| | ᠣᠶᠢᠷ᠎ᠠ ᠳᠤ᠂ ᠲᠢᠶᠠᠨᠵᠢᠨ ᠬᠤᠲᠠ ᠶᠢᠨ ᠾᠧ ᠰᠢ ᠲᠣᠭᠤᠷᠢᠭ ᠤᠨ ᠯᠢ ᠮᠢᠨ ᠵᠠᠮ ᠤᠨ ᠬᠦᠴᠦᠳᠡᠯ | ᠥᠭᠡᠷᠡᠴᠢᠯᠡᠬᠦ ᠥᠷᠲᠡᠭᠡ ᠶᠢᠨ ᠪᠠᠶᠢᠴᠠᠭᠠᠨ ᠵᠠᠰᠠᠬᠤ ᠲᠤᠬᠠᠢ ᠶᠢᠨ ᠲᠠᠯᠠᠪᠠᠢ ᠳᠤ᠂ ᠶᠡᠷᠦᠩᠬᠡᠢ ᠬᠦᠨᠳᠦ ᠨᠢ 160 | ᠭᠠᠷᠤᠢ ᠲᠤᠨ ᠤ ᠰᠢᠨ᠎ᠡ ᠬᠦᠴᠦᠳᠡᠯ ᠥᠭᠡᠷᠡᠴᠢᠯᠡᠭᠴᠢ ᠶᠢ ᠤᠭᠰᠠᠷᠠᠵᠤ ᠳᠠᠭᠤᠰᠬᠠᠪᠠ᠂ ᠨᠢᠭᠡᠨᠲᠡ 23 ᠵᠢᠯ | ᠬᠡᠷᠡᠭᠯᠡᠭᠰᠡᠨ ᠬᠠᠭᠤᠴᠢᠨ ᠬᠦᠴᠦᠳᠡᠯ ᠥᠭᠡᠷᠡᠴᠢᠯᠡᠭᠴᠢ ᠶᠢ ᠰᠣᠯᠢᠪᠠ᠃ | | | ᠣᠶᠢᠯᠠᠭᠠᠭᠰᠠᠨ ᠢᠶᠠᠷ᠂ ᠲᠢᠶᠠᠨᠵᠢᠨ ᠤ ᠴᠠᠬᠢᠯᠭᠠᠨ ᠲᠣᠣᠷ ᠤᠨ ᠲᠣᠭᠲᠠᠪᠤᠷᠢᠲᠤ ᠴᠢᠨᠠᠷ ᠢ ᠤᠯᠠᠮ ᠨᠢᠭᠡ ᠠᠯᠬᠤᠮ | ᠴᠢᠩᠭᠠᠳᠬᠠᠬᠤ ᠶᠢᠨ ᠲᠥᠯᠥᠭᠡ᠂ ᠤᠯᠤᠰ ᠤᠨ ᠴᠠᠬᠢᠯᠭᠠᠨ ᠲᠣᠣᠷ ᠤᠨ ᠲᠢᠶᠠᠨᠵᠢᠨ ᠬᠤᠲᠠ ᠶᠢᠨ ᠴᠠᠬᠢᠯᠭᠠᠨ | ᠬᠦᠴᠦᠨ ᠤ ᠺᠣᠮᠫᠠᠨᠢ ᠡᠨᠧᠷᠭᠢ ᠶᠢᠨ ᠲᠥᠬᠦᠭᠡᠷᠦᠮᠵᠢ ᠶᠢᠨ ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠶᠢ | ᠲᠦᠯᠬᠢᠨ ᠠᠬᠢᠭᠤᠯᠤᠨ᠎ᠠ᠂ 2024 ᠣᠨ ᠳᠤ 7 ᠳ᠋ᠦᠩᠰᠢᠭᠤᠷ ᠲᠥᠭᠦᠷᠢᠭ ᠪᠡᠯᠡ ᠣᠷᠣᠭᠤᠯᠵᠤ ᠬᠠᠭᠤᠴᠢᠨ | ᠴᠠᠬᠢᠯᠭᠠᠨ ᠤᠲᠠᠰᠤ᠂ ᠨᠡᠭᠡᠯᠬᠡᠢ ᠶᠢᠨ ᠬᠤᠷᠭᠤ᠂ ᠬᠠᠭᠤᠴᠢᠨ ᠴᠠᠬᠢᠯᠭᠠᠨ ᠤᠲᠠᠰᠤ ᠶᠢᠨ ᠪᠠᠭᠠᠨ᠎ᠠ ᠵᠡᠷᠭᠡ | ᠵᠠᠩᠭᠢᠯᠠᠭ᠎ᠠ ᠶᠢᠨ ᠴᠠᠬᠢᠯᠭᠠᠨ ᠬᠦᠴᠦᠨ ᠤ ᠲᠥᠬᠦᠭᠡᠷᠦᠮᠵᠢ ᠶᠢ ᠲᠠᠰ ᠳᠡᠪᠰᠢᠭᠦᠯᠬᠦ ᠪᠠᠷ ᠲᠥᠯᠥᠪᠯᠡᠵᠦ᠂ ᠵᠢᠱᠢᠯᠲᠡ ᠪᠠᠷ | ᠡᠨᠧᠷᠭᠢ ᠶᠢᠨ ᠬᠤᠷᠣᠭᠳᠠᠯ ᠶᠡᠬᠡᠲᠡᠢ 400 ᠭᠠᠷᠤᠢ ᠬᠦᠴᠦᠳᠡᠯ ᠥᠭᠡᠷᠡᠴᠢᠯᠡᠭᠴᠢ ᠶᠢ ᠰᠢᠨᠡᠳᠬᠡᠨ ᠲᠠᠰ | ᠳᠡᠪᠰᠢᠭᠦᠯᠦᠨ᠎ᠡ᠃ | | | ᠡᠨᠡ ᠪᠣᠯ ᠡᠯ᠎ᠡ ᠭᠠᠵᠠᠷ ᠤᠨ ᠶᠡᠭᠡ ᠬᠡᠪᠴᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ | ᠠᠬᠢᠭᠤᠯᠬᠤ ᠬᠤᠷᠢᠶᠠᠩᠭᠤᠢ ᠳᠦᠷᠰᠦ ᠪᠣᠯᠣᠨ᠎ᠠ᠃ | | | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠬᠠᠷᠠᠯᠲᠠ ᠠᠷᠭ᠎ᠠ ᠮᠠᠶ᠋ᠢᠭ ᠲᠣᠳᠣᠷᠬᠠᠢ | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠵᠠᠬ᠎ᠠ ᠳᠡᠯᠭᠡᠭᠦᠷ ᠤᠨ ᠬᠡᠪᠴᠢᠶ᠎ᠡ ᠨᠢ ᠠᠤᠭ᠎ᠠ ᠶᠡᠭᠡ᠃ | ᠲᠤᠭ᠎ᠠ ᠪᠠᠷᠢᠮᠲᠠ ᠠᠴᠠ ᠦᠵᠡᠪᠡᠯ᠂ ᠨᠢᠳᠤᠨᠤᠨ ᠮᠠᠨ ᠤ ᠤᠯᠤᠰ ᠤᠨ ᠠᠵᠤ ᠦᠢᠯᠡᠳᠪᠦᠷᠢ᠂ ᠬᠥᠳᠡᠭᠡ ᠠᠵᠤ | ᠠᠬᠤᠢ ᠵᠡᠷᠭᠡ ᠭᠤᠣᠯᠳᠠᠯᠭ᠎ᠠ ᠲᠠᠢ ᠬᠦᠷᠢᠶᠡᠨ ᠤ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷᠤᠭ | 4 .9 ᠲᠦᠮᠡᠨ ᠳ᠋ᠦᠩᠰᠢᠭᠤᠷ ᠲᠥᠭᠦᠷᠢᠭ ᠬᠦᠷᠴᠡᠢ᠃ | | | ᠡᠨᠡ ᠵᠢᠯ ᠤᠨ 3 ᠳ᠋ᠤᠭᠠᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ︽ᠶᠡᠭᠡ ᠬᠡᠪᠴᠢᠶᠡᠨ ᠤ | ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯᠡᠰ ᠢ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠠᠬᠢᠭᠤᠯᠬᠤ ᠠᠵᠢᠯᠯᠠᠭᠠᠨ ᠤ ᠲᠥᠰᠥᠯ︾ ︵ᠳᠣᠷᠣᠭᠰᠢ ︽ᠠᠵᠢᠯᠯᠠᠭᠠᠨ ᠤ ᠲᠥᠰᠥᠯ︾ ᠭᠡᠵᠦ ᠲᠣᠪᠴᠢᠯᠠᠨ᠎ᠠ︶ ᠢ | ᠳᠠᠷᠤᠮᠠᠯᠯᠠᠨ ᠲᠠᠷᠬᠠᠭᠠᠵᠤ᠂ 2027 ᠣᠨ ᠪᠤᠯᠳᠠᠯ᠎ᠠ᠂ ᠠᠵᠤ ᠦᠢᠯᠡᠳᠪᠦᠷᠢ᠂ ᠲᠠᠷᠢᠶᠠᠯᠠᠩ᠂ ᠪᠠᠷᠢᠯᠭ᠎ᠠ᠂ ᠵᠠᠮ ᠬᠠᠷᠢᠯᠴᠠᠭ᠎ᠠ᠂ | ᠰᠤᠷᠭᠠᠨ ᠬᠥᠮᠦᠵᠢᠯ᠂ ᠰᠣᠶᠣᠯ ᠵᠢᠭᠤᠯᠴᠢᠯᠠᠯ᠂ ᠡᠮᠴᠢᠯᠡᠭᠡ ᠵᠡᠷᠭᠡ ᠬᠦᠷᠢᠶᠡᠨ ᠤ ᠲᠥᠬᠦᠭᠡᠷᠦᠮᠵᠢ ᠶᠢᠨ ᠪᠡᠯᠡ | ᠣᠷᠣᠭᠤᠯᠤᠯᠲᠠ ᠶᠢ 2023 ᠣᠨ ᠤ ᠬᠢ ᠠᠴᠠ 25% ᠠᠴᠠ ᠳᠡᠭᠡᠭᠰᠢ ᠨᠡᠮᠡᠭᠳᠡᠭᠦᠯᠦᠨ᠎ᠡ ᠭᠡᠵᠦ ᠳᠤᠷᠠᠳᠤᠨ | ᠭᠠᠷᠭᠠᠪᠠ᠃ | | | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠨᠢ ᠨᠡᠭᠡᠨᠳᠡ ᠲᠣᠳᠣᠷᠬᠠᠢ ᠬᠠᠷᠠᠯᠲᠠ ᠠᠷᠭ᠎ᠠ ᠮᠠᠶ᠋ᠢᠭ ᠲᠠᠢ | ᠪᠣᠯᠵᠠᠢ᠃ | | | ︽ᠠᠵᠢᠯᠯᠠᠭᠠᠨ ᠤ ᠲᠥᠰᠥᠯ︾ ᠳᠤ᠂ ︽ᠲᠥᠬᠦᠭᠡᠷᠦᠮᠵᠢ ᠶᠢᠨ ᠰᠢᠨᠡᠴᠢᠯᠡᠯᠲᠡ ᠶᠢᠨ ᠠᠵᠢᠯᠯᠠᠭ᠎ᠠ︾ ᠶᠢ | ᠬᠡᠷᠡᠭᠵᠢᠭᠦᠯᠬᠦ ᠳᠤ ᠭᠤᠣᠯᠳᠠᠭᠤ ᠭᠤᠣᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ ᠶᠢ ᠰᠢᠨᠡᠳᠬᠡᠨ | ᠥᠭᠡᠷᠡᠴᠢᠯᠡᠬᠦ ᠶᠢ ᠠᠬᠢᠭᠤᠯᠬᠤ᠂ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ | ᠰᠢᠨᠡᠴᠢᠯᠡᠯᠲᠡ ᠶᠢ ᠲᠦᠷᠭᠡᠳᠬᠡᠬᠦ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠪᠠ ᠬᠠᠭᠤᠴᠢᠨ | ᠲᠠᠷᠢᠶᠠᠯᠠᠩ ᠤᠨ ᠮᠠᠰᠢᠨ ᠢ ᠰᠢᠨᠡᠳᠬᠡᠬᠦ ᠶᠢ ᠳᠡᠮᠵᠢᠵᠦ᠂ ᠰᠤᠷᠭᠠᠨ ᠬᠥᠮᠦᠵᠢᠯ ᠰᠣᠶᠣᠯ ᠵᠢᠭᠤᠯᠴᠢᠯᠠᠯ ᠡᠮᠴᠢᠯᠡᠭᠡᠨ ᠤ | ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠵᠡᠷᠭᠡ 4 ᠲᠠᠯ᠎ᠠ ᠠᠴᠠ ᠭᠠᠷᠳᠠᠨ᠎ᠠ ᠭᠡᠵᠦ ᠳᠤᠷᠠᠳᠤᠨ | ᠭᠠᠷᠭᠠᠵᠠᠢ᠃ | | | ︽ᠠᠵᠢᠯᠯᠠᠭᠠᠨ ᠤ ᠲᠥᠰᠥᠯ︾ ᠳᠤ᠂ ᠭᠤᠣᠯᠳᠠᠯᠭ᠎ᠠ ᠲᠠᠢ ᠠᠵᠢᠯ ᠲᠥᠷᠥᠯ ᠤᠨ ᠲᠥᠬᠦᠭᠡᠷᠦᠮᠵᠢ ᠶᠢ ᠰᠢᠨᠡᠳᠬᠡᠨ | ᠥᠭᠡᠷᠡᠴᠢᠯᠡᠬᠦ ᠲᠠᠯ᠎ᠠ ᠪᠠᠷ᠂ ᠪᠣᠯᠣᠳ ᠲᠡᠮᠦᠷ᠂ ᠥᠩᠭᠡᠲᠦ ᠲᠡᠮᠦᠷᠯᠢᠭ᠂ ᠴᠢᠯᠠᠭᠤᠨ ᠲᠣᠰᠣ᠂ ᠬᠢᠮᠢ ᠶᠢᠨ ᠠᠵᠤ | ᠦᠢᠯᠡᠳᠪᠦᠷᠢ᠂ ᠪᠠᠷᠢᠯᠭ᠎ᠠ ᠶᠢᠨ ᠮᠠᠲ᠋ᠧᠷᠢᠶᠠᠯ᠂ ᠴᠠᠬᠢᠯᠭᠠᠨ ᠬᠦᠴᠦᠨ᠂ ᠮᠠᠰᠢᠨ ᠮᠢᠸ᠋ᠬᠠᠨᠢᠭ᠂ ᠠᠭᠠᠷ ᠠᠶᠠᠯᠠᠯ᠂ ᠣᠩᠭᠤᠴᠠ | ᠰᠠᠯ᠂ ᠬᠥᠩᠭᠡᠨ ᠨᠡᠬᠡᠮᠡᠯ᠂ ᠡᠯᠧᠺᠲᠷᠣᠨ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠳᠤ ᠠᠩᠬᠠᠷᠤᠯ ᠢᠶᠠᠨ | ᠲᠥᠪᠯᠡᠷᠡᠭᠦᠯᠵᠦ᠂ ᠦᠢᠯᠡᠳᠪᠦᠷᠢᠯᠡᠯ ᠤᠨ ᠲᠥᠬᠦᠭᠡᠷᠦᠮᠵᠢ᠂ ᠡᠨᠧᠷᠭᠢ ᠬᠡᠷᠡᠭᠯᠡᠬᠦ ᠲᠥᠬᠦᠭᠡᠷᠦᠮᠵᠢ᠂ ᠴᠠᠬᠢᠯᠭᠠᠨ | ᠳᠠᠮᠵᠢᠭᠤᠯᠵᠤ ᠴᠠᠬᠢᠯᠭᠠᠨ ᠲᠦᠭᠡᠭᠡᠬᠦ ᠲᠥᠬᠦᠭᠡᠷᠦᠮᠵᠢ ᠶᠢ ᠰᠢᠨᠡᠳᠬᠡᠬᠦ ᠪᠠ ᠮᠡᠷᠭᠡᠵᠢᠯ ᠤᠨ ᠥᠭᠡᠷᠡᠴᠢᠯᠡᠯᠲᠡ ᠶᠢ ᠶᠡᠬᠡᠪᠡᠷ | ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ ︽ᠠᠵᠢᠯᠯᠠᠭᠠᠨ ᠤ ᠲᠥᠰᠥᠯ︾ ᠳᠤ᠂ ᠪᠠᠷᠢᠯᠭ᠎ᠠ ᠪᠠ ᠬᠤᠲᠠ ᠶᠢᠨ | ᠶᠠᠪᠤᠳᠠᠯ ᠤᠨ ᠰᠠᠭᠤᠷᠢ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠲᠠᠯ᠎ᠠ ᠪᠠᠷ᠂ ︽ᠰᠢᠨ᠎ᠡ ᠬᠡᠯᠪᠡᠷᠢ ᠶᠢᠨ ᠬᠤᠲᠠ | ᠪᠠᠯᠭᠠᠰᠤᠵᠢᠯᠲᠠ ᠶᠢᠨ ᠪᠦᠲᠦᠭᠡᠨ ᠪᠠᠶᠢᠬᠤᠯᠤᠯᠳᠠ ᠶᠢᠨ ᠲᠣᠭᠤᠷᠢᠨ ᠳᠤ᠂ ᠬᠤᠲᠠ ᠶᠢᠨ ᠰᠢᠨᠡᠴᠢᠯᠡᠯᠲᠡ᠂ ᠬᠠᠭᠤᠴᠢᠨ | ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠠᠬᠢᠭᠤᠯᠬᠤ ᠲᠠᠢ ᠤᠶᠠᠯᠳᠤᠭᠤᠯᠤᠨ᠂ ᠣᠷᠣᠨ | ᠰᠠᠭᠤᠴᠠ ᠶᠢᠨ ᠴᠠᠬᠢᠯᠭᠠᠨ ᠱᠠᠲᠤ᠂ ᠤᠰᠤ ᠬᠠᠩᠭᠠᠬᠤ᠂ ᠢᠯᠴᠢ ᠬᠠᠩᠭᠠᠬᠤ᠂ ᠬᠡᠢ ᠬᠠᠩᠭᠠᠬᠤ᠂ ᠪᠣᠬᠢᠷ ᠤᠰᠤ | ᠰᠢᠢᠳᠪᠦᠷᠢᠯᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠲᠠ ᠶᠢᠨ ᠠᠮᠢ ᠨᠠᠰᠤᠨ ᠤ ᠱᠤᠭᠤᠮ ᠤᠨ | ᠢᠨᠵᠧᠨᠧᠷᠢᠩ᠂ ᠠᠮᠤᠷ ᠲᠦᠪᠰᠢᠨ ᠤ ᠰᠡᠷᠭᠡᠶᠢᠯᠡᠯᠲᠡ ᠵᠡᠷᠭᠡ ᠪᠠᠷ ᠭᠤᠣᠯᠳᠠᠯᠭ᠎ᠠ ᠪᠣᠯᠭᠠᠵᠤ᠂ ᠲᠥᠷᠥᠯ ᠬᠤᠪᠢᠶᠠᠨ | ᠰᠢᠨᠡᠴᠢᠯᠡᠨ ᠥᠭᠡᠷᠡᠴᠢᠯᠡᠬᠦ ᠶᠢ ᠠᠬᠢᠭᠤᠯᠤᠨ᠎ᠠ ᠭᠡᠵᠦ ᠳᠤᠷᠠᠳᠤᠨ ᠭᠠᠷᠭᠠᠪᠠ᠃ | | | ︽ᠠᠵᠢᠯᠯᠠᠭᠠᠨ ᠤ ᠲᠥᠰᠥᠯ︾ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠬᠦᠭᠡᠷᠦᠮᠵᠢ ᠪᠠ ᠬᠠᠭᠤᠴᠢᠷᠠᠭᠰᠠᠨ | ᠲᠠᠷᠢᠶᠠᠯᠠᠩ ᠤᠨ ᠮᠠᠰᠢᠨ ᠢ ᠰᠢᠨᠡᠳᠬᠡᠬᠦ ᠲᠠᠯ᠎ᠠ ᠪᠠᠷ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠴᠠᠬᠢᠯᠭᠠᠨ | ᠬᠥᠳᠡᠯᠭᠡᠭᠦᠷᠲᠦ ᠣᠷᠤᠯᠠᠭᠤᠯᠤᠯᠲᠠ ᠶᠢ ᠦᠷᠭᠦᠯᠵᠢᠯᠡᠨ ᠠᠬᠢᠭᠤᠯᠵᠤ᠂ ᠬᠠᠭᠤᠴᠢᠷᠠᠭᠰᠠᠨ ᠰᠢᠨ᠎ᠡ ᠡᠨᠧᠷᠭᠢ ᠶᠢᠨ | ᠨᠡᠶᠢᠲᠡ ᠶᠢᠨ ᠮᠠᠰᠢᠨ ᠲᠡᠷᠭᠡ ᠪᠠ ᠬᠥᠳᠡᠯᠭᠡᠬᠦ ᠬᠦᠴᠦᠨ ᠤ ᠴᠡᠨᠡᠭ ᠤᠨ ᠰᠢᠨᠡᠴᠢᠯᠡᠯᠲᠡ ᠶᠢ ᠲᠡᠮᠵᠢᠨ᠎ᠡ᠃ ᠤᠯᠤᠰ ᠤᠨ | ᠭᠤᠷᠪᠠᠳᠤᠭᠠᠷ ᠦᠶ᠎ᠡ ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ ᠪᠠᠷᠢᠮᠵᠢᠶ᠎ᠠ ᠶᠢᠨ ᠲᠡᠭᠡᠭᠡᠪᠦᠷᠢ ᠶᠢᠨ | ᠲᠥᠷᠥᠯ ᠤᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ ᠲᠦᠷᠭᠡᠪᠴᠢᠯᠡᠨ ᠰᠢᠭᠰᠢᠭᠳᠡᠭᠦᠯᠦᠨ᠎ᠡ᠃ ᠴᠠᠬᠢᠯᠭᠠᠨ | ᠬᠥᠳᠡᠯᠭᠡᠭᠦᠷ᠂ ᠤᠰᠤᠳᠦ᠋ᠷᠦᠭᠴᠢ ᠡᠨᠧᠷᠬᠢ ᠵᠡᠷᠭᠡ ᠪᠣᠬᠢᠷᠳᠤᠯ ᠦᠭᠡᠢ ᠠᠭᠠᠷ ᠠᠶᠠᠯᠠᠯ ᠤᠨ ᠲᠣᠨᠣᠭᠯᠠᠯ ᠤᠨ ᠠᠵᠤ | ᠦᠢᠯᠡᠰᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ ᠭᠡᠵᠦ ᠳᠤᠷᠠᠳᠤᠨ ᠭᠠᠷᠭᠠᠪᠠ᠃ | | | ︽ᠠᠵᠢᠯᠯᠠᠭᠠᠨ ᠤ ᠲᠥᠰᠥᠯ︾ ᠳᠤ᠂ ᠰᠤᠷᠭᠠᠨ ᠬᠥᠮᠦᠵᠢᠯ ᠰᠣᠶᠣᠯ ᠵᠢᠭᠤᠯᠴᠢᠯᠠᠯ ᠡᠮᠴᠢᠯᠡᠭᠡᠨ ᠤ | ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ᠂ ᠨᠥᠬᠦᠴᠡᠯ ᠳᠤ ᠨᠡᠶᠢᠴᠡᠬᠦ ᠶᠡᠭᠡ ᠳᠡᠭᠡᠳᠦ | ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ | ᠪᠠᠭᠲᠠᠨ᠎ᠠ︶ ᠶᠢᠨ ᠲᠡᠷᠢᠭᠦᠨ ᠤ ᠵᠢᠭᠠᠨ ᠰᠤᠷᠭᠠᠯᠲᠠ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠮᠡᠷᠭᠡᠵᠢᠯ ᠤᠨ | ᠲᠥᠬᠦᠭᠡᠷᠦᠮᠵᠢ ᠶᠢ ᠰᠢᠨᠡᠳᠬᠡᠨ ᠰᠣᠯᠢᠬᠤ ᠶᠢ ᠠᠬᠢᠭᠤᠯᠵᠤ᠂ ᠵᠢᠭᠠᠨ ᠰᠤᠷᠭᠠᠯᠲᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠬᠢᠴᠢᠶᠡᠯ ᠲᠥᠷᠥᠯ ᠤᠨ ᠵᠢᠭᠠᠨ ᠰᠤᠷᠭᠠᠬᠤ ᠲᠣᠨᠤᠭ | ᠲᠥᠬᠦᠭᠡᠷᠦᠮᠵᠢ ᠲᠣᠬᠢᠷᠠᠭᠤᠯᠬᠤ ᠪᠠᠷᠢᠮᠵᠢᠶ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠢᠨᠠᠷ ᠪᠣᠯᠣᠨ ᠲᠤᠭ᠎ᠠ ᠬᠡᠮᠵᠢᠶ᠎ᠡ ᠶᠢ | ᠪᠠᠲᠤᠯᠠᠨ ᠲᠣᠬᠢᠷᠠᠭᠤᠯᠬᠤ ᠶᠢᠨ ᠬᠠᠮᠲᠤ ᠵᠢᠭᠠᠨ ᠰᠤᠷᠭᠠᠬᠤ ᠬᠡᠮᠵᠢᠭᠦᠷᠯᠢᠭ ᠲᠥᠬᠦᠭᠡᠷᠦᠮᠵᠢ ᠶᠢ ᠴᠠᠭ ᠲᠤᠬᠠᠢ ᠳᠤᠨᠢ | ᠰᠢᠨᠡᠳᠬᠡᠨ᠎ᠡ᠃ ᠵᠤᠭ᠎ᠠ ᠴᠡᠩᠭᠡᠯ ᠤᠨ ᠲᠥᠬᠦᠭᠡᠷᠦᠮᠵᠢ᠂ ᠤᠷᠠᠨ ᠲᠣᠭᠯᠠᠯᠲᠠ ᠶᠢᠨ ᠲᠥᠬᠦᠭᠡᠷᠦᠮᠵᠢ ᠵᠡᠷᠭᠡ ᠰᠣᠶᠣᠯ | ᠵᠢᠭᠤᠯᠴᠢᠯᠠᠯ ᠤᠨ ᠲᠥᠬᠦᠭᠡᠷᠦᠮᠵᠢ ᠶᠢ ᠰᠢᠨᠡᠳᠬᠡᠨ ᠳᠡᠭᠡᠭᠰᠢᠯᠡᠭᠦᠯᠬᠦ ᠵᠡᠷᠭᠡ ᠶᠢ ᠠᠬᠢᠭᠤᠯᠤᠨ᠎ᠠ ᠭᠡᠵᠦ ᠳᠤᠷᠠᠳᠤᠨ | ᠭᠠᠷᠭᠠᠪᠠ᠃ | | | ᠡᠯ᠎ᠡ ᠬᠦᠷᠢᠶᠡᠨ ᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠳᠠᠯᠳᠠ ᠬᠦᠴᠦᠨ ᠯᠤᠲᠤ ᠶᠡᠭᠡ᠃ | | | | ᠠᠵᠤ ᠦᠢᠯᠡᠳᠪᠦᠷᠢ ᠪᠠᠷ ᠵᠢᠱᠢᠶᠡᠯᠡᠪᠡᠯ᠂ ᠳᠤᠮᠳᠠᠳᠤ ᠤᠯᠤᠰ ᠪᠣᠯ ᠦᠢᠯᠡᠳᠬᠦ ᠦᠢᠯᠡᠰ ᠤᠨ ᠲᠣᠮᠣ ᠤᠯᠤᠰ | ᠪᠣᠯᠣᠨ᠎ᠠ᠂ ᠮᠠᠰᠢ ᠤᠯᠠᠨ ᠲᠥᠬᠦᠭᠡᠷᠦᠮᠵᠢ ᠶᠢᠨ ᠬᠠᠳᠠᠭᠠᠯᠠᠯᠲᠠ ᠶᠢᠨ ᠬᠡᠮᠵᠢᠶ᠎ᠡ ᠪᠦᠬᠦ ᠳᠡᠯᠡᠬᠡᠢ ᠳᠤ ᠲᠡᠷᠢᠭᠦᠯᠡᠵᠦ᠂ | ᠨᠢᠳᠤᠨᠤᠨ ᠤ ᠵᠢᠯ ᠤᠨ ᠡᠴᠦᠰ ᠲᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ | ᠡᠳ᠋ ᠬᠥᠷᠥᠩᠭᠡ ᠨᠢᠭᠡᠨᠲᠡ 160 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠲᠡ ᠶᠢᠨ ᠭᠦᠨᠵᠡᠭᠡᠢ ᠠᠬᠢᠬᠤ ᠶᠢ ᠳᠠᠭᠠᠯᠳᠤᠨ᠂ ᠲᠡᠷᠢᠭᠦᠨ ᠤ ᠲᠥᠬᠦᠭᠡᠷᠦᠮᠵᠢ ᠶᠢᠨ ᠬᠡᠷᠡᠭᠴᠡᠭᠡ ᠪᠠᠰᠠ | ᠲᠠᠰᠤᠷᠠᠯᠲᠠ ᠦᠭᠡᠢ ᠨᠡᠮᠡᠭᠳᠡᠵᠦ ᠪᠠᠶᠢᠨ᠎ᠠ᠃ | | | ︽ᠠᠵᠢᠯᠯᠠᠭᠠᠨ ᠤ ᠲᠥᠰᠥᠯ︾ ᠨᠢ ᠢᠷᠡᠬᠦ ᠬᠡᠳᠦᠨ ᠵᠢᠯ ᠳᠤ ᠮᠠᠨ ᠤ ᠤᠯᠤᠰ ᠤᠨ ᠠᠵᠤ ᠦᠢᠯᠡᠳᠪᠦᠷᠢ ᠶᠢᠨ | ᠬᠦᠷᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠪᠡᠯᠡ ᠣᠷᠣᠭᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ᠂ | ᠠᠵᠤ ᠦᠢᠯᠡᠳᠪᠦᠷᠢ ᠶᠢᠨ ᠬᠦᠷᠢᠶᠡᠨ ᠤ ᠲᠥᠬᠦᠭᠡᠷᠦᠮᠵᠢ ᠶᠢ ᠰᠢᠨᠡᠳᠬᠡᠬᠦ ᠳᠠᠯᠳᠠ ᠬᠦᠴᠦᠨ ᠢ ᠪᠦᠲᠦᠮᠵᠢᠲᠡᠶ | ᠬᠥᠭᠵᠢᠭᠡᠵᠦ᠂ ᠲᠡᠷᠢᠭᠦᠨ ᠤ ᠦᠢᠯᠡᠳᠪᠦᠷᠢᠯᠡᠯ ᠤᠨ ᠴᠢᠳᠠᠪᠤᠷᠢ ᠶᠢ ᠨᠡᠮᠡᠭᠳᠡᠭᠦᠯᠵᠦ᠂ ᠦᠢᠯᠡᠳᠪᠦᠷᠢᠯᠡᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠪᠣᠯᠣᠨ᠎ᠠ᠃ ᠳᠤᠮᠳᠠᠳᠤ ᠤᠯᠤᠰ ᠤᠨ ᠮᠡᠳᠡᠭᠡ ᠵᠠᠩᠭᠢ ᠴᠢᠮᠡᠭᠡ ᠬᠤᠯᠪᠣᠭᠠᠨ ᠤ | ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠢᠦᠢ ᠰᠢᠶᠣᠣ ᠬᠤᠶ ᠶᠢᠨ ᠦᠵᠡᠬᠦ ᠪᠠᠷ᠂ ᠠᠵᠤ ᠦᠢᠯᠡᠳᠪᠦᠷᠢ ᠨᠢ ᠡᠯ᠎ᠡ | ᠲᠥᠷᠥᠯ ᠤᠨ ᠲᠥᠬᠦᠭᠡᠷᠦᠮᠵᠢ ᠬᠠᠩᠭᠠᠬᠤ ᠪᠠᠷ ᠪᠠᠷᠠᠬᠤ ᠦᠭᠡᠢ᠂ ᠮᠥᠨ ᠴᠦ ᠬᠡᠷᠡᠭᠴᠡᠭᠡ ᠱᠠᠭᠠᠷᠳᠠᠯᠭ᠎ᠠ ᠶᠢᠨ ᠡᠳᠦᠭᠡᠳ | ᠪᠣᠯᠣᠨ᠎ᠠ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠨᠢ ᠪᠡᠯᠡ ᠣᠷᠣᠭᠤᠯᠤᠯᠲᠠ ᠶᠢ ᠪᠦᠳᠦᠮᠵᠢᠳᠡᠢ | ᠳᠠᠶᠢᠴᠢᠯᠠᠵᠤ ᠴᠢᠳᠠᠬᠤ ᠮᠥᠷᠲᠡᠭᠡᠨ ᠬᠥᠭᠵᠢᠯᠲᠡ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠲᠡᠭᠡᠭᠰᠢᠯᠡᠭᠦᠯᠬᠦ ᠶᠢ | ᠠᠬᠢᠭᠤᠯᠵᠤ ᠴᠢᠳᠠᠨ᠎ᠠ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ ᠠᠬᠢᠭᠤᠯᠬᠤ᠂ ᠣᠳᠣᠬᠢᠴᠢᠯᠠᠭᠰᠠᠨ ᠠᠵᠤ | ᠦᠢᠯᠡᠰ ᠤᠨ ᠰᠢᠰᠲ᠋ᠧᠮ ᠢ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | | | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠳᠤ ᠡᠯ᠎ᠡ ᠲᠠᠯ᠎ᠠ ᠶᠢᠨ ᠬᠢᠨ ᠬᠥᠳᠡᠯᠦᠯᠴᠡᠵᠦ ᠪᠠᠶᠢᠨ᠎ᠠ | 6 ᠳ᠋ᠤᠭᠠᠷ ᠰᠠᠷ᠎ᠠ ᠶᠢᠨ 12 ᠤᠨ ᠡᠳᠦᠷ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠪᠠ | ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠠᠬᠢᠭᠤᠯᠬᠤ ᠶᠠᠮᠤᠨ ᠤ ᠬᠤᠭᠤᠷᠣᠨᠳᠣᠬᠢ | ᠬᠠᠮᠲᠤᠷᠠᠭᠰᠠᠨ ᠵᠥᠪᠯᠡᠯ ᠤᠨ ᠪᠥᠬᠦᠳᠡ ᠬᠤᠷᠠᠯ ᠬᠤᠷᠠᠯᠳᠤᠪᠠ᠃ | | | ᠬᠤᠷᠠᠯ ᠠᠴᠠ᠂ ᠣᠶᠢᠷ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢᠳᠡᠪᠬᠢᠲᠡᠢ | ᠬᠥᠳᠡᠯᠦᠯᠴᠡᠵᠦ᠂ ᠲᠥᠪ ᠠᠴᠠ ᠨᠢᠭᠡᠳᠦᠯᠲᠡᠢ ᠲᠥᠯᠥᠪᠯᠡᠬᠦ᠂ ᠰᠠᠯᠠᠭ᠎ᠠ ᠮᠥᠴᠢᠷ ᠬᠠᠮᠵᠢᠯᠴᠠᠬᠤ᠂ ᠲᠥᠪ ᠣᠷᠣᠨ ᠨᠤᠲᠤᠭ | ᠬᠤᠯᠪᠤᠭᠠᠯᠠᠨ ᠬᠥᠳᠡᠯᠦᠯᠴᠡᠬᠦ᠂ ᠠᠵᠤ ᠠᠬᠤᠶᠢᠯᠠᠯ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠥᠷᠭᠡᠨ ᠢᠶᠠᠷ | ᠣᠷᠣᠯᠴᠠᠬᠤ ᠠᠵᠢᠯ ᠤᠨ ᠪᠠᠶᠢᠷᠢᠰᠢᠯ ᠢ ᠦᠨᠳᠦᠰᠦᠨ ᠳᠡᠭᠡᠨ ᠪᠠᠶᠢᠭᠤᠯᠵᠤ᠂ ᠠᠩᠬ᠎ᠠ ᠠᠯᠬᠤᠮ ᠤᠨ ᠦᠷ᠎ᠡ ᠪᠦᠲᠦᠮᠵᠢ | ᠣᠯᠪᠠ ᠭᠡᠵᠦ ᠵᠢᠭᠠᠨ ᠭᠠᠷᠭᠠᠪᠠ᠃ | | | ᠡᠯ᠎ᠡ ᠭᠠᠵᠠᠷ ᠣᠷᠣᠨ ᠵᠠᠯᠭᠠᠭ᠎ᠠ ᠪᠠᠷ ᠲᠥᠰᠥᠯ ᠲᠣᠭᠲᠠᠭᠠᠵᠤ᠂ ᠲᠤᠬᠠᠢ ᠶᠢᠨ ᠭᠠᠵᠠᠷ ᠤᠨ ᠪᠠᠶᠢᠳᠠᠯ ᠲᠠᠢ ᠪᠠᠨ | ᠤᠶᠠᠯᠳᠤᠭᠤᠯᠤᠨ ᠠᠵᠢᠯ ᠤᠨ ᠪᠠᠶᠢᠷᠢᠯᠠᠭᠤᠯᠤᠯᠲᠠ ᠬᠢᠪᠡ᠃ | | | ᠵᠢᠱᠢᠶᠡᠯᠡᠪᠡᠯ 4 ᠳ᠋ᠦ᠋ᠭᠡᠷ ᠰᠠᠷ᠎ᠠ ᠶᠢᠨ ᠬᠤᠷᠢᠳ ᠢᠶᠠᠷ ︽ᠪᠡᠭᠡᠵᠢᠩ ᠬᠤᠳᠠ ᠶᠢᠨ ᠲᠤᠨᠤᠭ ᠲᠥᠬᠦᠭᠡᠷᠦᠮᠵᠢ ᠶᠢᠨ | ᠰᠢᠨᠡᠴᠢᠯᠡᠯᠲᠡ ᠪᠠ ᠬᠡᠷᠡᠭᠯᠡᠭᠡᠨ ᠤ ᠵᠦᠢᠯᠡᠰ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠢᠳᠡᠪᠬᠢᠲᠡᠢ ᠠᠬᠢᠭᠤᠯᠬᠤ | ᠠᠵᠢᠯᠯᠠᠭ᠎ᠠ ᠶᠢᠨ ᠲᠥᠰᠥᠯ︾ ᠢ ᠳᠠᠷᠤᠮᠠᠯᠯᠠᠨ ᠲᠠᠷᠬᠠᠭᠠᠪᠠ᠃ ᠲᠥᠰᠥᠯ ᠢ ᠦᠨᠳᠦᠰᠦᠯᠡᠪᠡᠯ᠂ ᠪᠡᠭᠡᠵᠢᠩ ᠨᠢ ᠰᠠᠭᠤᠷᠢ | ᠲᠥᠬᠦᠭᠡᠷᠦᠮᠵᠢ᠂ ᠣᠯᠠᠨ ᠨᠡᠶᠢᠳᠡ ᠶᠢᠨ ᠠᠮᠤᠷ ᠲᠦᠪᠰᠢᠨ ᠪᠣᠯᠣᠨ ᠣᠯᠠᠨ ᠨᠡᠶᠢᠳᠡ ᠶᠢᠨ ᠦᠢᠯᠡᠴᠢᠯᠡᠭᠡ᠂ ᠠᠵᠤ | ᠦᠢᠯᠡᠰ ᠤᠨ ᠬᠥᠭᠵᠢᠯᠲᠡ ᠶᠢᠨ ᠬᠦᠷᠢᠶᠡᠨ ᠳᠤ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠬᠢᠬᠦ ᠶᠢ ᠠᠬᠢᠭᠤᠯᠤᠨ᠎ᠠ᠃ | | | | ᠰᠠᠭᠤᠷᠢ ᠲᠥᠬᠦᠭᠡᠷᠦᠮᠵᠢ ᠶᠢᠨ ᠬᠦᠷᠢᠶᠡᠨ ᠳᠤ᠂ ᠪᠡᠭᠡᠵᠢᠩ ᠬᠤᠳᠠ ᠶᠢᠨ ᠬᠢᠨ ᠵᠢᠮᠳᠤ ᠵᠠᠮ ᠬᠠᠷᠢᠯᠴᠠᠭᠠᠨ ᠤ | ᠲᠥᠬᠦᠭᠡᠷᠦᠮᠵᠢ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠢᠯᠴᠢ ᠬᠠᠩᠭᠠᠬᠤ ᠪᠠ ᠪᠠᠶᠢᠭᠠᠯᠢ ᠶᠢᠨ | ᠰᠢᠲᠠᠮᠠᠬᠠᠢ ᠬᠡᠢ ᠶᠢᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠵᠤ᠂ ᠤᠰᠤ ᠬᠠᠩᠭᠠᠬᠤ ᠤᠰᠤ | ᠭᠠᠳᠠᠭᠰᠢᠯᠠᠭᠤᠯᠬᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠲᠦᠷᠭᠡᠳᠬᠡᠵᠦ᠂ ᠣᠷᠴᠢᠨ ᠲᠣᠭᠤᠷᠢᠨ ᠤ ᠠᠷᠢᠭᠤᠨ | ᠴᠡᠪᠡᠷ ᠤᠨ ᠨᠡᠶᠢᠲᠡ ᠶᠢᠨ ᠮᠠᠰᠢᠨ ᠲᠡᠷᠭᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠨᠢᠭᠡᠳᠦᠯᠲᠡᠢ | ᠲᠥᠯᠥᠪᠵᠢᠭᠦᠯᠦᠨ ᠬᠡᠷᠡᠭᠵᠢᠭᠦᠯᠦᠨ᠎ᠡ᠃ | | | ᠣᠯᠠᠨ ᠨᠡᠶᠢᠳᠡ ᠶᠢᠨ ᠠᠮᠤᠷ ᠲᠦᠪᠰᠢᠨ ᠪᠠ ᠣᠯᠠᠨ ᠨᠡᠶᠢᠳᠡ ᠶᠢᠨ ᠦᠢᠯᠡᠴᠢᠯᠡᠭᠡᠨ ᠤ ᠬᠦᠷᠢᠶ᠎ᠡ ᠳᠤ᠂ ᠪᠡᠭᠡᠵᠢᠩ | ᠬᠤᠳᠠ ᠶᠢᠨ ᠬᠢᠨ ᠣᠯᠠᠨ ᠨᠡᠶᠢᠳᠡ ᠶᠢᠨ ᠣᠷᠣᠨ ᠪᠦᠰᠡ ᠶᠢᠨ ᠮᠡᠳᠡᠷᠡᠮᠵᠢ ᠪᠣᠯᠣᠨ ᠦᠢᠯᠡᠴᠢᠯᠡᠭᠡᠨ ᠤ | ᠬᠠᠮᠢᠶᠠᠷᠤᠯᠲᠠ ᠶᠢᠨ ᠲᠥᠬᠦᠭᠡᠷᠦᠮᠵᠢ ᠶᠢ ᠨᠢᠭᠡ ᠴᠣᠭᠴᠠᠵᠢᠭᠤᠯᠤᠨ ᠳᠡᠰ ᠳᠡᠪᠰᠢᠭᠦᠯᠬᠦ ᠶᠢ ᠨᠢᠭᠡᠳᠦᠯᠲᠡᠢ ᠲᠥᠯᠥᠪᠯᠡᠨ | ᠠᠬᠢᠭᠤᠯᠵᠤ᠂ ᠣᠷᠣᠨ ᠰᠠᠭᠤᠴᠠ ᠶᠢᠨ ᠬᠠᠭᠤᠴᠢᠨ ᠴᠠᠬᠢᠯᠭᠠᠨ ᠱᠠᠲᠤ ᠶᠢ ᠰᠢᠨᠡᠳᠬᠡᠬᠦ ᠪᠠ ᠨᠢᠭᠡᠨᠲᠡ ᠪᠠᠶᠢᠭ᠎ᠠ ᠣᠷᠣᠨ | ᠰᠠᠭᠤᠴᠠ ᠳᠤ ᠴᠠᠬᠢᠯᠭᠠᠨ ᠱᠠᠲᠤ ᠨᠡᠮᠡᠵᠦ ᠤᠭᠰᠠᠷᠠᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠰᠢᠩᠭᠡᠵᠢᠮᠡᠯ | ᠴᠢᠯᠠᠭᠤᠨ ᠲᠣᠰᠣᠨ ᠤ ᠬᠡᠢ ᠶᠢᠨ ᠲᠥᠬᠦᠭᠡᠷᠦᠮᠵᠢ ᠶᠢ ᠰᠢᠨᠡᠳᠬᠡᠬᠦ ᠶᠢ ᠲᠦᠷᠭᠡᠳᠬᠡᠵᠦ᠂ ᠰᠤᠷᠭᠠᠨ ᠬᠥᠮᠦᠵᠢᠯ | ᠡᠮᠴᠢᠯᠡᠭᠡᠨ ᠤ ᠲᠥᠬᠦᠭᠡᠷᠦᠮᠵᠢ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠡ᠃ | | | ᠠᠵᠤ ᠦᠢᠯᠡᠰ ᠤᠨ ᠬᠥᠭᠵᠢᠯᠲᠡ ᠶᠢᠨ ᠬᠦᠷᠢᠶᠡᠨ ᠳᠤ᠂ ᠪᠡᠭᠡᠵᠢᠩ ᠬᠤᠳᠠ ᠶᠢᠨ ᠬᠢᠨ ᠦᠢᠯᠡᠳᠬᠦ ᠦᠢᠯᠡᠰ ᠤᠨ | ᠠᠵᠤ ᠠᠬᠤᠶᠢᠯᠠᠯ ᠤᠨ ᠲᠣᠭᠠᠴᠢᠯᠠᠭᠰᠠᠨ ᠪᠣᠬᠢᠷᠲᠤᠯ ᠦᠭᠡᠢ ᠪᠠᠷᠢᠮᠵᠢᠶᠠᠵᠢᠭᠰᠠᠨ ᠥᠭᠡᠷᠡᠴᠢᠯᠡᠯᠲᠡ ᠶᠢ ᠠᠬᠢᠭᠤᠯᠵᠤ᠂ | ᠳ᠋ᠠᠶᠢᠲ᠋ᠠ ᠶᠢᠨ ᠲᠥᠪ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠥᠭᠡᠷᠡᠴᠢᠯᠡᠯᠲᠡ ᠪᠠ | ᠣᠶᠤᠨᠴᠢᠯᠠᠭᠰᠠᠨ ᠪᠣᠳᠣᠯᠭ᠎ᠠ ᠶᠢᠨ ᠬᠦᠴᠦᠨ ᠤ ᠬᠡᠯᠪᠡᠷᠢ ᠬᠤᠪᠢᠷᠠᠭᠤᠯᠬᠤ ᠶᠢ ᠵᠣᠷᠢᠭᠵᠢᠭᠤᠯᠵᠤ᠂ ᠰᠣᠶᠣᠯ | ᠵᠢᠭᠤᠯᠴᠢᠯᠠᠯ ᠤᠨ ᠲᠥᠬᠦᠭᠡᠷᠦᠮᠵᠢ ᠶᠢᠨ ᠰᠢᠨᠡᠴᠢᠯᠡᠯᠲᠡ ᠶᠢ ᠢᠳᠡᠪᠬᠢᠲᠡᠢ ᠬᠥᠲᠥᠯᠥᠨ ᠵᠢᠯᠤᠭᠤᠳᠴᠤ᠂ ᠴᠠᠬᠢᠯᠭᠠᠨ | ᠭᠠᠷᠭᠠᠬᠤ ᠴᠠᠬᠢᠯᠭᠠᠨ ᠲᠦᠭᠡᠭᠡᠬᠦ ᠵᠢᠴᠢ ᠴᠢᠮᠡᠭᠡ ᠬᠤᠯᠪᠣᠭᠠᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠵᠤ᠂ | ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ᠂ ᠠᠶᠠᠨ ᠤ ᠮᠠᠰᠢᠨ ᠪᠠ ᠪᠠᠷᠠᠭᠠᠨ ᠤ ᠮᠠᠰᠢᠨ ᠤ ᠰᠢᠨᠡᠴᠢᠯᠡᠯᠲᠡ ᠶᠢ | ᠵᠣᠷᠢᠭᠵᠢᠭᠤᠯᠤᠨ ᠳᠡᠮᠵᠢᠨ᠎ᠠ᠃ | | | ᠪᠣᠳᠠᠲᠠᠢ ᠪᠠᠷ ᠠᠪᠴᠤ ᠦᠵᠡᠪᠡᠯ᠂ ᠵᠢᠮᠲᠦ ᠵᠠᠮ ᠬᠠᠷᠢᠯᠴᠠᠭᠠᠨ ᠤ ᠲᠠᠯ᠎ᠠ ᠪᠠᠷ᠂ ᠪᠡᠭᠡᠵᠢᠩ ᠬᠤᠳᠠ ᠶᠢᠨ ᠬᠢᠨ | ᠵᠢᠮᠲᠦ ᠵᠠᠮ ᠬᠠᠷᠢᠯᠴᠠᠭᠠᠨ ᠤ ᠮᠠᠰᠢᠨ᠂ ᠳᠣᠬᠢᠶᠠᠨ ᠤ ᠰᠢᠰᠲ᠋ᠧᠮ ᠵᠡᠷᠭᠡ ᠪᠠᠷ ᠭᠤᠣᠯᠳᠠᠯᠭ᠎ᠠ ᠪᠣᠯᠭᠠᠨ ᠡᠮᠬᠢ ᠵᠢᠷᠤᠮ ᠲᠠᠢ | ᠲᠥᠬᠦᠭᠡᠷᠦᠮᠵᠢ ᠶᠢᠨ ᠰᠢᠨᠡᠴᠢᠯᠡᠯᠲᠡ ᠶᠢ ᠬᠡᠷᠡᠭᠵᠢᠭᠦᠯᠦᠨ᠎ᠡ︔ ᠢᠯᠴᠢ ᠬᠠᠩᠭᠠᠬᠤ ᠪᠠ ᠪᠠᠶᠢᠭᠠᠯᠢ ᠶᠢᠨ ᠰᠢᠲᠠᠮᠠᠬᠠᠢ | ᠬᠡᠢ ᠶᠢᠨ ᠲᠠᠯ᠎ᠠ ᠪᠠᠷ᠂ ᠪᠡᠭᠡᠵᠢᠩ ᠬᠤᠳᠠ ᠶᠢᠨ ᠬᠢᠨ ᠢᠯᠴᠢ ᠶᠢᠨ ᠢᠷᠡᠯᠲᠡ᠂ ᠬᠤᠭᠤᠯᠠᠢ ᠲᠣᠣᠷ᠂ ᠢᠯᠴᠢ ᠶᠢᠨ | ᠬᠦᠴᠦᠨ ᠤ ᠦᠷᠳᠡᠭᠡ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠬᠡᠷᠡᠭᠵᠢᠭᠦᠯᠵᠦ᠂ ᠰᠢᠨ᠎ᠡ | ᠡᠨᠧᠷᠭᠢ ᠪᠠᠷ ᠭᠤᠣᠯ ᠪᠣᠯᠭᠠᠭᠰᠠᠨ ᠤᠯᠠᠨ ᠡᠨᠧᠷᠭᠢ ᠪᠠᠷ ᠬᠤᠯᠪᠣᠯᠳᠤᠭᠰᠠᠨ ᠳᠤᠯᠠᠭᠠᠯᠭ᠎ᠠ ᠶᠢᠨ ᠰᠢᠰᠲ᠋ᠧᠮ ᠢ ᠡᠩ | ᠲᠡᠷᠢᠭᠦᠨ ᠳᠤ ᠬᠡᠷᠡᠭᠯᠡᠵᠦ᠂ ᠰᠢᠲᠠᠭᠠᠯᠭ᠎ᠠ ᠶᠢᠨ ᠭᠦᠸᠧᠯᠦ᠂ ᠰᠢᠲᠠᠮᠠᠬᠠᠢ ᠬᠡᠢ ᠶᠢᠨ ᠬᠠᠭᠤᠴᠢᠨ ᠵᠤᠤᠬ᠎ᠠ ᠶᠢ ᠰᠢᠨᠡᠳᠬᠡᠵᠦ᠂ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠠᠭᠤᠴᠢᠨ ᠬᠤᠭᠤᠯᠠᠢ ᠲᠣᠣᠷ ᠤᠨ ᠥᠭᠡᠷᠡᠴᠢᠯᠡᠯᠲᠡ ᠶᠢ ᠲᠦᠷᠭᠡᠪᠴᠢᠯᠡᠨ | ᠬᠡᠷᠡᠭᠵᠢᠭᠦᠯᠦᠨ᠎ᠡ᠃ | | | ᠮᠥᠨ ᠵᠢᠯ ᠤᠨ 4 ᠳ᠋ᠦ᠋ᠭᠡᠷ ᠰᠠᠷ᠎ᠠ ᠶᠢᠨ ᠰᠡᠭᠦᠯᠴᠢ ᠪᠠᠷ᠂ ︽ᠱᠠᠩᠬᠠᠢ ᠬᠤᠳᠠ ᠶᠢᠨ ᠬᠢᠨ ᠶᠡᠭᠡ ᠬᠡᠪᠴᠢᠶᠡᠨ ᠤ | ᠲᠥᠬᠦᠭᠡᠷᠦᠮᠵᠢ ᠶᠢᠨ ᠰᠢᠨᠡᠴᠢᠯᠡᠯᠲᠡ ᠪᠠ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ | ᠠᠬᠢᠭᠤᠯᠬᠤ ᠠᠵᠢᠯᠯᠠᠭ᠎ᠠ ᠶᠢᠨ ᠲᠥᠯᠥᠪᠯᠡᠭᠡ ︵2024-2027 ᠣᠨ︶︾ ᠶᠢ ᠳᠠᠷᠤᠮᠠᠯᠯᠠᠨ ᠲᠠᠷᠬᠠᠭᠠᠪᠠ᠃ | ᠲᠥᠰᠥᠯ ᠳᠤ᠂ 10 ᠲᠠᠯ᠎ᠠ ᠠᠴᠠ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠤᠨ᠎ᠠ ᠭᠡᠵᠦ ᠲᠣᠭᠲᠠᠵᠠᠢ᠃ | ᠦᠢᠯᠡᠳᠪᠦᠷᠢᠯᠡᠯ ᠤᠨ ᠲᠥᠬᠦᠭᠡᠷᠦᠮᠵᠢ ᠶᠢᠨ ᠲᠤᠭᠠᠴᠢᠯᠠᠯᠳᠠ ᠣᠶᠤᠨᠴᠢᠯᠠᠯᠲᠠ ᠲᠠᠰ ᠳᠡᠪᠰᠢᠭᠦᠯᠬᠦ ᠰᠢᠨᠡᠴᠢᠯᠡᠯᠲᠡ᠂ | ᠡᠨᠧᠷᠭᠢ ᠬᠡᠷᠡᠭᠯᠡᠬᠦ ᠲᠥᠬᠦᠭᠡᠷᠦᠮᠵᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠰᠢᠨᠡᠴᠢᠯᠡᠯᠲᠡ᠂ ᠳ᠋ᠠᠶᠢᠲ᠋ᠠ ᠶᠢᠨ ᠲᠥᠪ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠥᠭᠡᠷᠡᠴᠢᠯᠡᠯᠲᠡ᠂ ᠡᠨᠧᠷᠭᠢ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠲᠠᠰ ᠳᠡᠪᠰᠢᠭᠦᠯᠦᠨ ᠥᠭᠡᠷᠡᠴᠢᠯᠡᠬᠦ ᠵᠡᠷᠭᠡ | ᠪᠠᠭᠲᠠᠨ᠎ᠠ᠃ | | | ᠵᠠᠮ ᠬᠠᠷᠢᠯᠴᠠᠭᠠᠨ ᠤ ᠬᠦᠷᠢᠶᠡᠨ ᠳᠠᠬᠢ ᠲᠥᠬᠦᠭᠡᠷᠦᠮᠵᠢ ᠶᠢ ᠰᠢᠯᠢᠳᠡᠭᠵᠢᠭᠦᠯᠦᠨ ᠰᠢᠨᠡᠳᠬᠡᠬᠦ ᠲᠠᠯ᠎ᠠ ᠪᠠᠷ᠂ | ᠱᠠᠩᠬᠠᠢ ᠬᠤᠳᠠ ᠶᠢᠨ ᠬᠢᠨ ᠨᠠᠮ ᠵᠠᠰᠠᠭ ᠤᠨ ᠪᠠᠶᠢᠭᠤᠯᠤᠯᠭ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠢ᠂ ᠣᠷᠴᠢᠨ ᠲᠣᠭᠤᠷᠢᠨ ᠤ ᠠᠷᠢᠭᠤᠨ ᠴᠡᠪᠡᠷ᠂ ᠰᠢᠤᠳᠠᠨ ᠵᠢᠴᠢ ᠨᠡᠶᠢᠲᠡ ᠶᠢᠨ ᠮᠠᠰᠢᠨ ᠲᠡᠷᠭᠡ᠂ | ᠲᠣᠭᠤᠷᠢᠨ ᠵᠤᠭᠠᠴᠠᠬᠤ ᠲᠦᠷᠢᠶᠡᠰᠦᠨ ᠮᠠᠰᠢᠨ ᠲᠡᠷᠭᠡ ᠵᠡᠷᠭᠡ ᠣᠯᠠᠨ ᠨᠡᠶᠢᠲᠡ ᠶᠢᠨ ᠬᠦᠷᠢᠶ᠎ᠡ ᠴᠠᠷᠠᠭ᠎ᠠ ᠳᠤ ᠵᠠᠷᠴᠢᠮ | ᠳᠡᠭᠡᠷ᠎ᠡ ᠪᠠᠨ ᠰᠢᠨ᠎ᠡ ᠡᠨᠧᠷᠭᠢ ᠶᠢᠨ ᠲᠡᠷᠭᠡ ᠬᠡᠷᠡᠭᠯᠡᠨ᠎ᠡ᠃ ᠲᠥᠬᠦᠭᠡᠷᠦᠮᠵᠢ ᠶᠢᠨ ᠰᠢᠨᠡᠴᠢᠯᠡᠯᠲᠡ ᠪᠠ | ᠮᠡᠷᠭᠡᠵᠢᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ᠂ ᠥᠷᠭᠡᠨ ᠭᠦᠨᠴᠡ ᠲᠠᠢ ᠲᠦᠯᠬᠢᠨ ᠠᠬᠢᠭᠤᠯᠤᠨ᠎ᠠ ᠭᠡᠵᠦ | ᠬᠤᠯᠪᠣᠭᠳᠠᠯ ᠪᠦᠬᠦᠢ ᠶᠠᠮᠤᠨ ᠵᠥᠪᠯᠡᠯ ᠲᠥᠷᠥ ᠶᠢᠨ ᠪᠣᠳᠣᠯᠭ᠎ᠠ ᠨᠡᠶᠢᠲᠡᠯᠡᠪᠡ᠃ | | | ᠵᠢᠱᠢᠶᠡᠯᠡᠪᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠵᠡᠷᠭᠡ 7 ᠰᠠᠯᠠᠭ᠎ᠠ ᠮᠥᠴᠢᠷ ᠬᠠᠮᠲᠤᠷᠠᠨ ︽ᠠᠵᠤ ᠦᠢᠯᠡᠳᠪᠦᠷᠢ ᠶᠢᠨ ᠬᠦᠷᠢᠶᠡᠨ ᠳᠠᠬᠢ | ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ 2027 | ᠣᠨ ᠪᠤᠯᠳᠠᠯ᠎ᠠ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ | ᠬᠡᠪᠴᠢᠶ᠎ᠡ ᠶᠢ 2023 ᠣᠨ ᠤ ᠬᠢ ᠠᠴᠠ 25% ᠠᠴᠠ ᠳᠡᠭᠡᠭᠰᠢ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠰᠤᠳᠤᠯᠤᠨ ᠨᠡᠭᠡᠭᠡᠵᠦ ᠵᠢᠷᠤᠵᠤ ᠲᠥᠯᠥᠪᠯᠡᠬᠦ | ᠪᠠᠭᠠᠵᠢ ᠶᠢᠨ ᠲᠦᠭᠡᠮᠡᠯᠵᠢᠯᠲᠡ ᠶᠢᠨ ᠨᠣᠷᠮ᠎ᠠ᠂ ᠵᠠᠩᠭᠢᠯᠠᠭ᠎ᠠ ᠶᠢᠨ ᠠᠵᠢᠯ ᠤᠨ ᠳᠡᠰ ᠳᠠᠷᠠᠭᠠᠯᠠᠯ ᠤᠨ ᠡᠵᠡᠮᠳᠡᠯ ᠤᠨ | ᠨᠣᠷᠮ᠎ᠠ ᠶᠢ ᠲᠣᠰ ᠲᠣᠰ 90%᠂ 75% ᠠᠴᠠ ᠳᠠᠪᠠᠭᠤᠯᠵᠤ᠂ ᠠᠵᠤ ᠦᠢᠯᠡᠳᠪᠦᠷᠢ ᠶᠢᠨ ᠲᠣᠮᠣ ᠮᠤᠵᠢ ᠲᠣᠮᠣ | ᠬᠤᠲᠠ ᠪᠠ ᠭᠤᠣᠯᠳᠠᠯᠭ᠎ᠠ ᠲᠠᠢ ᠬᠦᠷᠢᠶᠡᠯᠡᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠣᠭᠠᠴᠢᠯᠠᠭᠰᠠᠨ ᠥᠭᠡᠷᠡᠴᠢᠯᠡᠯᠲᠡ ᠶᠢ ᠨᠡᠶᠢᠳᠡᠮ ᠪᠦᠷᠬᠦᠭᠦᠯᠵᠦ᠂ | ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠪᠠᠷᠢᠮᠵᠢᠶ᠎ᠠ ᠶᠢᠨ ᠬᠢᠷᠢ ᠲᠦᠪᠰᠢᠨ ᠠᠴᠠ | ᠳᠣᠷᠣᠭᠰᠢᠬᠢ ᠦᠢᠯᠡᠳᠪᠦᠷᠢᠯᠡᠬᠦ ᠴᠢᠳᠠᠪᠤᠷᠢ ᠶᠢ ᠦᠨᠳᠦᠰᠦᠨ ᠳᠡᠭᠡᠨ ᠦᠭᠡᠶᠢᠰᠬᠡᠵᠦ᠂ ᠭᠤᠣᠯᠳᠠᠯᠭ᠎ᠠ ᠲᠠᠢ ᠡᠨᠧᠷᠭᠢ | ᠬᠡᠷᠡᠭᠯᠡᠬᠦ ᠲᠥᠬᠦᠭᠡᠷᠦᠮᠵᠢ ᠶᠢᠨ ᠡᠨᠧᠷᠭᠢ ᠶᠢᠨ ᠠᠰᠢᠭᠯᠠᠮᠵᠢ ᠶᠢ ᠦᠨᠳᠦᠰᠦᠨ ᠳᠡᠭᠡᠨ ᠡᠨᠧᠷᠭᠢ ᠠᠷᠪᠢᠯᠠᠬᠤ ᠬᠢᠷᠢ | ᠲᠦᠪᠰᠢᠨ ᠳᠤ ᠬᠦᠷᠦᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠵᠦ᠂ ᠰᠢᠨ᠎ᠡ ᠶᠢ ᠡᠭᠦᠳᠬᠦ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠵᠦ᠂ ᠲᠡᠷᠢᠭᠦᠨ ᠤ | ᠦᠢᠯᠡᠳᠪᠦᠷᠢᠯᠡᠯ ᠤᠨ ᠴᠢᠳᠠᠪᠤᠷᠢ ᠶᠢᠨ ᠬᠤᠪᠢ ᠶᠢᠨ ᠵᠢᠩ ᠢ ᠦᠷᠭᠦᠯᠵᠢᠯᠡᠨ ᠳᠡᠭᠡᠭᠰᠢᠯᠡᠭᠦᠯᠦᠨ᠎ᠡ᠃ | | | 4 ᠳ᠋ᠦ᠋ᠭᠡᠷ ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠲᠥᠪ ᠤᠨ ᠠᠵᠤ ᠠᠬᠤᠶᠢᠯᠠᠯ ᠤᠨ ᠶᠡᠭᠡ ᠬᠡᠪᠴᠢᠶᠡᠨ ᠤ | ᠲᠥᠬᠦᠭᠡᠷᠦᠮᠵᠢ ᠶᠢᠨ ᠰᠢᠨᠡᠴᠢᠯᠡᠯᠲᠡ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠲᠥᠪ ᠤᠨ ᠠᠵᠤ | ᠠᠬᠤᠶᠢᠯᠠᠯ ᠤᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠠᠵᠢᠯ ᠢ ᠠᠬᠢᠭᠤᠯᠬᠤ ᠲᠤᠬᠠᠢ | ᠪᠠᠶᠢᠷᠢᠯᠠᠭᠤᠯᠤᠯᠲᠠ ᠬᠢᠪᠡ᠃ | | | 6 ᠳ᠋ᠤᠭᠠᠷ ᠰᠠᠷ᠎ᠠ ᠳᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠵᠡᠷᠭᠡ 13 ᠰᠠᠯᠠᠭ᠎ᠠ ᠮᠥᠴᠢᠷ ︽ᠵᠠᠮ | ᠬᠠᠷᠢᠯᠴᠠᠭ᠎ᠠ ᠲᠡᠭᠡᠭᠡᠪᠦᠷᠢ ᠶᠢᠨ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠠᠵᠢᠯᠯᠠᠭᠠᠨ ᠤ | ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠴᠠᠬᠢᠯᠭᠠᠨ | ᠬᠥᠳᠡᠯᠭᠡᠭᠦᠷ ᠢᠶᠠᠷ ᠣᠷᠣᠯᠠᠭᠤᠯᠬᠤ᠂ ᠬᠠᠭᠤᠴᠢᠷᠠᠭᠰᠠᠨ ᠪᠠᠷᠠᠭᠠᠨ ᠤ ᠲᠡᠷᠭᠡ ᠶᠢ ᠰᠢᠭᠰᠢᠭᠳᠡᠭᠦᠯᠵᠦ ᠰᠢᠨᠡᠳᠬᠡᠬᠦ᠂ | ᠬᠠᠭᠤᠴᠢᠷᠠᠭᠰᠠᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ᠂ ᠬᠠᠭᠤᠴᠢᠨ ᠮᠠᠰᠢᠨ ᠲᠡᠷᠭᠡ ᠶᠢ ᠰᠢᠭᠰᠢᠭᠳᠡᠭᠦᠯᠬᠦ᠂ | ᠰᠢᠤᠳᠠᠨ ᠤ ᠲᠦᠷᠭᠡᠨ ᠬᠦᠷᠭᠡᠯᠲᠡ ᠶᠢᠨ ᠬᠠᠭᠤᠴᠢᠨ ᠲᠥᠬᠦᠭᠡᠷᠦᠮᠵᠢ ᠶᠢ ᠰᠣᠯᠢᠬᠤ᠂ ᠪᠠᠷᠠᠭᠠᠨ ᠤ ᠭᠦᠢᠯᠭᠡᠭᠡᠨ ᠤ | ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ᠂ ᠪᠠᠷᠢᠮᠵᠢᠶ᠎ᠠ ᠶᠢ ᠳᠡᠭᠡᠭᠰᠢᠯᠡᠭᠦᠯᠬᠦ ᠲᠤᠯᠤᠭᠠᠨ ᠶᠡᠭᠡ ᠠᠵᠢᠯᠯᠠᠭ᠎ᠠ ᠶᠢ | ᠬᠡᠷᠡᠭᠵᠢᠭᠦᠯᠬᠦ ᠪᠠᠷ ᠲᠣᠭᠲᠠᠵᠠᠢ᠃ | | | ᠲᠥᠰᠥᠯ ᠳᠤ᠂ ᠬᠠᠭᠤᠴᠢᠷᠠᠭᠰᠠᠨ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠵᠢᠴᠢ ᠴᠡᠨᠡᠭ ᠢ | ᠰᠢᠨᠡᠳᠬᠡᠬᠦ ᠶᠢ ᠵᠣᠷᠢᠭᠵᠢᠭᠤᠯᠵᠤ᠂ ᠵᠢᠵᠢᠭ ᠬᠡᠯᠪᠡᠷᠢ ᠶᠢᠨ ᠨᠡᠶᠢᠲᠡ ᠶᠢᠨ ᠮᠠᠰᠢᠨ ᠲᠡᠷᠭᠡ ᠶᠢ ᠢᠳᠡᠪᠬᠢᠲᠡᠢ ᠳᠡᠯᠭᠡᠷᠡᠭᠦᠯᠵᠦ᠂ | ᠡᠯ᠎ᠡ ᠭᠠᠵᠠᠷ ᠤᠨ 10 ᠵᠢᠯ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠨᠡᠶᠢᠲᠡ ᠶᠢᠨ ᠮᠠᠰᠢᠨ ᠲᠡᠷᠭᠡ ᠶᠢ | ᠰᠢᠨᠡᠳᠬᠡᠬᠦ ᠶᠢ ᠠᠬᠢᠭᠤᠯᠬᠤ ᠶᠢ ᠵᠣᠷᠢᠭᠵᠢᠭᠤᠯᠤᠨ᠎ᠠ︔ ᠬᠠᠭᠤᠴᠢᠷᠠᠭᠰᠠᠨ ᠴᠠᠶᠢᠶ᠋ᠢᠦ ᠲᠣᠰᠣᠨ ᠤ ᠪᠠᠷᠠᠭᠠᠨ ᠤ ᠲᠡᠷᠭᠡ ᠶᠢ | ᠰᠢᠭᠰᠢᠭᠳᠡᠭᠦᠯᠵᠦ ᠰᠢᠨᠡᠳᠬᠡᠬᠦ ᠶᠢ ᠲᠦᠷᠭᠡᠳᠬᠡᠵᠦ᠂ ᠰᠢᠨ᠎ᠡ ᠡᠨᠧᠷᠭᠢ ᠶᠢᠨ ᠪᠠᠷᠠᠭᠠᠨ ᠤ ᠲᠡᠷᠭᠡ ᠶᠢ ᠡᠮᠬᠢ | ᠵᠢᠷᠤᠮ ᠲᠠᠢ ᠪᠠᠷ ᠳᠡᠯᠭᠡᠷᠡᠭᠦᠯᠦᠨ᠎ᠡ ᠭᠡᠵᠦ ᠳᠤᠷᠠᠳᠤᠨ ᠭᠠᠷᠭᠠᠪᠠ᠃ | | | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠨᠢ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ᠃ | | ᠡᠨᠡ ᠵᠢᠯ ᠤᠨ 3 ᠳ᠋ᠤᠭᠠᠷ ᠰᠠᠷ᠎ᠠ ᠳᠤ᠂ ᠠᠮᠢ ᠠᠬᠤᠢ ᠶᠢᠨ ᠴᠡᠪᠡᠷᠯᠡᠯᠲᠡ ᠶᠢᠨ ᠣᠶᠤᠨᠴᠢᠯᠠᠭᠰᠠᠨ ᠨᠢᠭᠡ | ᠴᠣᠭᠴᠠᠵᠢᠭᠰᠠᠨ ᠲᠠᠪᠴᠠᠩ ᠤᠨ ᠣᠩᠭᠤᠴᠠᠨ ︽ ᠲᠠᠢ ᠬᠤ᠋ ᠣᠳᠣᠨ︾ ᠠᠰᠢᠭᠯᠠᠯᠲᠠ ᠳᠤ ᠣᠷᠣᠵᠤ᠂ ᠡᠳᠦᠷ ᠪᠦᠷᠢ | 5000 ᠪᠣᠰᠤᠭ᠎ᠠ ᠳᠥᠷᠪᠡᠯᠵᠢᠨ ᠮᠧᠲᠷ ᠴᠡᠪᠡᠷᠰᠢᠭᠦᠯᠬᠦ ᠶᠢᠨ ᠬᠠᠮᠲᠤ ᠣᠩᠭᠤᠴᠠᠨ ᠳᠡᠭᠡᠷ᠎ᠡ ᠰᠢᠪᠡᠷ ᠳᠠᠷᠤᠵᠤ | ᠱᠦᠭᠦᠬᠦ ᠠᠵᠢᠯ ᠢ ᠴᠤ ᠬᠢᠵᠦ ᠪᠣᠯᠣᠨ᠎ᠠ᠃ ᠡᠨᠡ ᠬᠦ ᠪᠠᠷᠢᠯᠭ᠎ᠠ ᠶᠢᠨ ᠣᠩᠭᠤᠴᠠ ᠨᠢ ᠣᠳᠣᠬᠠᠨ ᠤ ᠳᠡᠯᠡᠬᠡᠢ ᠶᠢᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠤᠨᠴᠢᠯᠠᠭᠰᠠᠨ ᠬᠠᠮᠤᠭ ᠤᠨ ᠥᠨᠳᠥᠷ ᠬᠢᠷᠢ ᠲᠦᠪᠰᠢᠨ ᠢ | ᠲᠥᠯᠥᠭᠡᠯᠡᠵᠦ ᠪᠠᠶᠢᠨ᠎ᠠ᠂ ᠲᠡᠭᠦᠨ ᠤ ᠠᠰᠢᠭᠯᠠᠯᠲᠠ ᠳᠤ ᠣᠷᠣᠭᠰᠠᠨ ᠨᠢ ᠲᠤᠰ ᠬᠦᠷᠢᠶᠡᠨ ᠤ ᠨᠢᠭᠡ ᠤᠳᠠᠭᠠᠨ ᠤ | ᠴᠢᠬᠤᠯᠠ ᠲᠥᠬᠦᠭᠡᠷᠦᠮᠵᠢ ᠶᠢᠨ ᠰᠢᠨᠡᠴᠢᠯᠡᠯᠲᠡ ᠪᠣᠯᠣᠨ᠎ᠠ᠃ | | | ᠱᠠᠩᠬᠠᠢ ᠶᠢᠨ ᠶᠠᠩ ᠱᠠᠨ ᠭᠠᠷᠠᠮ ᠤᠨ ᠬᠥᠪᠡᠭᠡᠨ ᠳᠤ᠂ 4 ᠳ᠋ᠦ᠋ᠭᠡᠷ ᠰᠠᠷ᠎ᠠ ᠶᠢᠨ 22 ᠤ ᠡᠳᠦᠷ᠂ ᠲᠦᠮᠡᠨ | ᠲᠤᠨ ᠤ ᠳᠡᠰ ᠤᠨ ᠴᠤᠯ ᠴᠠᠬᠢᠯᠭᠠᠨ ᠬᠥᠳᠡᠯᠭᠡᠭᠴᠢ ᠣᠩᠭᠤᠴᠠ᠂ ︽ᠵᠦᠩ ᠶᠤᠸᠠᠨ ᠳᠠᠯᠠᠶ ᠶᠢᠨ ᠲᠡᠭᠡᠭᠡᠪᠦᠷᠢ 01︾ | ᠠᠮᠤᠷ ᠲᠦᠪᠰᠢᠨ ᠢᠶᠠᠷ ᠬᠦᠷᠴᠦ ᠢᠷᠡᠵᠡᠢ᠃ ᠡᠭᠦᠨ ᠠᠴᠠ ᠡᠬᠢᠯᠡᠨ᠂ ᠶᠠᠩ ᠱᠠᠨ ᠭᠠᠷᠠᠮ ᠵᠢᠩᠬᠢᠨᠢ ᠪᠠᠷ ᠲᠠᠯᠠᠢ ᠶᠢᠨ | ᠲᠡᠭᠡᠭᠡᠪᠦᠷᠢ ᠶᠢᠨ ᠪᠥᠬᠦ ᠶᠠᠪᠤᠴᠠ ᠳᠤ ︽ᠭᠠᠳᠠᠭᠰᠢᠯᠠᠭᠤᠯᠬᠤ ᠦᠭᠡᠢ᠂ ᠪᠣᠬᠢᠷᠳᠤᠯ ᠦᠭᠡᠢ᠂ ᠱᠤᠤᠭᠢᠶᠠᠨ ᠦᠭᠡᠢ︾ ᠰᠢᠨ᠎ᠡ | ᠴᠠᠭ ᠦᠶ᠎ᠡ ᠶᠢ ᠨᠡᠭᠡᠭᠡᠵᠦ᠂ ᠤᠰᠤᠨ ᠲᠡᠭᠡᠭᠡᠪᠦᠷᠢ ᠶᠢᠨ ᠦᠢᠯᠡᠰ ᠤᠨ ᠳᠣᠣᠷ᠎ᠠ ᠨᠡᠭᠦᠷᠡᠰᠦᠲᠥ᠋ᠷᠥᠭᠴᠢᠲᠦ ᠣᠷᠴᠢᠨ | ᠲᠣᠭᠤᠷᠢᠨ ᠢ ᠬᠠᠮᠠᠭᠠᠯᠠᠬᠤ ᠬᠡᠯᠪᠡᠷᠢ ᠶᠢᠨ ᠬᠤᠪᠢᠷᠠᠯᠲᠠ ᠳᠤ ᠰᠢᠨ᠎ᠡ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ | | | ᠾᠧᠪᠧᠢ ᠶᠢᠨ ᠴᠢᠩ ᠾᠧ ᠰᠢᠶᠠᠨ ᠤ ᠨᠢᠭᠡᠨ ᠺᠣᠮᠫᠠᠨᠢ ᠶᠢᠨ ᠬᠤᠪᠴᠠᠰᠤ ᠬᠢᠬᠦ ᠲᠠᠰᠤᠭ ᠲᠤ ᠬᠤᠪᠴᠠᠰᠤ ᠬᠢᠬᠦ | ᠲᠥᠬᠦᠭᠡᠷᠦᠮᠵᠢ ᠶᠢᠨ ᠬᠠᠵᠠᠭᠤ ᠳᠤ ᠠᠵᠢᠯᠴᠢᠳ ᠲᠤᠩ ᠴᠥᠭᠡᠨ ᠪᠠᠶᠢᠯ᠎ᠠ᠃ ᠤᠤᠯ ᠨᠢ ᠠᠵᠤ ᠠᠬᠤᠶᠢᠯᠠᠯ | ᠣᠶᠤᠨᠴᠢᠯᠠᠯᠲᠠ᠂ ᠢᠯᠠᠩᠭᠤᠶ᠎ᠠ ᠠᠵᠤ ᠦᠢᠯᠡᠳᠪᠦᠷᠢ ᠶᠢᠨ ᠲᠥᠬᠦᠭᠡᠷᠦᠮᠵᠢ ᠶᠢᠨ ᠣᠶᠤᠨᠴᠢᠯᠠᠯᠲᠠ ᠬᠡᠷᠡᠭᠯᠡᠬᠦ ᠪᠠᠷ | ᠳᠡᠮᠵᠢᠨ᠂ ᠲᠣᠰ ᠺᠣᠮᠫᠠᠨᠢ 3 ᠦᠢᠯᠡᠳᠪᠦᠷᠢ ᠶᠢᠨ ᠲᠣᠭᠤᠷᠢᠭ ᠤᠨ 700 ᠭᠠᠷᠤᠢ ᠮᠠᠰᠢᠨ ᠢ ᠨᠢᠭᠡᠨ | ᠬᠠᠮᠢᠶᠠᠷᠤᠯᠲᠠ ᠶᠢᠨ ᠲᠠᠪᠴᠠᠩ ᠳᠤ ᠲᠥᠪᠯᠡᠷᠡᠭᠦᠯᠵᠦ᠂ ᠦᠢᠯᠡᠳᠪᠦᠷᠢᠯᠡᠯ ᠤᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ | ᠴᠤᠭᠯᠠᠭᠤᠯᠬᠤ ᠪᠠ ᠠᠦ᠋ᠲ᠋ᠣ᠋ ᠬᠠᠷᠢᠭᠤ ᠲᠤᠰᠬᠠᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠪᠡ᠃ | | ᠲᠤᠨᠤᠭ ᠲᠥᠬᠦᠭᠡᠷᠦᠮᠵᠢ ᠶᠢᠨ ᠰᠢᠨᠡᠴᠢᠯᠡᠯᠲᠡ ᠨᠢ ᠰᠠᠭᠤᠭᠠᠯᠢ ᠠᠷᠠᠳ ᠤᠨ ᠵᠣᠯ ᠵᠢᠷᠭᠠᠯᠲᠤ ᠲᠥᠷᠥᠭᠳᠡᠯ ᠢ | ᠳᠡᠭᠡᠭᠰᠢᠯᠡᠭᠦᠯᠦᠨ᠎ᠡ᠃ | | ᠪᠡᠭᠡᠵᠢᠩ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠢ | ᠲᠣᠭᠲᠠᠭᠤᠨ ᠢᠶᠠᠷ ᠠᠬᠢᠭᠤᠯᠵᠤ᠂ ᠨᠢᠭᠡ ᠪᠦᠯᠦᠭ ᠠᠵᠤ ᠦᠢᠯᠡᠳᠪᠦᠷᠢ ᠶᠢᠨ ᠦᠯᠡᠳᠡᠭᠳᠡᠯ ᠢ ᠳᠠᠬᠢᠨ ᠠᠮᠢᠯᠠᠭᠤᠯᠪᠠ᠃ | ᠨᠡᠶᠢᠰᠯᠡᠯ ᠤᠨ ᠪᠣᠯᠣᠳ ᠲᠡᠮᠦᠷ ᠤᠨ ᠠᠵᠤ ᠦᠢᠯᠡᠳᠪᠦᠷᠢ ᠶᠢᠨ ᠬᠠᠭᠤᠴᠢᠨ ᠲᠣᠭᠤᠷᠢᠭ ︵ᠬᠤᠶᠢᠲᠤ ᠲᠣᠭᠤᠷᠢᠭ︶ ᠤᠨ | ᠬᠦᠳᠡᠷ ᠤᠨ ᠲᠦᠭᠦᠬᠡᠢ ᠮᠠᠲ᠋ᠧᠷᠢᠶᠠᠯ ᠤᠨ ᠬᠥᠮᠥᠷᠭᠡ ᠨᠢ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ | ᠴᠤᠭᠯᠠᠭᠠᠨ ᠤ ᠵᠣᠬᠢᠶᠠᠨ ᠪᠠᠶᠢᠭᠤᠯᠬᠤ ᠺᠣᠮᠢᠰ ᠤᠨ ᠠᠵᠢᠯᠯᠠᠬᠤ ᠲᠣᠭᠤᠷᠢᠭ ᠪᠣᠯᠵᠤ᠂ ᠨᠠᠷᠢᠯᠢᠭ ᠨᠡᠭᠦᠷᠡᠰᠦᠨ ᠤ | ᠦᠢᠯᠡᠳᠪᠦᠷᠢ ᠶᠢᠨ ᠲᠠᠰᠤᠭ ᠨᠢ ᠮᠥᠰᠥᠨ ᠤᠷᠤᠯᠳᠤᠭᠠᠨ ᠤ ᠲᠠᠯᠠᠪᠠᠢ ᠪᠣᠯᠵᠤ᠂ ︽ᠬᠠᠭᠤᠴᠢᠨ ᠪᠣᠯᠣᠳ ᠲᠡᠮᠦᠷ ᠤᠨ | ᠠᠵᠤ ᠦᠢᠯᠡᠳᠪᠦᠷᠢ︾ ᠨᠢ ︽ᠠᠯᠲᠠᠨ ᠪᠤᠯᠢᠶᠠᠬᠤ ᠭᠠᠵᠠᠷ︾ ᠪᠣᠯᠵᠤ᠂ ᠴᠣ ᠰᠢᠨ᠎ᠡ ︽ᠨᠡᠶᠢᠰᠯᠡᠯ ᠤᠨ ᠪᠣᠯᠣᠳ ᠲᠡᠮᠦᠷ ᠤᠨ | ᠬᠦᠷᠢᠶᠡᠯᠡᠩ︾ ᠪᠣᠯᠵᠤ᠂ ᠬᠤᠲᠠ ᠶᠢᠨ ᠠᠷᠠᠳ ᠤᠨ ᠭᠠᠷᠠᠭ ᠤᠨ ᠰᠡᠭᠦᠯᠴᠢ ᠶᠢᠨ ᠰᠡᠯᠡᠭᠦᠴᠡᠯ︾ ᠤᠨ ᠭᠠᠵᠠᠷ ᠪᠣᠯᠤᠭᠰᠠᠨ | ᠪᠠᠶᠢᠨ᠎ᠠ᠃ | | | ᠴᠦᠩᠴᠢᠩ᠂ ᠲᠣᠰ ᠬᠤᠲᠠ ᠶᠢᠨ 15 ᠵᠢᠯ ᠠᠴᠠ ᠳᠡᠭᠡᠭᠰᠢ᠂ ᠲᠣᠬᠢᠷᠠᠭᠤᠯᠤᠯᠲᠠ ᠶᠢᠨ ᠬᠢᠷᠢ ᠲᠦᠪᠰᠢᠨ | ᠳᠣᠣᠷ᠎ᠠ᠂ ᠠᠵᠢᠯᠯᠠᠭᠠᠨ ᠤ ᠰᠠᠭᠠᠳ ᠶᠡᠬᠡᠲᠡᠢ᠂ ᠠᠮᠤᠷ ᠲᠦᠪᠰᠢᠨ ᠤ ᠳᠠᠯᠳᠠ ᠬᠡᠮ ᠲᠣᠪᠣᠶᠢᠮ᠎ᠠ᠂ ᠣᠯᠠᠨ ᠲᠦᠮᠡᠨ ᠤ | ᠰᠢᠨᠡᠳᠬᠡᠬᠦ ᠬᠦᠰᠡᠯ ᠡᠷᠡᠮᠡᠯᠵᠡᠯ ᠴᠢᠩᠭ᠎ᠠ ᠣᠷᠣᠨ ᠰᠠᠭᠤᠴᠠ ᠶᠢᠨ ᠴᠠᠬᠢᠯᠭᠠᠨ ᠱᠠᠲᠤ ᠶᠢ ᠰᠢᠨᠡᠳᠬᠡᠬᠦ᠂ ᠥᠭᠡᠷᠡᠴᠢᠯᠡᠬᠦ | ᠪᠤᠶᠤ ᠶᠡᠭᠡ ᠵᠠᠰᠠᠯᠲᠠ ᠬᠢᠬᠦ ᠶᠢ ᠭᠤᠣᠯᠳᠠᠯᠭ᠎ᠠ ᠲᠠᠢ ᠠᠬᠢᠭᠤᠯᠬᠤ ᠪᠠᠶᠢᠨ᠎ᠠ᠃ | | | ᠵᠢᠶᠠᠩᠰᠤ ᠮᠤᠵᠢ᠂ ᠳᠡᠭᠦᠵᠢᠩ ᠵᠠᠮ ᠤᠨ ᠲᠡᠷᠭᠡ᠂ ᠵᠤᠭ᠎ᠠ ᠴᠡᠩᠭᠡᠯ ᠤᠨ ᠲᠥᠬᠦᠭᠡᠷᠦᠮᠵᠢ᠂ ᠤᠷᠠᠨ | ᠲᠣᠭᠯᠠᠯᠲᠠ ᠶᠢᠨ ᠲᠥᠬᠦᠭᠡᠷᠦᠮᠵᠢ᠂ ᠦᠵᠡᠮᠵᠢ ᠶᠢᠨ ᠣᠷᠣᠨ ᠤ ᠣᠶᠤᠨᠴᠢ ᠲᠥᠬᠦᠭᠡᠷᠦᠮᠵᠢ ᠵᠡᠷᠭᠡ ᠶᠢ ᠰᠢᠨᠡᠳᠬᠡᠨ | ᠳᠡᠭᠡᠭᠰᠢᠯᠡᠭᠦᠯᠬᠦ ᠶᠢ ᠥᠷᠨᠢᠭᠦᠯᠵᠦ᠂ ᠵᠣᠬᠢᠶᠠᠮᠠᠯ ᠤᠶᠤᠨ᠂ ᠣᠶᠤᠨᠴᠢ ᠡᠮᠦᠰᠴᠦ ᠵᠡᠭᠦᠬᠦ ᠵᠡᠷᠭᠡ ᠮᠡᠷᠭᠡᠵᠢᠯ ᠤᠨ | ᠬᠡᠷᠡᠭᠯᠡᠯᠲᠡ ᠶᠢ ᠳᠡᠯᠭᠡᠷᠡᠭᠦᠯᠵᠦ᠂ 2027 ᠣᠨ ᠪᠤᠯᠳᠠᠯ᠎ᠠ ᠰᠣᠶᠣᠯ ᠵᠢᠭᠤᠯᠴᠢᠯᠠᠯ ᠤᠨ ᠲᠥᠬᠦᠭᠡᠷᠦᠮᠵᠢ ᠶᠢ ᠨᠡᠶᠢᠲᠡ | 60 ᠰᠠᠭᠤᠷᠢ ︵ᠢᠵᠢ︶ ᠠᠴᠠ ᠳᠡᠭᠡᠭᠰᠢ ᠰᠢᠨᠡᠴᠢᠯᠡᠨ᠎ᠡ᠃ | | | ᠭᠢᠷᠢᠨ᠂ ᠲᠤᠰ ᠮᠤᠵᠢ ᠶᠢᠨ ᠬᠢᠨ ᠭᠤᠷᠪᠠᠨ ᠵᠢᠯ ᠤᠨ ᠳᠣᠲᠣᠷ᠎ᠠ 150 ᠲᠦᠮᠡᠨ ᠡᠷᠦᠬᠡ ᠶᠢᠨ ᠤᠰᠤᠨ ᠤ | ᠬᠡᠮᠵᠢᠭᠦᠷ ᠤᠨ ᠣᠶᠤᠨᠴᠢᠯᠠᠭᠰᠠᠨ ᠳᠡᠰ ᠳᠠᠪᠰᠢᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠤᠶ᠃ | | | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠳᠤ ᠥᠨᠳᠥᠷ ᠪᠠᠷᠢᠮᠵᠢᠶ᠎ᠠ ᠲᠠᠢ ᠬᠠᠷᠭᠤᠭᠤᠯᠤᠨ᠎ᠠ᠃ | ᠲᠥᠯᠥᠪᠯᠡᠭᠡ ᠶᠣᠰᠣᠭᠠᠷ᠂ ᠮᠠᠨ ᠤ ᠤᠯᠤᠰ ᠳᠡᠯᠡᠬᠡᠢ ᠶᠢᠨ ᠲᠡᠷᠢᠭᠦᠨ ᠤ ᠬᠢᠷᠢ ᠲᠦᠪᠰᠢᠨ ᠲᠠᠢ ᠬᠠᠷᠭᠤᠭᠤᠯᠵᠤ᠂ | ᠡᠨᠧᠷᠭᠢ ᠶᠢᠨ ᠬᠤᠷᠣᠭᠳᠠᠯ ᠤᠨ ᠬᠢᠵᠠᠭᠠᠷ ᠲᠤᠭ᠎ᠠ᠂ ᠦᠢᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ | ᠠᠰᠢᠭᠯᠠᠮᠵᠢ ᠶᠢᠨ ᠠᠯᠪᠠᠳᠠᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠶᠢ ᠲᠦᠷᠭᠡᠳᠬᠡᠨ ᠲᠣᠭᠲᠠᠭᠠᠨ ᠵᠠᠰᠠᠪᠤᠷᠢ | ᠣᠷᠣᠭᠤᠯᠵᠤ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠦᠢᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ | ᠠᠰᠢᠭᠯᠠᠮᠵᠢ ᠶᠢᠨ ᠲᠡᠷᠢᠭᠦᠨ ᠤ ᠬᠢᠷᠢ ᠲᠦᠪᠰᠢᠨ᠂ ᠡᠨᠧᠷᠭᠢ ᠠᠷᠪᠢᠯᠠᠬᠤ ᠬᠢᠷᠢ ᠲᠦᠪᠰᠢᠨ ᠪᠣᠯᠣᠨ ᠵᠥᠪᠰᠢᠶᠡᠷᠡᠨ | ᠣᠷᠣᠭᠤᠯᠬᠤ ᠬᠢᠷᠢ ᠲᠦᠪᠰᠢᠨ ᠶᠢ ᠬᠥᠳᠡᠯᠦᠩᠭᠦᠢ ᠪᠠᠷ ᠰᠢᠨᠡᠳᠬᠡᠵᠦ᠂ ᠡᠨᠧᠷᠭᠢ ᠠᠷᠪᠢᠯᠠᠬᠤ ᠭᠦᠢᠴᠡᠳᠬᠡᠯ ᠲᠤᠭ᠎ᠠ | ᠪᠣᠯᠣᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠬᠤᠷᠢᠭ᠎ᠠ ᠵᠡᠷᠭᠡ ᠶᠢ ᠲᠦᠷᠭᠡᠳᠬᠡᠨ ᠳᠡᠭᠡᠭᠰᠢᠯᠡᠭᠦᠯᠦᠨ᠎ᠡ᠃ | | | | ᠤᠯᠤᠰ ᠤᠨ ᠳᠣᠲᠣᠭᠠᠳᠤ ᠭᠠᠳᠠᠭᠠᠳᠤ ᠶᠢᠨ ᠪᠠᠷᠢᠮᠵᠢᠶ᠎ᠠ ᠲᠠᠢ ᠬᠡᠷᠬᠢᠨ ᠵᠣᠯᠭᠠᠯᠳᠤᠭᠤᠯᠬᠤ᠂ ᠣᠷᠣᠨ | ᠨᠤᠲᠤᠭ ᠤᠨ ᠪᠠᠷᠢᠮᠵᠢᠶ᠎ᠠ ᠶᠢ ᠲᠡᠭᠦᠯᠳᠡᠷᠵᠢᠭᠦᠯᠬᠦ᠂ ᠠᠵᠤ ᠠᠬᠤᠶᠢᠯᠠᠯ ᠤᠨ ᠪᠠᠷᠢᠮᠵᠢᠶᠠᠵᠢᠭᠤᠯᠤᠯᠲᠠ ᠳᠡᠰ | ᠳᠡᠪᠰᠢᠭᠦᠯᠬᠦ ᠶᠢ ᠬᠥᠲᠥᠯᠥᠨ ᠵᠢᠯᠤᠭᠤᠳᠬᠤ ᠪᠣᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠶᠢᠨ ᠴᠢᠬᠤᠯᠠ ᠠᠩᠬᠠᠷᠬᠤ ᠴᠡᠭ ᠪᠣᠯᠣᠨ᠎ᠠ᠃ ᠵᠢᠱᠢᠶᠡᠯᠡᠪᠡᠯ | ᠬᠤᠪᠧᠢ ᠮᠤᠵᠢ ᠤᠯᠤᠰ ᠤᠨ ᠦᠢᠯᠡᠳᠬᠦᠨ ᠤ ᠲᠥᠬᠦᠭᠡᠷᠦᠮᠵᠢ ᠶᠢᠨ ᠡᠨᠧᠷᠭᠢ ᠶᠢᠨ ᠬᠤᠷᠣᠭᠳᠠᠯ᠂ | ᠭᠠᠳᠠᠭᠰᠢᠯᠠᠭᠤᠯᠤᠯᠲᠠ᠂ ᠮᠡᠷᠭᠡᠵᠢᠯ ᠵᠡᠷᠭᠡ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠪᠠ᠃ | ᠮᠤᠵᠢ ᠶᠢᠨ ᠳᠣᠲᠣᠷᠠᠬᠢ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ᠂ ᠳᠡᠭᠡᠳᠦ ᠰᠤᠷᠭᠠᠭᠤᠯᠢ᠂ ᠠᠵᠤ | ᠠᠬᠤᠶᠢᠯᠠᠯ ᠵᠡᠷᠭᠡ ᠶᠢᠨ ᠣᠯᠠᠨ ᠤᠯᠤᠰ ᠪᠠ ᠤᠯᠤᠰ ᠤᠨ ᠳᠣᠲᠣᠭᠠᠳᠤ ᠶᠢᠨ ᠪᠠᠷᠢᠮᠵᠢᠶ᠎ᠠ ᠶᠢ ᠲᠣᠭᠲᠠᠭᠠᠵᠤ ᠵᠠᠰᠠᠪᠤᠷᠢ | ᠣᠷᠣᠭᠤᠯᠬᠤ ᠪᠠᠷ ᠭᠤᠣᠯᠯᠠᠬᠤ ᠪᠤᠶᠤ ᠣᠷᠣᠯᠴᠠᠬᠤ ᠶᠢ ᠵᠣᠷᠢᠭᠵᠢᠭᠤᠯᠤᠨ᠎ᠠ᠃ ᠡᠸᠦ᠋ᠷᠦᠫᠡ ᠶᠢᠨ ᠬᠤᠯᠪᠣᠭ᠎ᠠ᠂ ᠵᠡᠭᠦᠨ | ᠡᠮᠦᠨᠡᠲᠦ ᠠᠽᠢᠶ᠎ᠠ ᠵᠡᠷᠭᠡ ᠭᠤᠣᠯᠳᠠᠯᠭ᠎ᠠ ᠲᠠᠢ ᠭᠠᠳᠠᠭᠠᠳᠤ ᠶᠢᠨ ᠵᠠᠬ᠎ᠠ ᠳᠡᠯᠭᠡᠭᠦᠷ ᠤᠨ ᠪᠠᠷᠢᠮᠵᠢᠶ᠎ᠠ ᠲᠠᠢ ᠬᠠᠷᠢᠴᠠᠭᠤᠯᠤᠨ | ᠵᠠᠳᠠᠯᠬᠤ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠤᠰ ᠮᠤᠵᠢ ᠶᠢᠨ ᠨᠡᠩ ᠤᠯᠠᠨ ᠰᠢᠨ᠎ᠡ ᠡᠨᠧᠷᠭᠢ ᠶᠢᠨ ᠮᠠᠰᠢᠨ | ᠲᠡᠷᠭᠡ᠂ ᠮᠠᠰᠢᠨ ᠴᠠᠬᠢᠯᠭᠠᠨ ᠵᠡᠷᠭᠡ ᠳᠠᠪᠠᠭᠤᠯᠢᠭ ᠦᠢᠯᠡᠳᠬᠦᠨ ᠢ ᠭᠠᠳᠠᠭᠠᠳᠤ ᠳᠤ ᠭᠠᠷᠭᠠᠬᠤ ᠶᠢ ᠠᠬᠢᠭᠤᠯᠪᠠ᠃ | | | ᠲᠥᠯᠥᠪᠯᠡᠭᠡ ᠶᠣᠰᠣᠭᠠᠷ᠂ ᠵᠧᠵᠢᠶᠠᠩ ᠮᠤᠵᠢ ᠶᠢᠨ ᠬᠢᠨ ᠤᠯᠤᠰ ᠤᠨ ᠪᠠᠷᠢᠮᠵᠢᠶ᠎ᠠ ᠠᠴᠠ ᠴᠢᠩᠭ᠎ᠠ ᠡᠨᠧᠷᠭᠢ ᠶᠢᠨ | ᠰᠤᠷᠪᠤᠯᠵᠢ ᠶᠢᠨ ᠡᠨᠧᠷᠭᠢ ᠶᠢᠨ ᠬᠤᠷᠣᠭᠳᠠᠯ ᠤᠨ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠶᠢ ᠲᠦᠷᠭᠡᠨ ᠲᠣᠭᠲᠠᠭᠠᠵᠤ | ᠂ ᠬᠤᠴᠤᠷᠤᠩᠭᠤᠢ ᠦᠢᠯᠡᠳᠪᠦᠷᠢᠯᠡᠯ ᠤᠨ ᠴᠢᠳᠠᠪᠤᠷᠢ ᠶᠢ ᠭᠡᠳᠡᠷᠭᠦ ᠰᠢᠬᠠᠮᠳᠠᠭᠤᠯᠵᠤ ᠪᠠᠶᠢᠭᠠᠳ ᠲᠦᠷᠭᠡᠨ | ᠢᠯᠭᠠᠷᠠᠭᠤᠯᠵᠤ᠂ ᠭᠤᠣᠯᠳᠠᠯᠭ᠎ᠠ ᠲᠠᠢ ᠠᠵᠤ ᠦᠢᠯᠡᠰ ᠢ ᠲᠦᠷᠭᠡᠨ ᠳᠡᠭᠡᠭᠰᠢᠯᠡᠭᠦᠯᠪᠡ᠃ ᠲᠤᠰ ᠮᠤᠵᠢ ᠡᠨᠡ ᠵᠢᠯ 37 | ᠮᠤᠵᠢ ᠶᠢᠨ ᠣᠷᠣᠨ ᠨᠤᠲᠤᠭ ᠤᠨ ᠪᠠᠷᠢᠮᠵᠢᠶ᠎ᠠ᠂ ︽ᠵᠧᠵᠢᠶᠠᠩ ᠤᠨ ᠦᠢᠯᠡᠳᠬᠦ ᠪᠠᠷᠢᠮᠵᠢᠶ᠎ᠠ︾ ᠶᠢ 124 ᠵᠦᠢᠯ ᠢ | ᠨᠡᠶᠢᠲᠡᠯᠡᠨ ᠬᠡᠷᠡᠭᠵᠢᠭᠦᠯᠦᠨ᠎ᠡ᠃ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠳᠤ ᠳᠦᠷᠦ ᠶᠢᠨ ᠪᠣᠳᠣᠯᠭ᠎ᠠ ᠶᠢᠨ | ᠪᠠᠲᠤᠯᠠᠭ᠎ᠠ ᠪᠠᠶᠢᠬᠤ ᠬᠡᠷᠡᠭᠲᠡᠢ | | | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠨᠢ ᠲᠥᠷᠥ ᠶᠢᠨ ᠪᠣᠳᠣᠯᠭ᠎ᠠ ᠶᠢᠨ ᠪᠠᠲᠤᠯᠭ᠎ᠠ ᠠᠴᠠ ᠰᠠᠯᠵᠤ | ᠴᠢᠳᠠᠬᠤ ᠦᠭᠡᠢ ᠶᠤᠮ᠃ | | ᠠᠵᠢᠯᠯᠠᠭ᠎ᠠ ᠶᠢᠨ ᠲᠥᠰᠥᠯ ᠢ ᠦᠨᠳᠦᠰᠦᠯᠡᠪᠡᠯ᠂ ᠮᠠᠨ ᠤ ᠤᠯᠤᠰ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ︽ᠨᠥᠬᠦᠴᠡᠯ ᠳᠤ ᠨᠡᠶᠢᠴᠡᠬᠦ ᠲᠥᠬᠦᠭᠡᠷᠦᠮᠵᠢ ᠶᠢᠨ | ᠰᠢᠨᠡᠴᠢᠯᠡᠯᠲᠡ᠂ ᠡᠷᠭᠢᠯᠳᠦᠭᠦᠯᠦᠨ ᠠᠰᠢᠭᠯᠠᠬᠤ ᠲᠥᠷᠥᠯ ᠵᠦᠢᠯ ᠢ ᠲᠥᠪ ᠤᠨ ᠲᠥᠰᠥᠪ ᠤᠨ ᠳᠣᠲᠣᠷᠠᠬᠢ ᠪᠡᠯᠡ | ᠣᠷᠣᠭᠤᠯᠤᠯᠲᠠ ᠵᠡᠷᠭᠡ ᠶᠢᠨ ᠪᠡᠯᠡ ᠮᠥᠩᠭᠦ ᠶᠢᠨ ᠳᠡᠮᠵᠢᠯᠭᠡ ᠶᠢᠨ ᠬᠡᠪᠴᠢᠶᠡᠨ ᠳᠤ ᠣᠷᠣᠭᠤᠯᠤᠨ᠎ᠠ︾᠃ | | | ᠮᠠᠨ ᠤ ᠤᠯᠤᠰ ᠭᠠᠶᠢᠯᠢ ᠲᠠᠲᠠᠪᠤᠷᠢ ᠶᠢᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ | ︽ᠡᠨᠧᠷᠭᠢ ᠠᠷᠪᠢᠯᠠᠬᠤ ᠤᠰᠤ ᠠᠷᠪᠢᠯᠠᠬᠤ᠂ ᠣᠷᠴᠢᠨ ᠲᠣᠭᠤᠷᠢᠨ ᠤ ᠬᠠᠮᠠᠭᠠᠯᠠᠯᠲᠠ᠂ ᠠᠶᠤᠯᠭᠦᠢ ᠦᠢᠯᠡᠳᠪᠦᠷᠢᠯᠡᠯ ᠤᠨ | ᠲᠤᠰᠬᠠᠢ ᠬᠡᠷᠡᠭᠯᠡᠭᠡᠨ ᠤ ᠲᠥᠬᠦᠭᠡᠷᠦᠮᠵᠢ ᠶᠢᠨ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠳᠡᠮᠵᠢᠯᠭᠡ ᠶᠢᠨ | ᠡᠷᠴᠢᠮ ᠢᠶᠠᠨ ᠴᠢᠩᠭᠠᠷᠠᠭᠤᠯᠵᠤ᠂ ᠲᠣᠭᠠᠴᠢᠯᠠᠭᠰᠠᠨ ᠣᠶᠤᠨᠴᠢᠯᠠᠭᠰᠠᠨ ᠥᠭᠡᠷᠡᠴᠢᠯᠡᠯᠲᠡ ᠶᠢ ᠬᠠᠷᠠᠭᠠᠯᠵᠠᠯ ᠤᠨ | ᠬᠡᠪᠴᠢᠶᠡᠨ ᠳᠤ ᠣᠷᠣᠭᠤᠯᠤᠨ᠎ᠠ︾︔ ᠮᠥᠩᠭᠦᠨ ᠭᠦᠢᠯᠭᠡᠭᠡᠨ ᠤ ᠳᠡᠮᠵᠢᠯᠭᠡ ᠶᠢ ᠰᠢᠯᠢᠳᠡᠭᠵᠢᠭᠦᠯᠵᠦ᠂ ︽ᠳᠠᠬᠢᠨ | ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠯᠡᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠲᠥᠬᠦᠭᠡᠷᠦᠮᠵᠢ ᠶᠢᠨ ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠳᠤ ᠦᠵᠡᠭᠦᠯᠬᠦ | ᠳᠡᠮᠵᠢᠯᠭᠡ︾ ᠶᠢ ᠴᠢᠩᠭᠠᠳᠬᠠᠨ᠎ᠠ︔ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ᠂ ︽ᠠᠵᠤ ᠠᠬᠤᠶᠢᠯᠠᠯ ᠤᠨ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠳᠤ ᠬᠡᠷᠡᠭᠯᠡᠬᠦ ᠭᠠᠵᠠᠷ᠂ ᠡᠨᠧᠷᠭᠢ ᠬᠡᠷᠡᠭᠯᠡᠬᠦ ᠵᠡᠷᠭᠡ ᠬᠦᠴᠦᠨ | ᠵᠦᠢᠯ ᠤᠨ ᠪᠠᠲᠤᠯᠠᠭ᠎ᠠ ᠶᠢ ᠴᠢᠩᠭᠠᠳᠬᠠᠨ᠎ᠠ︾︔ ᠰᠢᠨ᠎ᠡ ᠶᠢ ᠡᠭᠦᠳᠬᠦ ᠲᠤᠯᠭᠠᠭᠤᠷᠢᠯᠠᠯ ᠢ ᠴᠢᠩᠭᠠᠳᠬᠠᠵᠤ᠂ | ︽ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠬᠤᠪᠢᠷᠠᠭᠤᠯᠤᠨ ᠲᠠᠰ ᠳᠡᠪᠰᠢᠬᠦ ᠶᠢ ᠣᠷᠳᠣ ᠬᠤᠭᠤᠴᠠᠭ᠎ᠠ ᠪᠠᠷ | ᠬᠠᠷᠰᠢᠯᠠᠵᠤ ᠪᠠᠶᠢᠭ᠎ᠠ ᠠᠵᠤ ᠦᠢᠯᠡᠰ ᠤᠨ ᠰᠠᠭᠤᠷᠢᠨ ᠭᠠᠵᠠᠷ᠂ ᠴᠢᠬᠤᠯᠠ ᠶᠡᠭᠡ ᠮᠡᠷᠭᠡᠵᠢᠯ ᠤᠨ ᠲᠣᠨᠤᠭ | ᠲᠥᠬᠦᠭᠡᠷᠦᠮᠵᠢ ᠶᠢ ︿ᠪᠣᠭᠤᠮᠢᠯᠠᠬᠤ﹀ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ | ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ︾ | ᠵᠡᠷᠭᠡ ᠶᠢ ᠢᠳᠡᠪᠬᠢᠲᠡᠢ ᠥᠷᠨᠢᠭᠦᠯᠦᠨ᠎ᠡ᠃ | | | ᠲᠥᠬᠦᠭᠡᠷᠦᠮᠵᠢ ᠶᠢᠨ ᠰᠢᠨᠡᠴᠢᠯᠡᠯᠲᠡ ᠳᠤ ᠪᠡᠯᠡ ᠤᠷᠤᠭᠤᠯᠤᠯᠳᠠ ᠬᠡᠷᠡᠭᠲᠡᠢ᠃ | | | ᠠᠵᠤ ᠠᠬᠤᠶᠢᠯᠠᠯ ᠤᠨ ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠶᠢᠨ ᠪᠡᠯᠡ ᠮᠥᠩᠭᠦ ᠶᠢᠨ ᠳᠠᠷᠤᠯᠲᠠ ᠶᠢ | ᠨᠠᠮᠳᠠᠭᠤᠯᠬᠤ ᠶᠢᠨ ᠲᠤᠰᠠᠳᠠ᠂ ᠡᠯ᠎ᠡ ᠭᠠᠵᠠᠷ ᠤᠳ ᠢᠳᠡᠪᠬᠢᠲᠡᠢ ᠪᠠᠷ ᠠᠷᠭ᠎ᠠ ᠰᠦᠪᠡᠭᠴᠢᠯᠡᠵᠦ ᠪᠠᠶᠢᠨ᠎ᠠ᠃ ᠱᠠᠨᠳᠦ᠋ᠩ | ᠮᠤᠵᠢ ︽ᠰᠲ᠋ᠣᠺ ᠤᠨ ᠪᠡᠯᠡ ᠤᠷᠤᠭᠤᠯᠤᠯᠳᠠ︾ ᠶᠢᠨ ᠬᠡᠯᠪᠡᠷᠢ ᠪᠠᠷ ᠠᠵᠤ ᠠᠬᠤᠶᠢᠯᠠᠯ ᠤᠨ ᠲᠥᠬᠦᠭᠡᠷᠦᠮᠵᠢ ᠶᠢᠨ | ᠰᠢᠨᠡᠴᠢᠯᠡᠯᠲᠡ ᠶᠢ ᠳᠡᠮᠵᠢᠵᠡᠢ᠃ ᠴᠦᠩᠴᠢᠩ ᠬᠤᠲᠠ ᠨᠢ ᠬᠤᠲᠠ ᠶᠢᠨ ᠳᠡᠰ ᠤᠨ ᠲᠤᠰᠬᠠᠢ ᠪᠡᠯᠡ ᠮᠥᠩᠭᠦ ᠶᠢ | ᠨᠢᠭᠡᠳᠦᠯᠲᠡᠢ ᠲᠥᠯᠥᠪᠯᠡᠨ ᠰᠠᠶᠢᠲᠤᠷ ᠬᠡᠷᠡᠭᠯᠡᠬᠦ ᠪᠠᠷ ᠳᠤᠷᠠᠳᠴᠤ᠂ ᠡᠳ᠋ ᠤᠨ ᠵᠠᠰᠠᠭ ᠤᠨ ᠱᠠᠩᠨᠠᠯ ᠨᠥᠬᠦᠪᠦᠷᠢ᠂ | ᠵᠢᠭᠡᠯᠡᠯᠭᠡ ᠶᠢᠨ ᠬᠦᠦ ᠮᠥᠩᠭᠦ ᠥᠭᠬᠦ᠂ ᠳᠠᠭᠠᠭᠠᠯᠲᠠ ᠶᠢᠨ ᠨᠥᠬᠦᠪᠦᠷᠢ᠂ ᠵᠠᠰᠠᠭ ᠤᠨ ᠣᠷᠳᠣᠨ ᠤ ᠪᠣᠬᠢᠷᠲᠤᠯ ᠦᠭᠡᠢ | ᠬᠤᠳᠠᠯᠳᠤᠨ ᠠᠪᠬᠤ ᠵᠡᠷᠭᠡ ᠲᠥᠷᠥ ᠶᠢᠨ ᠪᠣᠳᠣᠯᠭ᠎ᠠ ᠪᠠᠷ ᠲᠡᠮᠵᠢᠨ᠎ᠡ᠃ ᠭᠤᠸᠠᠩᠳᠦ᠋ᠩ ᠮᠤᠵᠢ ᠪᠠᠶᠢᠭᠤᠯᠭ᠎ᠠ | ᠨᠢᠭᠡᠴᠢ ᠶᠢᠨ ᠵᠠᠰᠠᠭ ᠤᠨ ᠣᠷᠳᠣᠨ ᠤ ᠪᠣᠬᠢᠷᠲᠤᠯ ᠦᠭᠡᠢ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ ᠶᠢ ᠠᠬᠢᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠣᠬᠢᠷᠲᠤᠯ ᠦᠭᠡᠢ | ᠦᠢᠯᠡᠳᠬᠦᠨ ᠬᠤᠳᠠᠯᠳᠤᠨ ᠠᠪᠬᠤ ᠶᠢ ᠴᠢᠩᠭᠠᠳᠭᠠᠬᠤ ᠶᠢ ᠵᠣᠷᠢᠭᠵᠢᠭᠤᠯᠤᠨ᠎ᠠ᠃ ᠨᠢᠩᠰᠢᠶᠠ ᠶᠢᠨ ᠬᠤᠲᠣᠩ | ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠠᠴᠠ ᠪᠠᠩᠬᠢ ᠶᠢᠨ ᠢᠲᠡᠭᠡᠮᠵᠢᠲᠦ ᠵᠢᠭᠡᠯᠡᠯᠭᠡ ᠶᠢᠨ ᠪᠡᠯᠡ | ᠮᠥᠩᠭᠦ ᠶᠢᠨ ᠣᠷᠣᠭᠤᠯᠤᠯᠲᠠ ᠶᠢ ᠲᠦᠷᠭᠡᠳᠬᠡᠬᠦ ᠶᠢ ᠠᠬᠢᠭᠤᠯᠵᠤ᠂ ᠨᠥᠬᠦᠴᠡᠯ ᠳᠤ ᠨᠡᠶᠢᠴᠡᠬᠦ ᠡᠵᠡᠩᠨᠡᠯᠲᠡ ᠶᠢᠨ ᠭᠤᠣᠯ | ᠴᠣᠭᠴᠠ ᠶᠢᠨ ︽ᠮᠡᠳᠡᠪᠡᠯ ᠵᠣᠬᠢᠬᠤ ᠪᠦᠬᠦᠨ ᠳᠤ ᠮᠡᠳᠡᠭᠦᠯᠵᠦ︾᠂ ᠨᠥᠬᠦᠴᠡᠯ ᠳᠤ ᠨᠡᠶᠢᠴᠡᠬᠦ ᠵᠢᠭᠡᠯᠡᠯᠭᠡ ᠶᠢ ︽ᠣᠯᠭᠤᠬᠤ | ᠪᠦᠬᠦᠨ ᠳᠤ ᠴᠥᠮ ᠣᠯᠭᠤᠨ᠎ᠠ︾᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠲᠥᠬᠦᠭᠡᠷᠦᠮᠵᠢ ᠶᠢᠨ | ᠰᠢᠨᠡᠴᠢᠯᠡᠯᠲᠡ ᠪᠠ ᠮᠡᠷᠭᠡᠵᠢᠯ ᠤᠨ ᠥᠭᠡᠷᠡᠴᠢᠯᠡᠯᠲᠡ ᠶᠢᠨ ᠬᠦᠷᠢᠶᠡᠨ ᠳᠠᠬᠢ ᠮᠥᠩᠭᠦᠨ ᠭᠦᠢᠯᠭᠡᠭᠡᠨ ᠤ ᠳᠡᠮᠵᠢᠯᠭᠡ ᠶᠢᠨ | ᠡᠷᠴᠢᠮ ᠢ ᠪᠥᠬᠦ ᠲᠠᠯ᠎ᠠ ᠪᠠᠷ ᠴᠢᠩᠭᠠᠳᠬᠠᠨ᠎ᠠ᠃ | | | ᠲᠣᠨᠤᠭ ᠲᠥᠬᠦᠭᠡᠷᠦᠮᠵᠢ ᠶᠢᠨ ᠰᠢᠨᠡᠴᠢᠯᠡᠯᠲᠡ ᠳᠤ ᠭᠠᠵᠠᠷ ᠰᠢᠷᠣᠢ ᠪᠣᠯᠣᠨ ᠴᠢᠳᠠᠪᠤᠷᠢᠲᠠᠨ ᠵᠡᠷᠭᠡ ᠬᠦᠴᠦᠨ | ᠵᠦᠢᠯ ᠤᠨ ᠳᠡᠮᠵᠢᠯᠭᠡ ᠬᠡᠷᠡᠭᠲᠡᠢ᠃ | | | ᠯᠢᠶᠣᠤᠨᠢᠩ ᠮᠤᠵᠢ᠂ ᠣᠳᠣ ᠶᠢᠨ ᠪᠠᠶᠢᠭ᠎ᠠ ᠦᠢᠯᠡᠳᠪᠦᠷᠢ ᠶᠢᠨ ᠭᠡᠷ ᠪᠠᠶᠢᠰᠢᠩ ᠪᠤᠶᠤ ᠠᠵᠤ | ᠦᠢᠯᠡᠳᠪᠦᠷᠢ ᠶᠢᠨ ᠬᠡᠷᠡᠭᠯᠡᠬᠦ ᠭᠠᠵᠠᠷ ᠢᠶᠠᠨ ᠬᠠᠤᠯᠢ ᠲᠣᠭᠲᠠᠭᠠᠯ ᠶᠣᠰᠣᠭᠠᠷ ᠠᠰᠢᠭᠯᠠᠨ ᠪᠠᠷᠢᠯᠭ᠎ᠠ ᠪᠠᠷᠢᠬᠤ ᠪᠦᠲᠦᠭᠡᠨ | ᠪᠠᠶᠢᠭᠤᠯᠤᠯᠲᠠ ᠬᠢᠵᠦ᠂ ᠦᠢᠯᠡᠳᠪᠦᠷᠢ ᠶᠢᠨ ᠭᠡᠷ ᠪᠠᠶᠢᠰᠢᠩ ᠤᠨ ᠳᠠᠪᠬᠤᠷᠭ᠎ᠠ ᠶᠢ ᠨᠡᠮᠡᠭᠳᠡᠭᠦᠯᠬᠦ᠂ ᠥᠭᠡᠷᠡᠴᠢᠯᠡᠨ | ᠥᠷᠭᠡᠳᠬᠡᠨ ᠪᠠᠶᠢᠭᠤᠯᠬᠤ᠂ ᠭᠠᠵᠠᠷ ᠳᠣᠣᠷᠠᠬᠢ ᠣᠷᠣᠨ ᠵᠠᠢ ᠶᠢ ᠨᠡᠭᠡᠭᠡᠬᠦ ᠵᠡᠷᠭᠡ ᠭᠠᠵᠠᠷ ᠰᠢᠷᠣᠢ ᠶᠢᠨ ᠪᠡᠯᠡ | ᠣᠷᠣᠭᠤᠯᠤᠯᠲᠠ ᠶᠢᠨ ᠬᠦᠴᠦᠯᠡᠴᠡ᠂ ᠠᠰᠢᠭᠯᠠᠬᠤ ᠦᠷ᠎ᠡ ᠪᠦᠲᠦᠮᠵᠢ ᠪᠠ ᠪᠠᠭᠲᠠᠭᠠᠮᠵᠢ ᠶᠢᠨ ᠨᠣᠷᠮ᠎ᠠ ᠶᠢ | ᠲᠡᠭᠡᠭᠰᠢᠯᠡᠭᠦᠯᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠠᠵᠠᠷ ᠰᠢᠷᠣᠢ ᠶᠢᠨ ᠦᠨ᠎ᠡ ᠨᠡᠮᠡᠬᠦ ᠦᠭᠡᠢ᠃ | ᠵᠢᠶᠠᠩᠰᠤ ᠮᠤᠵᠢ᠂ ︽ᠵᠢᠶᠠᠩᠰᠤ ᠮᠤᠵᠢ ᠶᠢᠨ ᠠᠵᠤ ᠦᠢᠯᠡᠳᠪᠦᠷᠢ ᠶᠢᠨ ᠬᠦᠷᠢᠶᠡᠨ ᠲᠠᠬᠢ ᠲᠤᠨᠤᠭ ᠲᠥᠬᠦᠭᠡᠷᠦᠮᠵᠢ ᠶᠢᠨ | ᠰᠢᠨᠡᠴᠢᠯᠡᠯᠲᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠨᠡᠶᠢᠲᠡᠯᠡᠬᠦ ᠲᠡᠭᠡᠨ᠂ ᠲᠤᠨᠤᠭ | ᠲᠥᠬᠦᠭᠡᠷᠦᠮᠵᠢ ᠶᠢᠨ ᠰᠢᠨᠡᠴᠢᠯᠡᠯᠲᠡ ᠥᠭᠡᠷᠡᠴᠢᠯᠡᠯᠲᠡ ᠳᠤ ᠪᠤᠢ ᠪᠣᠯᠤᠭᠰᠠᠨ ᠨᠡᠶᠢᠯᠡᠮᠡᠯ ᠬᠡᠯᠪᠡᠷᠢ ᠶᠢᠨ ᠮᠡᠷᠭᠡᠵᠢᠯ | ᠴᠢᠳᠠᠪᠤᠷᠢ ᠶᠢᠨ ᠠᠵᠢᠯ ᠤᠨ ᠪᠠᠶᠢᠷᠢ ᠶᠢᠨ ᠬᠡᠷᠡᠭᠴᠡᠭᠡ ᠶᠢᠨ ᠲᠣᠭᠤᠷᠢᠨ ᠳᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠬᠥᠮᠥᠵᠢᠭᠦᠯᠬᠦ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠤᠨ ᠪᠠᠶᠢᠷᠢ ᠶᠢᠨ ᠮᠡᠷᠭᠡᠵᠢᠯ | ᠴᠢᠳᠠᠪᠤᠷᠢ ᠶᠢ ᠲᠡᠬᠡᠭᠰᠢᠯᠡᠭᠦᠯᠭᠦ ᠪᠣᠯᠪᠠᠰᠤᠷᠠᠯ ᠢ ᠴᠢᠩᠭᠠᠳᠬᠠᠨ᠎ᠠ ᠭᠡᠵᠦ ᠳᠤᠷᠠᠳᠴᠠᠢ᠃ | | | ᠲᠥᠬᠦᠭᠡᠷᠦᠮᠵᠢ ᠶᠢᠨ ᠰᠢᠨᠡᠴᠢᠯᠡᠯᠲᠡ ᠳᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠤᠯᠭᠠᠭᠤᠷᠢᠯᠠᠯ ᠢ ᠪᠠᠲᠤᠳᠬᠠᠬᠤ ᠬᠡᠷᠡᠭᠲᠡᠢ᠃ | | ᠵᠢᠱᠢᠶᠡᠯᠡᠪᠡᠯ᠂ ᠱᠠᠨᠰᠢ ᠮᠤᠵᠢ ᠶᠢᠨ ᠬᠢᠨ ᠴᠢᠬᠤᠯᠠ ᠶᠡᠭᠡ ᠮᠡᠷᠭᠡᠵᠢᠯ ᠤᠨ ᠲᠤᠨᠤᠭ ᠲᠥᠬᠦᠭᠡᠷᠦᠮᠵᠢ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠳᠡᠭᠡᠳᠦ | ᠲᠡᠰᠴᠢᠯᠡᠭᠰᠡᠨ ᠣᠶᠤᠨᠴᠢᠯᠠᠭᠰᠠᠨ ᠪᠣᠬᠢᠷᠲᠤᠯ ᠦᠭᠡᠢ ᠦᠢᠯᠡᠳᠪᠦᠷᠢᠯᠡᠯ ᠤᠨ ᠲᠤᠨᠤᠭ ᠲᠥᠬᠦᠭᠡᠷᠦᠮᠵᠢ᠂ ᠰᠢᠨ᠎ᠡ | ᠡᠨᠧᠷᠭᠢ ᠶᠢᠨ ᠲᠤᠨᠤᠭ ᠲᠥᠬᠦᠭᠡᠷᠦᠮᠵᠢ᠂ ᠰᠢᠨ᠎ᠡ ᠬᠡᠯᠪᠡᠷᠢ ᠶᠢᠨ ᠲᠠᠷᠢᠶᠠᠯᠠᠩ ᠤᠨ ᠮᠠᠰᠢᠨ ᠮᠧᠬᠠᠨᠢᠭ᠂ ᠲᠠᠬᠢᠨ ᠦᠢᠯᠡᠳᠬᠦ᠂ | ᠠᠵᠢᠯ ᠲᠦᠷᠦᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ | ᠪᠦᠯᠦᠭ ᠠᠵᠢᠯ ᠲᠦᠷᠦᠯ ᠤᠨ ᠨᠡᠶᠢᠲᠡᠯᠢᠭ ᠴᠢᠨᠠᠷᠲᠠᠢ ᠮᠡᠷᠭᠡᠵᠢᠯ ᠪᠣᠯᠣᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ | ᠲᠥᠪᠯᠡᠷᠡᠭᠦᠯᠦᠨ ᠰᠢᠪᠲᠤᠯᠤᠯᠲᠠ ᠬᠢᠨ᠎ᠡ᠃ ᠱᠠᠨ ᠰᠢ ᠮᠤᠵᠢ ︽ᠱᠠᠨ ᠰᠢ ᠶᠢᠨ ᠡᠭᠦᠳᠦᠯᠲᠡ︾ ᠶᠢᠨ ᠪᠦᠲᠦᠭᠡᠨ | ᠪᠠᠶᠢᠭᠤᠯᠤᠯᠲᠠ ᠶᠢ ᠠᠬᠢᠭᠤᠯᠵᠤ᠂ ᠦᠢᠯᠡᠳᠬᠡᠯ ᠤᠨ ᠦᠢᠯᠡᠰ ᠤᠨ ᠲᠤᠷᠰᠢᠯᠲᠠ ᠶᠢᠨ ᠰᠠᠭᠤᠷᠢᠨ ᠭᠠᠵᠠᠷ ᠪᠣᠯᠣᠨ ᠦᠷ᠎ᠡ | ᠪᠦᠲᠦᠮᠵᠢ ᠶᠢ ᠬᠤᠪᠢᠷᠠᠭᠤᠯᠬᠤ ᠠᠵᠤ ᠠᠬᠤᠶᠢᠯᠠᠯ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠰᠢᠨᠵᠢᠯᠡᠬᠦ | ᠮᠡᠷᠭᠡᠵᠢᠯ ᠤᠨ ᠦᠷ᠎ᠡ ᠪᠦᠲᠦᠮᠵᠢ ᠶᠢ ᠬᠤᠪᠢᠷᠠᠭᠤᠯᠤᠨ ᠬᠡᠷᠡᠭᠯᠡᠬᠦ ᠶᠢ ᠲᠦᠷᠭᠡᠳᠬᠡᠨ᠎ᠡ᠃ | | | ᠢᠦᠢ ᠰᠢᠶᠣᠣ ᠬᠤᠢ᠂ ᠶᠡᠭᠡ ᠬᠡᠪᠴᠢᠶᠡᠨ ᠤ ᠲᠥᠬᠦᠭᠡᠷᠦᠮᠵᠢ ᠶᠢᠨ ᠰᠢᠨᠡᠴᠢᠯᠡᠯᠲᠡ ᠶᠢ ᠠᠬᠢᠭᠤᠯᠬᠤ ᠪᠣᠯ ᠨᠢᠭᠡ | ᠵᠦᠢᠯ ᠤᠨ ᠰᠢᠰᠲ᠋ᠧᠮᠲᠦ ᠢᠨᠵᠧᠨᠧᠷᠢᠩ ᠪᠣᠯᠣᠨ᠎ᠠ᠂ ᠠᠵᠢᠯ ᠤᠨ ᠲᠣᠭᠲᠠᠴᠠ ᠪᠠᠨ ᠦᠷᠭᠦᠯᠵᠢᠯᠡᠨ ᠲᠡᠭᠦᠯᠳᠡᠷᠵᠢᠭᠦᠯᠵᠦ᠂ | ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠤᠭ ᠤᠨ ᠶᠡᠭᠡ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠠᠵᠤ | ᠠᠬᠤᠶᠢᠯᠠᠯ ᠤᠨ ᠳᠠᠷᠤᠭᠠᠰᠤ ᠶᠢ ᠤᠯᠠᠮ ᠴᠢᠨᠠᠭᠰᠢᠳᠠ ᠬᠥᠩᠭᠡᠷᠡᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ | ᠬᠦᠴᠦᠨ ᠢ ᠲᠠᠶᠢᠴᠢᠯᠠᠵᠤ᠂ ᠨᠡᠩ ᠤᠯᠠᠨ ᠴᠢᠳᠠᠪᠤᠷᠢ ᠡᠨᠧᠷᠬᠢ ᠶᠢ ᠬᠥᠭᠵᠢᠭᠡᠬᠦ ᠬᠡᠷᠡᠭᠲᠡᠢ ᠭᠡᠵᠦ ᠦᠵᠡᠵᠦ ᠪᠠᠶᠢᠨ᠎ᠠ᠃ | | | | ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ᠂ ᠠᠷᠠᠳ ᠤᠨ ᠡᠳᠦᠷ ᠤᠨ ᠰᠣᠨᠢᠨ | | |