ᠭᠦᠭᠡᠬᠤᠲᠠ ᠶᠢᠨ ᠲᠦᠭᠦᠬᠡᠢ ᠰᠦ ᠶᠢᠨ ᠶᠠᠰᠤ ᠴᠢᠨᠠᠷ ᠤᠨ ᠭᠤᠣᠯ ᠭᠦᠢᠴᠡᠳᠬᠡᠯ ᠲᠤᠭ᠎ᠠ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠴᠡᠢ
ᠨᠡᠶᠢᠲᠡᠯᠡᠭᠰᠡᠨ ᠴᠠᠭ᠄
2024/6/27
     ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠳᠤᠰᠬᠤᠨ ᠮᠠᠯᠵᠢᠬᠤ ᠣᠷᠣᠨ ᠤ ᠲᠣᠪᠴᠢᠶ᠎ᠠ  ᠠᠴᠠ ᠣᠶᠢᠯᠠᠭᠠᠭᠰᠠᠨ ᠢᠶᠠᠷ᠂ ᠭᠦᠭᠡᠬᠤᠲᠠ ᠡᠪᠡᠰᠦ ᠳᠠᠷᠢᠬᠤ᠂ ᠡᠭᠦᠯᠳᠡᠷ ᠪᠣᠶᠢᠵᠢᠭᠤᠯᠬᠤ᠂ ᠲᠡᠵᠢᠭᠡᠨ ᠦᠷᠡᠵᠢᠭᠦᠯᠬᠦ᠂ ᠦᠢᠯᠡᠳᠪᠦᠷᠢᠯᠡᠬᠦ ᠪᠠ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠰᠦ ᠶᠢᠨ ᠦᠢᠯᠡᠰ ᠤᠨ ᠪᠦᠭᠦ ᠠᠵᠤ ᠦᠢᠯᠡᠰ  ᠤᠨ ᠬᠡᠯᠬᠢᠶ᠎ᠡ ᠳᠤ ᠰᠢᠨ᠎ᠡ ᠶᠢ ᠡᠭᠦᠳᠴᠦ᠂ ᠪᠣᠬᠢᠷᠳᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠦ᠂ ᠰᠢᠨᠵᠢᠯᠡᠬᠦ ᠤᠬᠠᠭᠠᠨᠴᠢ᠂ ᠣᠶᠤᠨᠴᠢᠯᠠᠭᠰᠠᠨ ᠰᠦ ᠶᠢᠨ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠦᠭᠦ ᠲᠠᠯ᠎ᠠ ᠪᠠᠷ ᠪᠦᠷᠢᠯᠳᠦᠭᠦᠯᠵᠦ ᠪᠤᠢ᠃     ᠣᠶᠢᠷ᠎ᠠ ᠶᠢᠨ ᠵᠢᠯ ᠳᠤ ᠭᠦᠭᠡᠬᠤᠲᠠ ᠲᠡᠵᠢᠭᠡᠯ ᠡᠪᠡᠰᠦ ᠪᠣᠷᠳᠤᠭ᠎ᠠ ᠶᠢᠨ ᠰᠤᠳᠤᠯᠭᠠᠨ ᠪᠠ ᠰᠥᠯ ᠰᠠᠶᠢᠲᠠᠢ ᠡᠪᠡᠰᠦ ᠪᠣᠷᠳᠤᠭ᠎ᠠ ᠶᠢᠨ ᠲᠠᠷᠢᠮᠠᠯ ᠤᠨ ᠠᠰᠠᠭᠤᠳᠠᠯ ᠢ ᠪᠦᠭᠦ ᠲᠠᠯ᠎ᠠ ᠪᠠᠷ ᠬᠦᠴᠦᠯᠡᠨ ᠰᠢᠢᠳᠪᠦᠷᠢᠯᠡᠵᠦ᠂ ᠰᠥᠯ ᠰᠠᠶᠢᠲᠠᠢ ᠴᠠᠷᠭᠠᠰᠤ᠂ ᠬᠥᠬᠡ ᠳᠠᠷᠤᠰᠢ ᠪᠣᠯᠣᠨ ᠲᠤᠬᠠᠢ ᠶᠢᠨ ᠭᠠᠵᠠᠷ ᠤᠨ ᠪᠦᠳᠦᠭᠦᠯᠢᠭ ᠪᠣᠷᠳᠤᠭ᠎ᠠ ᠵᠡᠷᠭᠡ ᠶᠢ ᠥᠷᠭᠡᠨ ᠢᠶᠠᠷ ᠳᠡᠯᠭᠡᠷᠡᠭᠦᠯᠵᠦ᠂ ᠣᠳᠣᠬᠠᠨ ᠪᠤᠯᠳᠠᠯ᠎ᠠ ᠪᠦᠭᠦ ᠬᠤᠲᠠ ᠪᠠᠷ ᠢᠶᠠᠨ ᠨᠡᠶᠢᠳᠡ 145 ᠲᠦᠮᠡᠨ ᠮᠦ ᠶᠢᠨ ᠡᠪᠡᠰᠦ ᠪᠣᠷᠳᠣᠭᠠᠨ ᠤ ᠰᠠᠭᠤᠷᠢᠨ ᠢ ᠪᠦᠲᠦᠭᠡᠨ ᠪᠠᠶᠢᠭᠤᠯᠵᠤ᠂ ᠲᠡᠵᠢᠭᠡᠯ ᠡᠪᠡᠰᠦ ᠶᠢᠨ ᠥᠪᠡᠷ ᠢ ᠪᠠᠨ ᠬᠠᠩᠭᠠᠬᠤ ᠨᠣᠷᠮ᠎ᠠ 80% ᠳᠤ ᠬᠦᠷᠴᠡᠢ᠃ ᠳᠠᠭᠠᠭᠤᠯᠤᠭᠴᠢ ᠠᠵᠤ ᠠᠬᠤᠶᠢᠯᠠᠯ ᠤᠨ ᠪᠡᠯᠡ ᠮᠥᠩᠭᠦ᠂ ᠮᠡᠷᠭᠡᠵᠢᠯ ᠤᠨ ᠦᠢᠯᠡᠴᠢᠯᠡᠭᠡ ᠪᠠ ᠰᠠᠶᠢᠨ ᠡᠭᠦᠯᠳᠡᠷ ᠤᠨ ᠰᠠᠭᠠᠯᠢ ᠶᠢᠨ ᠦᠨᠢᠶᠡᠨ ᠤ ᠡᠬᠢ ᠪᠠᠶᠠᠯᠢᠭ ᠵᠡᠷᠭᠡ ᠲᠠᠯ᠎ᠠ ᠶᠢᠨ ᠳᠠᠪᠠᠭᠤᠯᠢᠭ  ᠢ ᠪᠠᠳᠠᠷᠠᠭᠤᠯᠤᠨ᠂ ᠤᠯᠤᠰ ᠤᠨ ᠳᠣᠲᠣᠭᠠᠳᠤ ᠶᠢᠨ ᠭᠡᠷ ᠤᠨ ᠲᠡᠵᠢᠭᠡᠪᠦᠷᠢ ᠶᠢᠨ ᠡᠭᠦᠯᠳᠡᠷ ᠪᠣᠶᠢᠵᠢᠭᠤᠯᠬᠤ ᠠᠮᠢᠳᠤ ᠪᠣᠳᠠᠰ ᠤᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠪᠠ ᠬᠡᠷᠡᠭᠯᠡᠯᠲᠡ ᠶᠢ ᠦᠷᠭᠦᠯᠵᠢᠯᠡᠨ ᠠᠬᠢᠭᠤᠯᠵᠤ᠂ ᠣᠳᠣᠬᠠᠨ  ᠳᠤ ᠨᠢᠭᠡᠨᠲᠡ ᠤᠯᠤᠰ ᠤᠨ ᠲᠠᠰ ᠤᠨ ᠰᠠᠭᠠᠯᠢ ᠶᠢᠨ ᠦᠨᠢᠶᠡᠨ ᠤ ᠭᠤᠣᠯ ᠡᠭᠦᠯᠳᠡᠷ ᠪᠣᠶᠢᠵᠢᠭᠤᠯᠬᠤ 2 ᠲᠠᠯᠠᠪᠠᠶ᠂ 1 ᠪᠤᠬ᠎ᠠ ᠲᠡᠵᠢᠭᠡᠬᠦ ᠥᠷᠲᠡᠭᠡ᠂ ᠰᠠᠭᠠᠯᠢ ᠶᠢᠨ ᠦᠨᠢᠶ᠎ᠡ ᠶᠢ ᠥᠷᠭᠡᠳᠬᠡᠨ ᠦᠷᠡᠵᠢᠭᠦᠯᠬᠦ 16 ᠲᠠᠯᠠᠪᠠᠶ ᠪᠠᠶᠢᠭᠤᠯᠤᠨ᠂ ᠬᠦᠢᠰᠦ ᠶᠢᠨ ᠢᠯᠭᠠᠯ ᠢ ᠡᠵᠡᠮᠳᠡᠭᠰᠡᠨ ᠢᠴᠡᠭᠡᠯ ᠦᠷ᠎ᠡ ᠶᠢᠨ ᠦᠢᠯᠡᠳᠪᠦᠷᠢᠯᠡᠯ ᠤᠨ ᠪᠦᠭᠦ ᠤᠯᠤᠰ ᠤᠨ ᠬᠠᠮᠤᠭ ᠤᠨ ᠲᠣᠮᠣ ᠰᠠᠭᠤᠷᠢᠨ ᠢ ᠪᠦᠲᠦᠭᠡᠨ ᠪᠠᠶᠢᠭᠤᠯᠵᠤ᠂ ᠰᠠᠭᠠᠯᠢ ᠶᠢᠨ ᠦᠨᠢᠶᠡᠨ ᠤ ᠦᠷ᠎ᠡ ᠶᠢᠨ ᠢᠷᠡᠯᠲᠡ ᠶᠢᠨ ᠲᠠᠯ᠎ᠠ ᠪᠠᠷ ᠪᠡᠶ᠎ᠡ ᠪᠠᠨ ᠳᠠᠭᠠᠭᠠᠨ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠵᠡᠢ᠃ ᠲᠣᠮᠣ ᠳ᠋ᠠᠶᠢᠲ᠋ᠠ᠂ ᠪᠣᠳᠠᠰ ᠤᠨ ᠰᠦᠯᠵᠢᠶ᠎ᠡ᠂ 5G ᠪᠠ ᠵᠣᠬᠢᠶᠠᠮᠠᠯ ᠤᠶᠤᠨ ᠴᠢᠳᠠᠪᠤᠷᠢ ᠵᠡᠷᠭᠡ ᠲᠡᠷᠢᠭᠦᠨ ᠤ ᠮᠡᠷᠭᠡᠵᠢᠯ ᠳᠤ ᠲᠦᠰᠢᠭᠯᠡᠨ ᠣᠶᠤᠨᠴᠢᠯᠠᠭᠰᠠᠨ᠂ ᠲᠣᠭᠠᠴᠢᠯᠠᠭᠰᠠᠨ ᠲᠥᠬᠦᠭᠡᠷᠦᠮᠵᠢ ᠶᠢ ᠪᠦᠭᠦ ᠬᠤᠳᠠ ᠶᠢᠨ ᠢᠶᠠᠨ ᠡᠯ᠎ᠡ ᠶᠡᠭᠡ ᠰᠦ ᠶᠢᠨ ᠠᠵᠤ ᠠᠬᠤᠶᠢᠯᠠᠯ ᠳᠤ ᠬᠡᠷᠡᠭᠯᠡᠵᠦ᠂ ᠰᠠᠭᠠᠯᠢ ᠶᠢᠨ ᠦᠨᠢᠶᠡᠨ ᠤ ᠲᠣᠬᠢᠯᠢᠭ ᠲᠠᠭᠠᠯᠠᠮᠵᠢᠲᠠᠢ᠂ ᠠᠮᠤᠷ ᠲᠦᠪᠰᠢᠨ᠂ ᠴᠡᠪᠡᠷ ᠲᠣᠬᠢᠯᠢᠭ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠢ ᠪᠤᠢ ᠪᠣᠯᠭᠠᠨ᠂ ᠲᠦᠭᠦᠬᠡᠢ ᠰᠦ ᠶᠢᠨ ᠶᠠᠰᠤ ᠴᠢᠨᠠᠷ ᠪᠠ ᠭᠠᠷᠤᠯᠲᠠ ᠶᠢ ᠳᠡᠭᠡᠭᠰᠢᠯᠡᠭᠦᠯᠪᠡ᠃ ᠣᠳᠣᠬᠠᠨ ᠳᠤ ᠭᠦᠭᠡᠬᠤᠲᠠ ᠨᠢᠭᠡᠨᠲᠡ 143 ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠶ ᠪᠠᠶᠢᠭᠤᠯᠵᠤ᠂ ᠰᠦ ᠶᠢᠨ ᠭᠠᠷᠤᠯᠲᠠ 200 ᠲᠦᠮᠡᠨ ᠲᠣᠨ ᠢ ᠳᠠᠪᠠᠵᠤ᠂ ᠲᠦᠭᠦᠬᠡᠢ ᠰᠦ ᠶᠢᠨ ᠶᠠᠰᠤ ᠴᠢᠨᠠᠷ ᠤᠨ ᠭᠤᠣᠯ ᠭᠦᠢᠴᠡᠳᠬᠡᠯ ᠲᠤᠭ᠎ᠠ ᠳᠡᠯᠡᠬᠡᠢ ᠶᠢᠨ ᠲᠡᠷᠢᠭᠦᠨ ᠤ ᠲᠦᠪᠰᠢᠨ ᠳᠤ ᠬᠦᠷᠴᠡᠢ᠃      ᠭᠦᠭᠡᠬᠤᠳᠠ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢᠶᠠᠷ ᠭᠤᠣᠯ ᠪᠤᠯᠭᠠᠬᠰᠠᠨ ᠰᠢᠨ᠎ᠡ ᠶᠢ ᠡᠭᠦᠳᠬᠦ ᠲᠠᠪᠴᠠᠩ ᠢᠶᠠᠷ ᠲᠠᠮᠵᠢᠨ ᠪᠦᠭᠦ ᠬᠤᠳᠠ ᠶᠢᠨ ᠢᠶᠠᠨ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠦᠴᠦᠲᠡᠢ ᠲᠤᠯᠭᠠᠭᠤᠷᠢᠯᠠᠯ ᠬᠠᠩᠭᠠᠵᠤ ᠪᠤᠢ᠃ ᠲᠣᠰ ᠲᠥᠪ 2022 ᠣᠨ ᠳᠤ ᠪᠠᠶᠢᠭᠤᠯᠤᠭᠳᠠᠵᠤ᠂ ᠤᠳᠤ 10 ᠭᠠᠷᠤᠢ ᠠᠺᠠᠳᠧᠮᠢᠴᠢ ᠪᠠ 5000 ᠭᠠᠷᠤᠢ ᠬᠥᠮᠥᠨ ᠢᠶᠠᠷ ᠪᠦᠷᠢᠯᠳᠦᠭᠰᠡᠨ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶᠡᠨ ᠤ ᠰᠢᠨ᠎ᠡ ᠶᠢ ᠡᠭᠦᠳᠬᠦ ᠡᠩᠨᠡᠭᠡ ᠶᠢ ᠪᠦᠷᠢᠯᠳᠦᠭᠦᠯᠵᠦ᠂ ᠰᠠᠭᠠᠯᠢ ᠶᠢᠨ ᠦᠨᠢᠶ᠎ᠡ ᠶᠢᠨ ᠡᠭᠦᠯᠳᠡᠷ ᠪᠣᠶᠢᠵᠢᠭᠤᠯᠬᠤ ᠵᠡᠷᠭᠡ ᠠᠵᠢᠯ ᠤᠨ ᠲᠣᠭᠤᠷᠢᠨ  ᠳᠤ ᠨᠡᠶᠢᠲᠡ 98 ᠵᠦᠢᠯ ᠤᠨ ᠮᠡᠷᠭᠡᠵᠢᠯ ᠤᠨ ᠦᠷ᠎ᠡ ᠪᠦᠲᠦᠭᠡᠯ ᠢ ᠰᠤᠳᠤᠯᠤᠨ ᠭᠠᠷᠭᠠᠪᠠ᠃ ᠡᠭᠦᠨ ᠳᠤ ᠰᠦ ᠰᠠᠶᠢᠲᠠᠢ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠢ ᠡᠵᠡᠮᠳᠡᠬᠦ ᠭᠦᠪᠦᠷᠡᠯ ᠤᠨ ᠦᠢᠯᠡᠳᠪᠦᠷᠢᠯᠡᠯ ᠤᠨ ᠮᠡᠷᠭᠡᠵᠢᠯ ᠢ ᠳᠠᠭᠢᠨ ᠳᠠᠪᠲᠠᠨ ᠰᠢᠨᠡᠳᠬᠡᠵᠦ᠂ ᠭᠦᠪᠤᠷᠡᠯ ᠰᠢᠯᠵᠢᠭᠦᠯᠦᠨ ᠲᠤᠰᠴᠦ ᠪᠣᠶᠢᠵᠢᠭᠤᠯᠤᠭᠰᠠᠨ ᠰᠠᠭᠠᠯᠢ ᠶᠢᠨ ᠦᠨᠢᠶᠡᠨ ᠤ ᠵᠢᠯ ᠤᠨ ᠰᠦ ᠶᠢᠨ ᠭᠠᠷᠤᠯᠲᠠ ᠶᠢ 14 ᠲᠣᠨ ᠳᠤ ᠬᠦᠷᠭᠡᠨ᠂ 50% ᠪᠠᠷ ᠨᠡᠮᠡᠭᠳᠡᠭᠦᠯᠦᠭᠰᠡᠨ ᠪᠠᠶᠢᠨ᠎ᠠ᠃      ᠤᠳᠤ ᠭᠦᠭᠡᠬᠤᠲᠠ ᠠᠵᠤ ᠦᠢᠯᠡᠰ ᠤᠨ ᠲᠥᠪᠯᠡᠷᠡᠯ ᠤᠨ ᠬᠡᠮᠵᠢᠶ᠎ᠡ ᠪᠠ ᠠᠮᠢᠵᠢᠷᠠᠯ ᠤᠨ ᠬᠦᠴᠦᠨ ᠢᠶᠠᠷ ᠣᠷᠣᠶᠢᠯᠠᠭᠰᠠᠨ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ ᠲᠠᠢ ᠪᠣᠯᠵᠤ᠂ ᠢᠯᠢ ᠪᠠ ᠮᠧᠩ ᠨᠢᠦ ᠭᠡᠬᠦ ᠮᠢᠩᠭᠠᠨ ᠳ᠋ᠦᠩᠰᠢᠭᠤᠷ ᠲᠠᠰ ᠤᠨ ᠴᠠᠭᠠᠨ ᠢᠳᠡᠭᠡᠨ ᠪᠤᠯᠪᠠᠰᠤᠷᠠᠭᠤᠯᠬᠤ ᠬᠤᠶᠠᠷ ᠲᠣᠮᠣ ᠠᠵᠤ ᠠᠬᠤᠶᠢᠯᠠᠯ ᠢ ᠪᠣᠶᠢᠵᠢᠭᠤᠯᠤᠭᠰᠠᠨ ᠢᠶᠠᠷ ᠪᠠᠷᠠᠬᠤ ᠦᠭᠡᠢ᠂ ᠴᠠᠭᠠᠨ ᠢᠳᠡᠭᠡᠨ ᠤ 193 ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ ᠢ ᠴᠤᠭᠯᠠᠷᠠᠭᠤᠯᠵᠤ᠂ 2023 ᠣᠨ ᠳᠤ ᠰᠦ ᠶᠢᠨ ᠦᠢᠯᠡᠰ ᠤᠨ ᠪᠦᠭᠦ ᠠᠵᠤ ᠦᠢᠯᠡᠰ ᠤᠨ ᠬᠡᠯᠬᠢᠶ᠎ᠡ  ᠶᠢᠨ ᠡᠵᠡᠩᠨᠡᠯᠲᠡ ᠶᠢᠨ ᠣᠷᠣᠯᠭ᠎ᠠ ᠨᠢ 2560 ᠳ᠋ᠦᠩᠰᠢᠭᠤᠷ ᠲᠥᠭᠦᠷᠢᠭ ᠲᠤ ᠭᠦᠷᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号