵᠢᠭᠦᠯᠬᠦ ᠭᠤᠣᠯ ᠴᠣᠭᠴᠠ ᠶᠢᠨ ᠲᠠᠨᠢᠯᠴᠠᠭᠤᠯᠤᠭᠰᠠᠨ ᠦᠨᠳᠦᠰᠦᠯᠡᠯ ᠪᠣᠯᠭᠠᠨ᠎ᠠ᠃      ︵ᠭᠤᠷᠪᠠ︶ᠵᠠᠷᠯᠠᠨ ᠮᠡᠳᠡᠭᠳᠡᠵᠦ ᠳᠡᠭᠡᠭᠰᠢ ᠮᠡᠳᠡᠭᠦᠯᠬᠦ            ᠠᠵᠢᠯᠯᠠᠬᠤ ᠳᠤᠭᠤᠶᠢᠯᠠᠩ ᠬᠢᠨᠠᠨ ᠲᠣᠭᠲᠠᠭᠠᠵᠤ ᠳᠠᠭᠤᠰᠤᠭᠠᠳ ᠡᠴᠦᠰ ᠤᠨ ᠬᠢᠨᠠᠨ ᠲᠣᠭᠲᠠᠭᠠᠬᠤ ᠰᠠᠨᠠᠯ ᠢ ᠪᠦᠷᠢᠯᠳᠦᠭᠦᠯᠵᠦ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠬᠢᠨᠠᠨ ᠲᠣᠭᠲᠠᠭᠠᠭᠰᠠᠨ ᠦᠷ᠎ᠡ ᠳ᠋ᠦᠩ ᠢᠶᠠᠨ ᠳᠡᠭᠡᠭᠰᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠨᠤᠲᠠᠯᠠᠭᠤᠯᠤᠭᠰᠠᠨ ᠤ ᠳᠠᠷᠠᠭ᠎ᠠ ᠵᠠᠷᠯᠠᠨ ᠨᠡᠶᠢᠲᠡᠯᠡᠵᠦ᠂ ᠡᠴᠦᠰ ᠲᠤ ᠰᠢᠯᠢᠳᠡᠭ ᠪᠡᠯᠡ ᠣᠷᠣᠭᠤᠯᠤᠯᠲᠠ ᠶᠢᠨ ᠭᠤᠣᠯ ᠴᠣᠭᠴᠠ ᠠᠴᠠ ᠮᠠᠨ ᠤ ᠲᠣᠭᠤᠷᠢᠭ ‍ᠤᠨ‌‍ᠲ᠋ᠤᠷᠰᠢᠯᠲᠠ ᠶᠢᠨ ᠴᠡᠭ ᠤᠨ ᠭᠤᠶᠤᠴᠢᠯᠠᠨ ᠮᠡᠳᠡᠭᠦᠯᠬᠦ ᠲᠥᠰᠥᠯ ᠢ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠬᠤ ᠶᠢᠨ ᠬᠠᠮᠲᠤ ᠮᠠᠨ ᠤ ᠲᠣᠭᠤᠷᠢᠭ ᠤᠨ ᠲᠠᠨᠢᠯᠴᠠᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠬᠦ ᠲᠥᠷᠥᠯ ᠵᠦᠢᠯ ᠤᠨ ᠬᠡᠷᠡᠭᠵᠢᠭᠦᠯᠬᠦ ᠲᠥᠰᠥᠯ ᠪᠣᠯᠭᠠᠨ ᠬᠥᠬᠡᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠥᠬᠡᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃      ᠳᠥᠷᠪᠡ᠂ ᠮᠡᠳᠡᠭᠦᠯᠬᠦ ᠨᠥᠬᠦᠴᠡᠯ        ︵ᠨᠢᠭᠡ︶ᠬᠠᠤᠯᠢ ᠶᠣᠰᠣᠭᠠᠷ ᠪᠠᠶᠢᠭᠤᠯᠤᠭᠰᠠᠨ ᠪᠥᠭᠡᠳ ᠪᠦᠲᠦᠮᠵᠢᠲᠡᠢ ᠣᠷᠣᠰᠢᠵᠤ ᠪᠠᠶᠢᠭ᠎ᠠ ᠲᠤᠰᠠᠭᠠᠷ ᠲᠣᠭᠲᠠᠨᠢᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠃        ︵ᠬᠤᠶᠠᠷ︶ ᠢᠲᠡᠭᠡᠯ ᠬᠦᠨᠳᠦ ᠶᠢᠨ ᠱᠠᠭᠠᠷᠳᠠᠯᠭ᠎ᠠ᠄ ᠠᠳᠠᠯᠢᠳᠬᠠᠨ ᠰᠣᠩᠭᠤᠭᠰᠠᠨ ᠭᠤᠶᠤᠴᠢᠯᠠᠭᠴᠢ ︵ᠲᠡᠭᠦᠨ ᠳᠤ ᠪᠡᠶ᠎ᠡ ᠪᠠᠨ ᠳᠠᠭᠠᠭᠠᠭᠰᠠᠨ ᠬᠠᠤᠯᠢ ᠶᠢᠨ ᠡᠷᠬᠡᠲᠡᠨ ᠤ ᠬᠢᠷᠢ ᠭᠡᠮ ᠦᠭᠡᠢ ᠬᠤᠪᠢ᠂ ᠬᠤᠪᠢᠶᠠᠷᠢ ᠺᠣᠮᠫᠠᠨᠢ ᠪᠠᠭᠲᠠᠬᠤ ᠦᠭᠡᠢ︶ᠳᠣᠣᠷᠠᠬᠢ ᠢᠲᠡᠭᠡᠮᠵᠢ ᠶᠢᠨ ᠮᠠᠭᠤ ᠲᠡᠮᠳᠡᠭᠯᠡᠯ ᠤᠨ ᠪᠠᠶᠢᠳᠠᠯ ᠤᠨ ᠨᠢᠭᠡ ᠨᠢ ᠣᠷᠣᠰᠢᠵᠤ᠂ ᠠᠷᠠᠯᠵᠢᠶ᠎ᠠ ᠪᠦᠲᠦᠭᠰᠡᠨ ᠵᠢᠱᠢᠭᠳᠡᠭᠰᠡᠳ ᠢᠶᠠᠷ ᠲᠠᠨᠢᠯᠴᠠᠭᠤᠯᠵᠤ ᠪᠣᠯᠬᠤ ᠦᠭᠡᠢ᠂ ᠠᠷᠠᠯᠵᠢᠶ᠎ᠠ ᠪᠦᠲᠦᠭᠰᠡᠨ ᠬᠥᠮᠥᠨ ᠢᠶᠠᠷ ᠲᠣᠭᠲᠠᠭᠠᠵᠤ ᠪᠣᠯᠬᠤ ᠦᠭᠡᠢ᠄          1. ᠠᠷᠠᠳ ᠤᠨ ᠰᠢᠭᠦᠬᠦ ᠬᠤᠷᠢᠶ᠎ᠠ ᠠᠴᠠ ᠰᠣᠩᠭᠤᠭᠳᠠᠭᠰᠠᠨ ᠬᠥᠮᠥᠨ ᠨᠢ ᠠᠷᠠᠳ ᠤᠨ ᠰᠢᠭᠦᠬᠦ ᠬᠤᠷᠢᠶ᠎ᠠ ᠠᠴᠠ ᠢᠲᠡᠭᠡᠮᠵᠢ ᠠᠯᠳᠠᠭᠰᠠᠨ ᠭᠦᠢᠴᠡᠳᠬᠡᠭᠳᠡᠭᠴᠢ ᠳᠤ ᠵᠢᠭᠰᠠᠭᠠᠭᠳᠠᠭᠰᠠᠨ᠂ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠨᠢ ︽ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠠᠵᠤ ᠠᠬᠤᠶᠢᠯᠠᠯ ᠤᠨ ᠨᠡᠷᠡᠰ︾ ᠲᠤ ᠵᠢᠭᠰᠠᠭᠠᠭᠳᠠᠵᠠᠢ᠃          2. ᠭᠤᠶᠤᠴᠢᠯᠠᠭᠴᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠠᠴᠠ ᠬᠦᠨᠳᠦ ᠶᠡᠭᠡ ᠭᠠᠶᠢᠯᠢ ᠲᠠᠲᠠᠪᠤᠷᠢ ᠶᠢᠨ ᠬᠠᠤᠯᠢ ᠠᠴᠠ ᠵᠥᠷᠢᠴᠡᠭᠰᠡᠨ ᠬᠡᠷᠡᠭ ᠤᠨ ᠲᠤᠬᠠᠶᠢᠲᠠᠢ ᠬᠥᠮᠥᠨ ᠤ ᠨᠡᠷᠡᠰ ᠲᠤ ᠵᠢᠭᠰᠠᠭᠠᠭᠳᠠᠭᠰᠠᠨ᠃      ᠲᠠᠪᠤ᠂ ᠠᠳᠠᠯᠢᠳᠬᠠᠨ ᠰᠣᠩᠭᠤᠬᠤ ᠱᠠᠭᠠᠷᠳᠠᠯᠭ᠎ᠠ          1. ᠨᠢᠭᠡ ᠪᠦᠯᠦᠭᠯᠡᠯ ᠨᠢ ᠵᠥᠪᠬᠡᠨ ᠨᠢᠭᠡ ᠯᠡ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠣᠷᠣᠯᠴᠠᠬᠤ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠬᠠᠮᠲᠤᠷᠠᠨ ᠪᠡᠯᠡ ᠣᠷᠣᠭᠤᠯᠬᠤ ᠭᠤᠣᠯ ᠴᠣᠭᠴᠠ ᠶᠢ ᠬᠦᠯᠢᠶᠡᠨ ᠠᠪᠬᠤ ᠦᠭᠡᠢ᠃          2. ᠰᠠᠶᠢᠬᠠᠨ ᠲᠣᠭᠤᠷᠢᠭ ᠤᠨ ᠨᠡᠶᠢᠭᠡᠮ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠪᠠ ᠪᠣᠳᠠᠲᠠᠢ ᠪᠡᠯᠡ ᠣᠷᠣᠭᠤᠯᠤᠭᠴᠢ ᠶᠢ ᠡᠩ ᠲᠡᠷᠢᠭᠦᠨ ᠳᠤ ᠳᠡᠮᠵᠢᠨ᠎ᠡ᠃        3. ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠣᠨ ᠠᠷᠠᠳ ᠠᠴᠠ ᠡᠵᠡᠩᠨᠡᠭᠰᠡᠨ ᠬᠥᠷᠥᠩᠭᠡ ᠶᠢ ᠡᠩ ᠲᠡᠷᠢᠭᠦᠨ ᠳᠤ ᠵᠣᠷᠢᠭᠵᠢᠭᠤᠯᠤᠨ ᠳᠡᠮᠵᠢᠵᠦ ᠰᠠᠯᠬᠢ ᠨᠡᠪᠲᠡᠷᠡᠭᠦᠯᠬᠦ ᠠᠵᠢᠯᠯᠠᠭ᠎ᠠ ᠳᠤ ᠢᠳᠡᠪᠬᠢᠲᠡᠢ ᠣᠷᠣᠯᠴᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠢᠨᠵᠧᠨᠧᠷᠢᠩ ᠳᠤ ᠬᠦᠴᠦᠨ ᠨᠡᠮᠡᠷᠢᠯᠡᠨ᠎ᠡ᠃        4. ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠳᠤ ᠦᠨᠡᠨᠴᠢ ᠢᠲᠡᠭᠡᠮᠵᠢ ᠦᠭᠡᠢ ᠦᠢᠯᠡ ᠠᠵᠢᠯᠯᠠᠭ᠎ᠠ ᠦᠭᠡᠢ᠂ 2024 ᠣᠨ ᠤ 5 ᠰᠠᠷ᠎ᠠ ᠪᠣᠯᠲᠠᠯ᠎ᠠ ᠶᠠᠮᠠᠷᠪᠠ ᠡᠮᠦᠨᠡᠬᠢ ᠬᠤᠭᠤᠴᠠᠭᠠᠨ ᠤ ᠲᠥᠷᠥᠯ ᠵᠦᠢᠯ ᠢ ᠰᠢᠯᠵᠢᠭᠦᠯᠦᠨ ᠬᠤᠳᠠᠯᠳᠤᠭᠰᠠᠨ ᠦᠶᠯᠡ ᠠᠵᠢᠯᠯᠠᠭ᠎ᠠ ᠦᠭᠡᠢ᠃          5. ᠮᠡᠳᠡᠭᠦᠯᠦᠭᠰᠡᠨ ᠠᠵᠤ ᠠᠬᠤᠶᠢᠯᠠᠯ ᠤᠯᠤᠰ ᠤᠨ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠰᠢᠯᠭᠠᠨ ᠠᠪᠬᠤ ᠪᠠ ᠠᠵᠢᠯᠯᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠠᠮᠠᠯᠠᠬᠤ ᠬᠡᠷᠡᠭᠲᠡᠢ᠃        6. ᠮᠡᠳᠡᠭᠦᠯᠦᠭᠰᠡᠨ ᠠᠵᠤ ᠠᠬᠤᠶᠢᠯᠠᠯ ᠵᠣᠬᠢᠬᠤ ᠬᠡᠮᠵᠢᠶᠡᠨ ᠤ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠡᠯᠡ ᠣᠷᠣᠭᠤᠯᠵᠤ ᠪᠦᠲᠦᠭᠡᠨ ᠪᠠᠶᠢᠭᠤᠯᠬᠤ ᠴᠢᠳᠠᠪᠤᠷᠢ ᠶᠢ ᠪᠦᠷᠢᠳᠦᠭᠦᠯᠦᠨ᠎ᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠠᠰᠲᠠᠭᠠᠨ ᠲᠣᠭᠲᠠᠭᠠᠯ ᠲᠠᠢ ᠪᠠᠶᠢᠪᠠᠯ ᠲᠡᠷᠡ ᠲᠣᠭᠲᠠᠭᠠᠯ ᠢ ᠵᠢᠷᠤᠮᠯᠠᠨ ᠬᠡᠷᠡᠭᠵᠢᠭᠦᠯᠦᠨ᠎ᠡ᠃                                     ᠰᠠᠶᠢᠬᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠰᠠᠶᠢᠬᠠᠨ         ᠲᠣᠭᠤᠷᠢᠭ ᠤᠨ ᠲᠠᠷᠢᠶᠠᠯᠠᠩ ᠠᠯ ᠠᠵᠤ ᠠᠬᠤᠢ ᠶᠢᠨ ᠤᠰᠤᠨ ᠠᠰᠢᠭᠯᠠᠯᠳᠠ ᠶᠢᠨ ᠲᠣᠪᠴᠢᠶ᠎ᠠ                                                                                                  2024 ᠣᠨ ᠤ 6 ᠰᠠᠷ᠎ᠠ ᠶᠢᠨ 22 ᠤᠨ ᠡᠳᠦᠷ                       ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号