︽2024 ᠣᠨ ᠤ ᠬᠥᠬᠡᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/6/25
     ᠨᠢᠭᠡ᠂ ᠲᠣᠭᠲᠠᠭᠠᠭᠰᠠᠨ ᠠᠬᠤᠢ ᠪᠠᠶᠢᠳᠠᠯ ᠬᠢᠭᠡᠳ ᠴᠢᠬᠤᠯᠠ ᠶᠡᠭᠡ ᠠᠴᠢ ᠬᠤᠯᠪᠣᠭᠳᠠᠯ          ︽ᠲᠠᠷᠢᠶᠠᠨ ᠭᠠᠵᠠᠷ ᠪᠠ ᠲᠠᠷᠢᠶᠠᠯᠠᠬᠤ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠪᠠᠲᠤᠯᠠᠬᠤ︾ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠠᠮᠤ ᠪᠤᠳᠠᠭᠠᠨ ᠤ ᠠᠶᠤᠯᠭᠦᠢ ᠶᠢ ᠪᠠᠲᠤᠯᠠᠨ᠂ ᠪᠦᠬᠦ ᠬᠤᠲᠠ ᠶᠢᠨ 2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠨᠡᠩ ᠰᠠᠶᠢᠨ ᠠᠬᠢᠭᠤᠯᠬᠤ ᠶᠢᠨ ᠲᠥᠯᠥᠭᠡ᠂ ︽ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠠᠷᠭ᠎ᠠ︾ ︵ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠵᠠᠷᠯᠢᠭ 2019 ᠣᠨ ᠤ 4 ᠳ᠋ᠦ᠋ᠭᠡᠷ ᠲᠣᠭᠠᠲᠤ︶᠂ ︽︿ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢ ᠳᠠᠷᠤᠮᠠᠯᠯᠠᠨ ᠶᠠᠪᠤᠭᠤᠯᠬᠤ ᠲᠤᠬᠠᠢ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠮᠡᠳᠡᠭᠳᠡᠯ︾᠂ ︽2024 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠮᠡᠳᠡᠭᠦᠯᠦᠨ ᠬᠦᠷᠭᠡᠬᠦ ᠲᠤᠬᠠᠢ ᠮᠡᠳᠡᠭᠳᠡᠯ︾ ︵ᠥᠪᠥᠷ ᠲᠠᠷᠢᠶᠠᠯᠠᠩ ᠮᠠᠯ ᠠᠵᠤ ᠠᠬᠤᠢ ᠪᠦᠲᠦᠭᠡᠨ ᠪᠠᠶᠢᠭᠤᠯᠤᠯᠲᠠ ᠲᠠᠷᠬᠠᠭᠠᠭᠰᠠᠨ ﹇2023﹈ 500 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ︽2024 ᠣᠨ ᠤ ᠬᠥᠬᠡᠬᠤᠲᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ︵ᠲᠤᠷᠰᠢᠨ ᠬᠡᠷᠡᠭᠵᠢᠭᠦᠯᠬᠦ︶︾ ᠢ ᠲᠤᠭᠤᠷᠪᠢᠪᠠ᠃                   ᠬᠤᠶᠠᠷ᠂ ᠭᠤᠣᠯ ᠠᠭᠤᠯᠭ᠎ᠠ            ︵ᠨᠢᠭᠡ︶ ᠪᠦᠲᠦᠭᠡᠨ ᠪᠠᠶᠢᠭᠤᠯᠬᠤ ᠡᠭᠦᠷᠭᠡ            2024 ᠣᠨ ᠳᠤ ᠮᠠᠨ ᠤ ᠬᠤᠲᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 32.66 ᠲᠦᠮᠡᠨ ᠮᠦ ᠬᠡᠷᠡᠭᠵᠢᠭᠦᠯᠬᠦ ᠪᠠᠷ ᠲᠥᠯᠥᠪᠯᠡᠵᠦ᠂ ᠡᠭᠦᠨ ᠳᠤ ᠬᠥᠭᠵᠢᠭᠦᠯᠦᠯᠲᠡ ᠥᠭᠡᠷᠡᠴᠢᠯᠡᠯᠲᠡ ᠶᠢᠨ ᠤᠯᠤᠰ ᠤᠨ ᠵᠢᠭᠡᠯᠡᠯᠭᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ 24.79 ᠲᠦᠮᠡᠨ ᠮᠦ ︵14.54 ᠲᠦᠮᠡᠨ ᠮᠦ ᠶᠢ ᠰᠢᠨ᠎ᠡ ᠪᠠᠷ ᠪᠠᠶᠢᠭᠤᠯᠵᠤ᠂ 10.25 ᠲᠦᠮᠡᠨ ᠮᠦ ᠶᠢ ᠥᠭᠡᠷᠡᠴᠢᠯᠡᠨ ᠰᠠᠶᠢᠵᠢᠷᠠᠭᠤᠯᠬᠤ︶᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠲᠥᠷᠥᠯ ᠵᠦᠢᠯ 7.87 ᠲᠦᠮᠡᠨ ᠮᠦ᠃            ︵ᠬᠤᠶᠠᠷ︶ ᠪᠡᠶᠡᠯᠡᠭᠦᠯᠬᠦ ᠴᠠᠭ            2024 ᠣᠨ ᠤ 24.79 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ 1 ᠳ᠋ᠦ᠋ᠭᠡᠷ ᠰᠠᠷ᠎ᠠ ᠶᠢᠨ 10 ᠤ ᠡᠳᠦᠷ ᠠᠴᠠ ᠡᠮᠦᠨ᠎ᠡ ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠳᠠᠭᠤᠰᠬᠠᠵᠤ᠂ 1 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠲᠥᠷᠥᠯ ᠵᠦᠢᠯ ᠤᠨ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢ ᠳᠠᠭᠤᠰᠬᠠᠵᠤ᠂ 2 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠮᠡᠳᠡᠭᠦᠯᠦᠯᠲᠡ ᠶᠢ ᠬᠢᠨᠠᠨ ᠲᠣᠭᠲᠠᠭᠠᠬᠤ ᠪᠠ ᠴᠣᠬᠤᠯᠠᠪᠤᠷᠢᠯᠠᠨ ᠬᠠᠷᠢᠭᠤᠯᠬᠤ ᠠᠵᠢᠯ ᠢ ᠳᠠᠭᠤᠰᠬᠠᠵᠤ᠂ 3 