ᠰᠠᠶᠢᠬᠠᠨ ᠲᠣᠭᠤᠷᠢᠭ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠭᠠᠯᠲᠤ ᠵᠦᠢᠯ  ᠤᠨ ᠨᠡᠶᠢᠳᠡᠮ ᠪᠠᠶᠢᠴᠠᠭᠠᠯᠲᠠ ᠶᠢᠨ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2024/6/27
       ᠰᠠᠶᠢᠬᠠᠨ ᠲᠣᠭᠤᠷᠢᠭ ᠤᠨ ᠳᠥᠷᠪᠡᠳᠦᠭᠡᠷ ᠤᠳᠠᠭᠠᠨ ᠤ ᠪᠦᠬᠦ ᠤᠯᠤᠰ ᠤᠨ ᠲᠡᠦᠬᠡ ᠶᠢᠨ ᠳᠤᠷᠠᠰᠭᠠᠯᠲᠤ ᠵᠦᠢᠯ  ᠤᠨ ᠨᠡᠶᠢᠳᠡᠮ ᠪᠠᠶᠢᠴᠠᠭᠠᠯᠲᠠ ᠶᠢᠨ ᠱᠠᠲᠤᠨ ᠳᠤ ᠣᠷᠣᠪᠠ᠃ ᠣᠶᠢᠷ᠎ᠠ ᠳᠤ᠂ ᠰᠠᠶᠢᠬᠠᠨ ᠲᠣᠭᠤᠷᠢᠭ ᠤᠨ ᠰᠣᠶᠣᠯ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠰᠠᠯᠠᠭ᠎ᠠ ᠮᠥᠴᠢᠷ ᠬᠥᠬᠡᠬᠤᠲᠠ ᠶᠢᠨ ᠮᠦᠽᠧᠢ ᠶᠢᠨ ᠬᠦᠷᠢᠶᠡᠯᠡᠩ ᠲᠠᠢ ᠬᠠᠮᠲᠤᠷᠠᠨ᠂ ᠨᠡᠶᠢᠳᠡᠮ ᠪᠠᠶᠢᠴᠠᠭᠠᠯᠲᠠ ᠶᠢᠨ ᠶᠡᠭᠡ ᠠᠩᠭᠢ ᠵᠣᠬᠢᠶᠠᠨ ᠪᠠᠶᠢᠭᠤᠯᠵᠤ ᠬᠤᠸᠠᠩᠾᠧ ᠪᠠᠯᠭᠠᠰᠤᠨ ᠳᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠤᠨ ᠪᠠᠶᠢᠴᠠᠭᠠᠯᠲᠠ ᠶᠢᠨ ᠬᠥᠰᠢᠭᠡ ᠶᠢ ᠡᠬᠢᠯᠡᠭᠦᠯᠪᠡ᠃
    ᠪᠠᠶᠢᠴᠠᠭᠠᠬᠤ ᠳᠤᠭᠤᠶᠢᠯᠠᠩ ᠬᠤᠸᠠᠩ ᠾᠧ ᠱᠣᠣ ᠪᠠᠯᠭᠠᠰᠤᠨ ᠤ ᠯᠣᠣ ᠵᠠᠩ ᠶᠣᠣ ᠲᠣᠰᠬᠤᠨ ᠳᠤ ᠬᠦᠷᠴᠦ᠂ ᠲᠤᠬᠠᠢ ᠶᠢᠨ ᠭᠠᠵᠠᠷ ᠤᠨ ᠳᠡᠰ ᠲᠣᠭᠲᠠᠭᠠᠭᠠᠳᠤᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠶᠢᠨ ︽ᠬᠠᠭᠤᠴᠢᠨ ᠵᠠᠩ ᠶᠣᠣ ᠰᠦᠮ᠎ᠡ ᠶᠢᠨ ᠪᠠᠭᠤᠷᠢ︾ ᠶᠢ ᠨᠡᠶᠢᠳᠡᠮ ᠪᠠᠶᠢᠴᠠᠭᠠᠬᠤ ᠠᠵᠢᠯ ᠢ ᠨᠢᠮᠪᠠᠢ ᠬᠢᠭᠰᠡᠨ ᠪᠠᠶᠢᠨ᠎ᠠ᠃ ᠴᠢᠩ ᠤᠯᠤᠰ ᠤᠨ ᠦᠶ᠎ᠡ ᠠᠴᠠ ᠡᠬᠢᠯᠡᠵᠦ ᠪᠠᠶᠢᠭᠤᠯᠤᠭᠰᠠᠨ ᠡᠨᠡᠬᠦ ᠡᠷᠲᠡᠨ ᠤ ᠰᠦᠮ᠎ᠡ ᠨᠢᠭᠡᠨ ᠦᠶ᠎ᠡ ᠨᠤᠷᠠᠬᠤ ᠰᠢᠬᠠᠭᠰᠠᠨ ᠪᠠᠶᠢᠨ᠎ᠠ᠃ 2017 ᠣᠨ ᠳᠤ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠮᠵᠢᠯᠭᠡ ᠳᠣᠣᠷ᠎ᠠ᠂ ᠲᠤᠰᠭᠠᠢ ᠪᠡᠯᠡ ᠮᠥᠩᠭᠦ ᠶᠢᠨ ᠣᠷᠣᠭᠤᠯᠤᠯᠲᠠ ᠪᠠ ᠨᠠᠷᠢᠨ ᠨᠢᠮᠪᠠᠢ ᠰᠡᠯᠪᠢᠨ ᠵᠠᠰᠠᠬᠤ ᠪᠠᠷ ᠳᠠᠮᠵᠢᠭᠠᠳ᠂ ᠣᠳᠣ ᠶᠢᠨ ᠯᠤᠤ ᠵᠠᠩ ᠶᠣᠣ ᠲᠣᠰᠭᠤᠨ ᠤ ᠲᠡᠦᠬᠡ ᠰᠣᠶᠣᠯ ᠤᠨ ᠴᠢᠬᠤᠯᠠ ᠪᠡᠯᠭᠡ ᠲᠡᠮᠳᠡᠭ ᠪᠣᠯᠵᠠᠢ᠃ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠨᠢ ᠯᠣᠣ ᠵᠠᠩ ᠶᠣᠣ ᠰᠦᠮ᠎ᠡ ᠶᠢᠨ ᠲᠡᠦᠬᠡ ᠶᠢᠨ ᠬᠤᠪᠢᠷᠠᠯᠲᠠ ᠶᠢ ᠨᠠᠷᠢᠨ ᠲᠡᠮᠳᠡᠭᠯᠡᠭᠰᠡᠨ ᠢᠶᠠᠷ ᠪᠠᠷᠠᠬᠤ ᠦᠭᠡᠢ᠂ ᠨᠠᠩ ᠴᠤ ᠬᠤᠶᠢᠰᠢᠳᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠠᠰᠢᠭᠯᠠᠬᠤ ᠠᠵᠢᠯ ᠳᠤ ᠪᠠᠲᠤ ᠪᠠᠬᠢ ᠰᠣᠶᠣᠯ ᠤᠨ ᠰᠠᠭᠤᠷᠢ ᠶᠢ ᠲᠠᠯᠪᠢᠭᠰᠠᠨ ᠪᠠᠶᠢᠨ᠎ᠠ᠃
           ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠪᠣᠯ ᠰᠠᠶᠢᠬᠠᠨ ᠲᠣᠭᠤᠷᠢᠭ ᠤᠨ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠵᠠᠰᠠᠭ ᠤᠨ ᠣᠷᠳᠣᠨ ᠤ ᠤᠷᠢᠶᠠᠯᠠᠭ᠎ᠠ ᠶᠢ ᠳᠠᠭᠠᠵᠤ᠂ ᠬᠠᠷᠢᠶᠠᠲᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠦᠨᠳᠦᠰᠦᠨ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠵᠤ᠂ ᠰᠣᠶᠣᠯ ᠤᠨ ᠡᠬᠢ ᠪᠠᠶᠠᠯᠢᠭ ᠢ ᠠᠮᠢᠳᠤᠯᠢᠭ ᠪᠣᠯᠭᠠᠨ ᠠᠰᠢᠭᠯᠠᠵᠤ᠂ ᠠᠷᠠᠳ ᠣᠯᠠᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠠᠪᠤᠳᠠᠯ ᠪᠣᠯᠣᠨ᠎ᠠ᠃ ᠰᠠᠶᠢᠬᠠᠨ ᠲᠣᠭᠤᠷᠢᠭ  ᠬᠤᠲᠠ ᠶᠢᠨ ᠳᠣᠲᠣᠷᠠᠬᠢ ᠰᠢᠯᠵᠢᠭᠦᠯᠵᠦ ᠪᠣᠯᠣᠰᠢ ᠦᠭᠡᠢ ᠲᠡᠦᠬᠡ ᠶᠢᠨ ᠳᠤᠷᠠᠰᠬᠠᠯᠲᠤ ᠵᠦᠢᠯ ᠤᠨ ᠲᠤᠭ᠎ᠠ ᠬᠡᠮᠵᠢᠶ᠎ᠡ ᠪᠠᠷ ᠬᠠᠮᠤᠭ ᠤᠨ ᠣᠯᠠᠨ ᠣᠷᠣᠨ ᠪᠣᠯᠤᠭᠰᠠᠨ ᠤ ᠬᠤᠪᠢ ᠳᠤ᠂ ᠡᠯ᠎ᠡ ᠱᠠᠲᠤᠨ ᠤ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠡ ᠨᠡᠶᠢᠲᠡ 157 ᠪᠠᠶᠢᠨ᠎ᠠ᠃ ᠲᠥᠯᠥᠪᠯᠡᠭᠡ ᠶᠣᠰᠣᠭᠠᠷ᠂ ᠬᠡᠭᠡᠷ᠎ᠡ ᠲᠠᠯ᠎ᠠ ᠶᠢᠨ ᠪᠠᠶᠢᠴᠠᠭᠠᠯᠲᠠ ᠶᠢᠨ ᠠᠵᠢᠯ ᠨᠢ ᠪᠥᠬᠦ ᠲᠣᠭᠤᠷᠢᠭ ᠤᠨ ᠨᠡᠶᠢᠲᠡᠯᠡᠭᠰᠡᠨ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠨᠢᠭᠡᠴᠢ ᠳᠤ ᠳᠠᠬᠢᠨ ᠬᠢᠨᠠᠯᠲᠠ ᠬᠢᠬᠦ ᠶᠢᠨ ᠬᠠᠮᠲᠤ ᠪᠠᠶᠢᠴᠠᠭᠠᠯᠲᠠ ᠶᠢᠨ ᠳᠤᠮᠳᠠ ᠰᠢᠨ᠎ᠡ ᠪᠠᠷ ᠢᠯᠡᠷᠡᠭᠦᠯᠬᠦ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠣᠶᠣᠯ ᠤᠨ ᠠᠭᠤᠯᠬᠤᠨ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠂ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ  ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号