ᠰᠠᠶᠢᠬᠠᠨ ᠲᠣᠭᠤᠷᠢᠭ ᠤᠨ ᠴᠠᠬᠢᠯᠭᠠᠨ ᠬᠦᠴᠦᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠭᠡ ᠶᠢᠨ ᠠᠵᠢᠯ ᠤᠨ ᠥᠷᠲᠡᠭᠡ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/6/27
       ᠣᠯᠠᠨ ᠲᠦᠮᠡᠨ ᠢ ᠬᠥᠲᠥᠯᠥᠨ ᠵᠢᠯᠤᠭᠤᠳᠴᠤ ︽ᠦᠨᠡᠨᠴᠢ ᠢᠲᠡᠭᠡᠮᠵᠢᠲᠡᠢ︾ ᠥᠷᠲᠡᠭ ᠤᠨ ᠤᠳᠤᠷᠢᠳᠤᠮᠵᠢ ᠶᠢ ᠪᠣᠶ ᠪᠣᠯᠭᠠᠵᠤ᠂ ᠰᠠᠶᠢᠬᠠᠨ ᠲᠣᠭᠤᠷᠢᠭ ᠤᠨ ᠵᠠᠷᠭᠤ ᠶᠢᠨ ᠪᠤᠰᠤ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢᠨ ᠬᠡᠷᠡᠭᠵᠢᠭᠦᠯᠦᠯᠲᠡ ᠪᠠ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠠᠬᠢᠭᠤᠯᠬᠤ ᠶᠢᠨ ᠲᠥᠯᠥᠭᠡ᠂ 6 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠴᠠᠬᠢᠯᠭᠠᠨ ᠬᠦᠴᠦᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠠᠵᠢᠯ ᠤᠨ ᠥᠷᠲᠡᠭᠡ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠳᠤ ᠵᠢᠩᠬᠢᠨᠢ ᠪᠠᠷ ᠫᠠᠶᠢᠰᠠ ᠡᠯᠭᠦᠨ ᠪᠠᠶᠢᠭᠤᠯᠤᠭᠳᠠᠪᠠ᠃
         ᠣᠶᠢᠯᠠᠭᠠᠭᠰᠠᠨ ᠢᠶᠠᠷ᠂ ᠬᠥᠬᠡᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠨᠢ ᠲᠤᠬᠠᠢ ᠶᠢᠨ ᠭᠠᠵᠠᠷ ᠤᠨ ᠭᠤᠣᠯ ᠴᠠᠬᠢᠯᠭᠠᠨ ᠬᠦᠴᠦᠨ ᠬᠠᠩᠭᠠᠬᠤ ᠠᠵᠤ ᠠᠬᠤᠶᠢᠯᠠᠯ ᠪᠣᠯᠤᠭᠰᠠᠨ ᠤ ᠬᠤᠪᠢ ᠳᠤ᠂ ᠲᠡᠭᠦᠨ ᠤ ᠬᠡᠷᠡᠭᠯᠡᠭᠴᠢ ᠨᠢ ᠮᠤᠨᠳᠠᠭ ᠶᠡᠭᠡ ᠪᠥᠭᠡᠳ ᠣᠯᠠᠨ ᠶᠠᠩᠵᠤ ᠶᠢᠨ ᠪᠠᠶᠢᠵᠤ᠂ ᠡᠷᠬᠡ ᠪᠠᠨ ᠬᠠᠮᠠᠭᠠᠯᠠᠬᠤ ᠦᠵᠡᠯ ᠤᠬᠠᠮᠰᠠᠷ  ᠨᠢ ᠴᠢᠩᠭ᠎ᠠ᠃ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠦᠷᠭᠡᠨ ᠠᠬᠢᠬᠤ ᠶᠢ ᠳᠠᠭᠠᠯᠳᠤᠨ᠂ ᠴᠠᠬᠢᠯᠭᠠᠨ ᠬᠦᠴᠦᠨ ᠤ ᠵᠢᠭᠤᠷᠠᠯᠳᠤᠭᠠᠨ ᠤ ᠬᠡᠷᠡᠭ ᠤᠨ ᠲᠤᠭ᠎ᠠ ᠬᠡᠮᠵᠢᠶ᠎ᠡ ᠵᠢᠯ ᠳᠠᠷᠠᠭᠠᠯᠠᠨ ᠳᠡᠭᠡᠭᠰᠢᠯᠡᠵᠦ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠵᠠᠬᠢᠳᠠᠯ ᠰᠣᠷᠪᠤᠯᠵᠢᠯᠠᠭ᠎ᠠ ᠪᠠ ᠵᠠᠷᠭᠤ ᠶᠢᠨ ᠳᠠᠷᠤᠯᠲᠠ ᠴᠦ ᠡᠳᠦᠷ ᠢᠷᠡᠬᠦᠶ᠎ᠡ ᠨᠡᠮᠡᠭᠳᠡᠵᠦ ᠪᠠᠶᠢᠨ᠎ᠠ᠃ ᠡᠨᠡ ᠬᠦ ᠪᠠᠶᠢᠳᠠᠯ ᠢ  ᠨᠠᠮᠳᠠᠭᠤᠯᠬᠤ ᠶᠢᠨ ᠲᠥᠯᠥᠭᠡ᠂ ᠬᠥᠬᠡᠬᠤᠲᠠ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ︽ᠴᠠᠬᠢᠯᠭᠠᠨ ᠬᠦᠴᠦᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠠᠵᠢᠯ ᠤᠨ ᠥᠷᠲᠡᠭᠡ︾ ᠳᠤ  ᠲᠦᠰᠢᠭᠯᠡᠨ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠰᠡᠷᠭᠡᠶᠢᠯᠡᠨ ᠱᠢᠢᠳᠪᠦᠷᠢᠯᠡᠨ᠎ᠡ᠃        ᠴᠠᠬᠢᠯᠭᠠᠨ ᠬᠦᠴᠦᠨ ᠤ ᠵᠢᠭᠤᠷᠠᠯᠳᠤᠭᠠᠨ ᠠᠷᠠᠳ ᠤᠨ ᠡᠶᠡᠳᠡᠭᠦᠯᠬᠦ ᠠᠵᠢᠯ ᠤᠨ ᠥᠷᠲᠡᠭᠡ ᠶᠢ ᠪᠠᠶᠢᠭᠤᠯᠤᠭᠰᠠᠨ  ᠨᠢ ᠰᠠᠶᠢᠬᠠᠨ ᠲᠣᠭᠤᠷᠢᠭ ᠤᠨ ᠶᠡᠭᠡ ᠡᠶᠡᠳᠡᠭᠦᠯᠭᠡ ᠶᠢᠨ ᠰᠢᠰᠲ᠋ᠧᠮ ᠢ ᠪᠠᠶᠢᠭᠤᠯᠬᠤ ᠶᠢᠨ ᠴᠢᠬᠤᠯᠠ ᠭᠤᠭᠴᠤᠭ᠎ᠠ ᠪᠣᠯᠬᠤ ᠪᠥᠭᠡᠳ ᠪᠠᠰᠠ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢᠨ ᠠᠮᠢᠳᠤᠯᠢᠭ ᠦᠢᠯᠡᠳᠦᠯᠭᠡ ᠪᠣᠯᠣᠨ᠎ᠠ᠃ ᠲᠡᠷᠡ ᠨᠢ ᠴᠠᠬᠢᠯᠭᠠᠨ ᠬᠦᠴᠦᠨ ᠤ ᠠᠵᠢᠯ ᠲᠥᠷᠥᠯ ᠤᠨ ᠵᠥᠷᠢᠴᠡᠯ ᠢ ᠨᠠᠷᠢᠯᠢᠭ ᠣᠨᠣᠴᠠᠲᠠᠢ ᠪᠠᠷ ᠵᠢᠭᠰᠠᠭᠠᠨ ᠪᠠᠶᠢᠴᠠᠭᠠᠵᠤ᠂ ᠵᠢᠭᠤᠷᠠᠯᠳᠤᠭᠠᠨ ᠢ ᠨᠠᠷᠢᠨ ᠨᠢᠮᠪᠠᠢ ᠰᠢᠢᠳᠪᠦᠷᠢᠯᠡᠨ᠂ ᠴᠠᠬᠢᠯᠭᠠᠨ ᠳᠤ ᠬᠤᠯᠪᠣᠭᠳᠠᠭᠰᠠᠨ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠬᠠᠤᠯᠢ ᠲᠣᠭᠲᠠᠭᠠᠯ ᠶᠣᠰᠣᠭᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃          ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠴᠠᠬᠢᠯᠭᠠᠨ ᠬᠦᠴᠦᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠠᠵᠢᠯ ᠤᠨ ᠥᠷᠲᠡᠭᠡ ᠪᠠᠶᠢᠭᠤᠯᠤᠭᠳᠠᠬᠤ ᠪᠠᠷ ᠠᠵᠠ ᠲᠣᠬᠢᠶᠠᠯ ᠪᠣᠯᠭᠠᠵᠤ᠂ ︽ᠦᠨᠡᠨᠴᠢ ᠢᠲᠡᠭᠡᠮᠵᠢ︾ ᠶᠢᠨ ᠣᠨᠣᠯᠵᠢᠬᠤᠨ ᠢ ᠡᠶᠡᠳᠡᠭᠦᠯᠬᠦ ᠠᠵᠢᠯ ᠤᠨ ᠡᠯ᠎ᠡ ᠱᠠᠲᠤᠨ ᠳᠤ ᠪᠥᠬᠦ ᠲᠠᠯ᠎ᠠ ᠪᠠᠷ ᠠᠭᠤᠰᠤᠯᠴᠠᠵᠤ᠂ ︽ᠦᠨᠡᠨᠴᠢ ᠢᠲᠡᠭᠡᠮᠵᠢᠲᠡᠢ ᠡᠶᠡᠳᠡᠭᠦᠯᠬᠦ︾ ᠵᠠᠭᠪᠤᠷ ᠢᠶᠠᠷ ᠳᠠᠮᠵᠢᠭᠤᠯᠤᠨ᠂ ᠴᠠᠬᠢᠯᠭᠠᠨ ᠬᠦᠴᠦᠨ ᠤ ᠵᠢᠭᠤᠷᠠᠯᠳᠤᠭᠠᠨ ᠤ ᠠᠷᠠᠳ ᠤᠨ ᠡᠶᠡᠳᠡᠭᠦᠯᠬᠦ ᠠᠵᠢᠯ ᠤᠨ ᠥᠷᠲᠡᠭᠡ ᠶᠢᠨ ᠠᠵᠢᠯ ᠤᠨ ᠶᠠᠪᠤᠴᠠ ᠶᠢ ᠰᠢᠯᠢᠳᠡᠭᠵᠢᠭᠦᠯᠬᠦ ᠪᠣᠯᠣᠨ᠎ᠠ᠃ ᠡᠭᠦᠨ ᠤ ᠬᠠᠮᠲᠤ᠂ ᠠᠵᠤ ᠠᠬᠤᠶᠢᠯᠠᠯ᠂ ᠨᠢᠭᠡᠴᠢ᠂ ᠪᠦᠯᠬᠦᠮ ᠨᠡᠶᠢᠲᠡ ᠶᠢᠨ ᠬᠢᠨ ᠤ ᠲᠤᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ ᠡᠶᠡᠳᠡᠭᠦᠯᠬᠦ ᠵᠣᠬᠢᠶᠠᠨ ᠪᠠᠶᠢᠭᠤᠯᠤᠯᠲᠠ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠪᠦᠬᠦ ᠲᠠᠯ᠎ᠠ ᠶᠢᠨ᠂ ᠪᠦᠬᠦᠨ ᠢ ᠬᠠᠮᠤᠷᠤᠭᠰᠠᠨ ᠡᠶᠡᠳᠡᠭᠦᠯᠬᠦ ᠲᠣᠣᠷ ᠰᠦᠯᠵᠢᠶ᠎ᠡ ᠶᠢ ᠪᠠᠶᠢᠭᠤᠯᠵᠤ᠂  ᠰᠠᠶᠢᠬᠠᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号