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠪᠠᠷᠢᠯᠭ᠎ᠠ ᠶᠢᠨ ᠠᠵᠢᠯ ᠤᠨ ᠬᠢᠨᠠᠯᠲᠠ ᠬᠠᠮᠢᠶᠠᠷᠤᠯᠲᠠ ᠶᠢᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠳᠠᠭᠤᠰᠬᠠᠵᠤ᠂ 3 ᠳ᠋ᠤᠭᠠᠷ ᠰᠠᠷ᠎ᠠ ᠶᠢᠨ 25 ᠤ ᠡᠳᠦᠷ ᠠᠴᠠ ᠡᠮᠦᠨ᠎ᠡ ᠪᠦᠬᠦᠨ ᠢ ᠠᠵᠢᠯ ᠡᠬᠢᠯᠡᠭᠦᠯᠵᠦ᠂ 4 ᠳ᠋ᠦ᠋ᠭᠡᠷ ᠰᠠᠷ᠎ᠠ ᠶᠢᠨ 20 ᠤ ᠡᠳᠦᠷ ᠠᠴᠠ ᠡᠮᠦᠨ᠎ᠡ ᠪᠥᠬᠦ ᠲᠠᠷᠢᠶᠠᠨ ᠭᠠᠵᠠᠷ ᠤᠨ ᠳᠤᠮᠳᠠᠬᠢ ᠪᠠᠷᠢᠯᠭ᠎ᠠ ᠶᠢᠨ ᠠᠵᠢᠯ ᠢ ᠳᠠᠭᠤᠰᠬᠠᠵᠤ᠂ 11 ᠳ᠋ᠦ᠋ᠭᠡᠷ ᠰᠠᠷ᠎ᠠ ᠶᠢᠨ 30 ᠤ ᠡᠳᠦᠷ ᠠᠴᠠ ᠡᠮᠦᠨ᠎ᠡ ᠲᠥᠷᠥᠯ ᠵᠦᠢᠯ ᠤᠨ ᠭᠤᠣᠯ ᠴᠣᠭᠴᠠ ᠶᠢᠨ ᠢᠨᠵᠧᠨᠧᠷᠢᠩ ᠤᠨ ᠪᠥᠬᠦ ᠠᠭᠤᠯᠭ᠎ᠠ ᠶᠢ ᠪᠡᠶᠡᠯᠡᠭᠦᠯᠵᠦ᠂ 12 ᠳ᠋ᠤᠭᠠᠷ ᠰᠠᠷ᠎ᠠ ᠶᠢᠨ 20 ᠤ ᠡᠳᠦᠷ ᠠᠴᠠ ᠡᠮᠦᠨ᠎ᠡ ᠣᠨ ᠤ ᠠᠵᠢᠯ ᠤᠨ ᠳ᠋ᠦᠩᠨᠡᠯᠲᠡ ᠶᠢ ᠮᠡᠳᠡᠭᠦᠯᠦᠨ᠎ᠡ᠃            ︵ᠭᠤᠷᠪᠠ︶ ᠪᠦᠲᠦᠭᠡᠨ ᠪᠠᠶᠢᠭᠤᠯᠬᠤ ᠪᠠᠷᠢᠮᠵᠢᠶ᠎ᠠ            ᠤᠯᠤᠰ ᠤᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠳᠦᠷᠢᠮ︾ ︵GB/T30600 - 2022︶ ᠵᠢᠴᠢ ᠬᠤᠯᠪᠣᠭᠳᠠᠯ ᠪᠦᠬᠦᠢ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ ᠴᠢᠬᠤᠯᠠᠴᠢᠯᠠᠬᠤ᠂ ᠪᠣᠬᠢᠷᠲᠤᠯ ᠦᠭᠡᠢ ᠬᠥᠭᠵᠢᠭᠦᠯᠬᠦ᠂ ᠣᠯᠠᠨ ᠡᠰᠢᠵᠢᠭᠦᠯᠦᠨ ᠣᠷᠣᠯᠴᠠᠬᠤ ᠪᠠ ᠪᠦᠲᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ᠂ ᠤᠰᠤᠯᠠᠬᠤ ᠪᠠ ᠤᠰᠤ ᠵᠠᠯᠠᠬᠤ᠂ ᠲᠠᠷᠢᠶᠠᠨ ᠳᠤᠮᠳᠠᠬᠢ ᠵᠠᠮ᠂ ᠲᠠᠷᠢᠶᠠᠨ ᠭᠠᠵᠠᠷ ᠢ ᠰᠡᠷᠭᠡᠶᠢᠯᠡᠨ ᠬᠠᠮᠠᠭᠠᠯᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ᠂ ᠲᠠᠷᠢᠶᠠᠨ ᠭᠠᠵᠠᠷ   ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ ᠵᠡᠷᠭᠡ ᠲᠠᠷᠢᠶᠠᠨ ᠭᠠᠵᠠᠷ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠲᠠᠷᠢᠶᠠᠨ ᠭᠠᠵᠠᠷ ᠤᠨ ᠬᠥᠷᠥᠰᠥᠨ ᠰᠢᠮ᠎ᠡ ᠪᠠ ᠤᠨᠠᠯᠲᠠ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ︽ᠬᠡᠷᠡᠭᠯᠡᠬᠦ ᠶᠣᠰᠣᠲᠠᠢ ᠶᠢ ᠵᠠᠪᠠᠯ ᠬᠡᠷᠡᠭᠯᠡᠵᠦ᠂ ᠬᠡᠷᠡᠭᠯᠡᠵᠦ ᠪᠣᠯᠬᠤ ᠶᠢ ᠪᠦᠬᠦᠨ ᠢ ᠬᠡᠷᠡᠭᠯᠡᠬᠦ︾ ᠵᠠᠷᠴᠢᠮ ᠶᠣᠰᠣᠭᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠠᠷᠭ᠎ᠠ ᠬᠢᠳᠡᠯ ᠢ ᠤᠯᠠᠮ ᠨᠢᠭᠡ ᠠᠯᠬᠤᠮ ᠥᠷᠭᠡᠳᠬᠡᠨ ᠳᠡᠯᠭᠡᠷᠡᠭᠦᠯᠵᠦ᠂ ᠨᠡᠶᠢᠲᠡᠯᠢᠭ ᠬᠡᠪ ᠵᠠᠭᠪᠤᠷ ᠤᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠨᠥᠯᠥᠭᠡᠯᠡᠨ ᠳᠠᠶᠢᠴᠢᠯᠠᠬᠤ ᠬᠡᠪᠴᠢᠶ᠎ᠡ ᠶᠢ ᠥᠷᠭᠡᠳᠬᠡᠵᠦ᠂ ᠳᠡᠯᠭᠡᠷᠡᠭᠦᠯᠬᠦ ᠲᠠᠯᠠᠪᠠᠶ ᠶᠢ ᠬᠤᠰᠢᠭᠤ ᠰᠢᠶᠠᠨ ᠲᠣᠭᠤᠷᠢᠭ ᠤᠨ ᠡᠭᠦᠷᠭᠡ ᠶᠢᠨ 50% ᠠᠴᠠ ᠳᠣᠣᠷ᠎ᠠ ᠪᠠᠶᠢᠯᠭᠠᠬᠤ ᠦᠭᠡᠢ᠃ ᠲᠥᠷᠥᠯ ᠵᠦᠢᠯ ᠤᠨ ᠡᠵᠡᠩᠨᠡᠯᠲᠡ ᠬᠠᠮᠢᠶᠠᠷᠤᠯᠲᠠ ᠶᠢᠨ ᠲᠠᠯ᠎ᠠ ᠪᠠᠷ᠂ ᠦᠢᠯᠡᠳᠪᠦᠷᠢᠯᠡᠯ ᠢ ᠪᠠᠷᠢᠮᠵᠢᠶᠠᠵᠢᠭᠤᠯᠬᠤ᠂ ᠡᠵᠡᠩᠨᠡᠯᠲᠡ ᠶᠢ ᠬᠡᠪᠴᠢᠶᠡᠵᠢᠭᠦᠯᠬᠦ᠂ ᠦᠢᠯᠡᠳᠬᠦᠨ ᠢ ᠨᠠᠷᠠᠲᠤ ᠲᠥᠷᠥᠯ ᠲᠡᠮᠳᠡᠭᠵᠢᠭᠦᠯᠬᠦ᠂ ᠠᠵᠤ ᠦᠢᠯᠡᠰ ᠢ ᠣᠨᠴᠠᠯᠢᠬᠵᠢᠭᠤᠯᠬᠤ᠂ ᠲᠠᠷᠢᠶᠠᠴᠢᠳ ᠢ ᠵᠣᠬᠢᠶᠠᠨ ᠪᠠᠶᠢᠭᠤᠯᠤᠯᠵᠢᠭᠤᠯᠬᠤ ᠶᠢ ᠪᠠᠷᠢᠮᠲᠠᠯᠠᠨ᠎ᠠ᠃ ᠤᠷᠢᠳᠠᠪᠠᠷ ᠡᠷᠭᠢᠯᠳᠦᠭᠦᠯᠵᠦ ᠳᠠᠷᠠᠭ᠎ᠠ ᠨᠢ ᠲᠥᠷᠥᠯ ᠵᠦᠢᠯ ᠲᠣᠭᠲᠠᠭᠠᠬᠤ᠂ ᠤᠷᠢᠳᠠᠪᠠᠷ ᠲᠡᠭᠰᠢᠯᠡᠵᠦ ᠳᠠᠷᠠᠭ᠎ᠠ ᠨᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠵᠤ᠂ ᠲᠥᠷᠥᠯ ᠵᠦᠢᠯ ᠤᠨ ᠣᠷᠣᠨ ᠤ ᠭᠠᠵᠠᠷ ᠰᠢᠷᠣᠢ ᠶᠢᠨ ᠡᠷᠭᠢᠯᠲᠡ ᠶᠢᠨ ᠨᠣᠷᠮ᠎ᠠ ᠶᠢ 60% ᠠᠴᠠ ᠳᠡᠭᠡᠭᠰᠢ ᠬᠦᠷᠭᠡᠨ᠎ᠡ᠃           ︵ᠳᠥᠷᠪᠡ︶ ᠪᠦᠲᠦᠭᠡᠨ ᠪᠠᠶᠢᠭᠤᠯᠬᠤ ᠭᠤᠣᠯ ᠠᠭᠤᠯᠭ᠎ᠠ             ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠢᠵᠢ ᠪᠦᠷᠢᠳᠦᠭᠦᠯᠦᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠢ ᠴᠡᠭᠴᠡᠯᠡᠨ ᠵᠠᠰᠠᠬᠤ ᠢᠨᠵᠧᠨᠧᠷᠢᠩ᠂ ᠤᠰᠤᠯᠠᠬᠤ ᠪᠠ ᠤᠰᠤ ᠵᠠᠯᠠᠬᠤ ᠢᠨᠵᠧᠨᠧᠷᠢᠩ᠂ ᠲᠠᠷᠢᠶᠠᠨ ᠳᠤᠮᠳᠠᠬᠢ ᠵᠠᠮ ᠤᠨ ᠢᠨᠵᠧᠨᠧᠷᠢᠩ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠢᠨᠵᠧᠨᠧᠷᠢᠩ᠂ ᠲᠠᠷᠢᠶᠠᠨ ᠭᠠᠵᠠᠷ ᠴᠠᠬᠢᠯᠭᠠᠨ ᠬᠦᠷᠭᠡᠬᠦ ᠪᠠ ᠬᠦᠴᠦᠳᠡᠯ ᠥᠭᠡᠷᠡᠴᠢᠯᠡᠬᠦ ᠢᠨᠵᠧᠨᠧᠷᠢᠩ᠂ ᠲᠠᠷᠢᠶᠠᠨ ᠭᠠᠵᠠᠷ ᠤᠨ ᠬᠥᠷᠥᠰᠥᠨ ᠰᠢᠮ᠎ᠡ ᠪᠠ ᠤᠨᠠᠯᠲᠠ ᠶᠢ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃            ︵ᠲᠠᠪᠤ︶ ᠠᠵᠢᠯ ᠤᠨ ᠠᠷᠭ᠎ᠠ ᠬᠡᠮᠵᠢᠶ᠎ᠡ ᠬᠢᠭᠡᠳ ᠱᠠᠭᠠᠷᠳᠠᠯᠭ᠎ᠠ            1. ᠲᠥᠷᠥᠯ ᠵᠦᠢᠯ ᠤᠨ ᠭᠠᠵᠠᠷ ᠢ ᠰᠠᠶᠢᠨ ᠰᠣᠩᠭᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ︽ᠲᠠᠪᠤᠨ ᠡᠷᠬᠡᠪᠰᠢ᠂ ᠳᠥᠷᠪᠡᠨ ᠤᠷᠢᠳᠠᠪᠠᠷ᠂ ᠬᠤᠶᠠᠷ ᠢ ᠴᠢᠩᠭ᠎ᠠ ᠴᠠᠭᠠᠵᠠᠯᠠᠬᠤ︾ ᠭᠠᠵᠠᠷ ᠰᠣᠩᠭᠤᠬᠤ ᠵᠠᠷᠴᠢᠮ ᠢ ᠴᠢᠩᠭ᠎ᠠ ᠬᠡᠷᠡᠭᠵᠢᠭᠦᠯᠦᠨ᠎ᠡ᠃ ᠥᠪᠥᠷ ᠮᠣᠩᠭᠤᠯ ᠤᠨ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠰᠢᠰᠲ᠋ᠧᠮ ᠤᠨ ᠲᠥᠷᠥᠯ ᠵᠦᠢᠯ ᠤᠨ ᠨᠥᠭᠡᠴᠡ ᠶᠢᠨ ᠬᠥᠮᠥᠷᠭᠡ ᠳᠤ ᠰᠣᠩᠭᠤᠭᠳᠠᠭᠰᠠᠨ ᠲᠥᠷᠥᠯ ᠵᠦᠢᠯ ᠤᠨ ᠬᠠᠮᠢᠶ᠎ᠠ ᠪᠦᠬᠦᠢ ᠮᠠᠲ᠋ᠧᠷᠢᠶᠠᠯ ᠢ ᠲᠠᠭᠯᠠᠨ ᠮᠡᠳᠡᠭᠦᠯᠬᠦ ᠪᠠ ᠸᠧᠺᠲ᠋ᠣᠷ ᠪᠠᠶᠢᠷᠢᠰᠢᠯ ᠢ ᠠᠴᠢᠬᠤ ᠠᠵᠢᠯ ᠢ ᠪᠡᠶᠡᠯᠡᠭᠦᠯᠵᠦ᠂ ᠳᠠᠷᠠᠭ᠎ᠠ ᠨᠢᠭᠡ ᠵᠢᠯ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠰ ᠵᠢᠯ ᠤᠨ 9 ᠰᠠᠷ᠎ᠠ ᠳᠤ ᠪᠢᠴᠢᠵᠦ ᠣᠷᠣᠭᠤᠯᠬᠤ ᠬᠡᠷᠡᠭᠲᠡᠢ᠂ ᠪᠢᠴᠢᠵᠦ ᠣᠷᠣᠭᠤᠯᠤᠭᠰᠠᠨ ᠦᠭᠡᠢ ᠲᠥᠷᠥᠯ ᠵᠦᠢᠯ ᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶᠡᠨ ᠳᠤ ᠣᠷᠣᠭᠤᠯᠵᠤ ᠪᠣᠯᠬᠤ ᠦᠭᠡᠢ᠃            2. ᠪᠡᠯᠡ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ 2024 ᠣᠨ ᠳᠤ ᠰᠢᠨ᠎ᠡ ᠪᠠᠷ ᠪᠠᠶᠢᠭᠤᠯᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠳ᠋ ᠤᠨ ᠵᠠᠰᠠᠭ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢᠨ ᠪᠠᠷᠢᠮᠵᠢᠶ᠎ᠠ ᠶᠢ 2527 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠥᠭᠡᠷᠡᠴᠢᠯᠡᠵᠦ ᠰᠠᠶᠢᠵᠢᠷᠠᠭᠤᠯᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠮᠦ ᠪᠦᠷᠢ ᠶᠢᠨ ᠳᠤᠮᠳᠠᠴᠢ ᠪᠡᠯᠡ ᠣᠷᠣᠭᠤᠯᠤᠯᠲᠠ ᠶᠢᠨ ᠪᠠᠷᠢᠮᠵᠢᠶ᠎ᠠ ᠶᠢ 2316 ᠲᠥᠭᠦᠷᠢᠭ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠣᠯᠠᠨ ᠡᠰᠢᠵᠢᠭᠰᠡᠨ ᠪᠡᠯᠡ ᠲᠣᠬᠢᠷᠠᠭᠤᠯᠭ᠎ᠠ ᠶᠢᠨ ᠠᠷᠭ᠎ᠠ ᠪᠠᠷᠢᠯ ᠢ ᠰᠦᠪᠡᠭᠴᠢᠯᠡᠵᠦ᠂ ᠨᠡᠶᠢᠭᠡᠮ ᠤᠨ ᠬᠥᠷᠥᠩᠭᠡ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃            3. ᠲᠥᠷᠥᠯ ᠵᠦᠢᠯ ᠤᠨ ᠬᠠᠮᠢᠶᠠᠷᠤᠯᠲᠠ ᠶᠢ ᠴᠢᠩᠭᠠᠳᠬᠠᠨ᠎ᠠ᠃ ᠲᠥᠷᠥᠯ ᠵᠦᠢᠯ ᠢ ᠲᠥᠯᠥᠪᠵᠢᠭᠦᠯᠬᠦ᠂ ᠭᠤᠶᠤᠴᠢᠯᠠᠨ ᠮᠡᠳᠡᠭᠦᠯᠬᠦ᠂ ᠬᠠᠶᠢᠨ ᠪᠠᠶᠢᠴᠠᠭᠠᠵᠤ ᠵᠢᠷᠤᠭᠯᠠᠨ ᠲᠥᠯᠥᠪᠯᠡᠬᠦ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠪᠠᠷᠢᠯᠭ᠎ᠠ ᠪᠠᠷᠢᠬᠤ᠂ ᠢᠨᠵᠧᠨᠧᠷᠢᠩ ᠢ ᠬᠢᠨᠠᠨ ᠬᠠᠮᠢᠶᠠᠷᠬᠤ᠂ ᠢᠨᠵᠧᠨᠧᠷᠢᠩ ᠳᠠᠭᠤᠰᠤᠭᠰᠠᠨ ᠢ ᠰᠢᠯᠭᠠᠨ ᠠᠪᠬᠤ᠂ ᠢᠨᠵᠧᠨᠧᠷᠢᠩ ᠳᠠᠭᠤᠰᠤᠭᠰᠠᠨ ᠤ ᠳᠠᠷᠠᠭᠠᠬᠢ ᠬᠠᠮᠢᠶᠠᠷᠴᠤ ᠬᠠᠮᠠᠭᠠᠯᠠᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠲᠥᠷᠥᠯ ᠵᠦᠢᠯ ᠢ ᠪᠦᠷᠢᠳᠬᠡᠯ ᠳᠤ ᠣᠷᠣᠭᠤᠯᠬᠤ ᠵᠢᠴᠢ ᠪᠡᠯᠡ ᠣᠷᠣᠭᠤᠯᠤᠯᠲᠠ ᠶᠢ ᠮᠡᠳᠡᠭᠦᠯᠦᠨ ᠬᠦᠷᠭᠡᠬᠦ ᠵᠡᠷᠭᠡ ᠡᠯ᠎ᠡ ᠭᠤᠭᠴᠤᠭ᠎ᠠ ᠶᠢᠨ ᠠᠵᠢᠯ ᠤᠨ ᠳᠦᠷᠢᠮ ᠢ ᠵᠢᠷᠤᠮᠵᠢᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ᠂ ᠲᠤᠬᠠᠢ ᠶᠢᠨ ᠭᠠᠵᠠᠷ ᠤᠨ ᠤᠯᠠᠨ ᠲᠦᠮᠡᠨ ᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠᠬᠢ ᠮᠡᠷᠭᠡᠵᠢᠯ ᠤᠨ ᠱᠠᠭᠠᠷᠳᠠᠯᠭ᠎ᠠ ᠪᠠᠷ ᠨᠡᠯᠢᠶᠡᠳ ᠳᠣᠣᠷ᠎ᠠ ᠪᠠᠷᠢᠯᠭ᠎ᠠ ᠳᠤ ᠣᠷᠣᠯᠴᠠᠭᠤᠯᠵᠤ᠂ ᠲᠠᠷᠢᠶᠠᠴᠢᠳ ᠢ ᠬᠢᠨᠠᠯᠲᠠ ᠲᠠᠯᠪᠢᠭᠴᠢ ᠪᠠᠷ ᠤᠷᠢᠵᠤ ᠲᠦᠷᠦᠯ ᠵᠦᠢᠯ ᠤᠨ ᠬᠠᠮᠢᠶᠠᠷᠤᠯᠲᠠ ᠪᠠ ᠰᠢᠯᠭᠠᠨ ᠠᠪᠬᠤ ᠪᠦᠬᠦ ᠠᠵᠢᠯ ᠳᠤ ᠣᠷᠣᠯᠴᠠᠭᠤᠯᠤᠨ᠎ᠠ᠃             4. ᠡᠳᠦᠷ ᠲᠤᠲᠤᠮ ᠤᠨ ᠮᠡᠳᠡᠭᠦᠯᠦᠨ ᠬᠦᠷᠭᠡᠬᠦ ᠶᠢ ᠵᠢᠷᠤᠮᠵᠢᠭᠤᠯᠤᠨ᠎ᠠ᠃ ᠲᠤᠰᠬᠠᠢ ᠬᠥᠮᠥᠨ ᠲᠣᠮᠢᠯᠠᠵᠤ ᠲᠣᠭᠲᠠᠭᠠᠭᠰᠠᠨ ᠴᠠᠭ ᠤᠨ ᠵᠠᠩᠭᠢᠯᠠᠭ᠎ᠠ ᠶᠣᠰᠣᠭᠠᠷ ᠮᠠᠲ᠋ᠧᠷᠢᠶᠠᠯ ᠢ ᠰᠦᠯᠵᠢᠶᠡᠨ ᠳᠡᠭᠡᠷᠡᠬᠢ ᠰᠢᠰᠲ᠋ᠧᠮ ᠳᠡᠭᠡᠷ᠎ᠡ ᠮᠡᠳᠡᠭᠦᠯᠬᠦ ᠪᠠ ᠰᠦᠯᠵᠢᠶᠡᠨ ᠭᠠᠳᠠᠨ᠎ᠠ ᠲᠠᠩᠰᠠ ᠡᠪᠬᠡᠮᠡᠯ ᠳᠤ ᠣᠷᠣᠭᠤᠯᠵᠤ᠂ ᠲᠤᠭ᠎ᠠ ᠪᠠᠷᠢᠮᠲᠠ ᠶᠢ ᠡᠷᠬᠡᠪᠰᠢ ᠴᠠᠭ ᠲᠤᠬᠠᠢ ᠳᠤᠨᠢ᠂ ᠣᠨᠣᠪᠴᠢᠲᠠᠶ ᠮᠡᠳᠡᠭᠦᠯᠦᠨ ᠬᠦᠷᠭᠡᠵᠦ᠂ ᠯᠣᠭᠢᠭ ᠲᠤ ᠨᠡᠶᠢᠴᠡᠭᠰᠡᠨ ᠪᠠᠶᠢᠬᠤ ᠬᠡᠷᠡᠭᠲᠡᠢ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号