ᠡᠪᠡᠰᠦ ᠠᠷᠢᠯᠭᠠᠬᠤ ᠣᠶᠤᠨᠲᠤ ᠮᠠᠰᠢᠨ ᠬᠥᠮᠥᠨ ᠠᠵᠢᠯ ᠳᠠᠭᠠᠨ ᠭᠠᠷᠤᠯ᠎ᠠ
ᠨᠡᠶᠢᠲᠡᠯᠡᠭᠰᠡᠨ ᠴᠠᠭ᠄
2024/6/27
    ᠣᠶᠢᠷ᠎ᠠ ᠳᠤ᠂ ᠮᠠᠨ ᠤ ᠣᠷᠣᠨ ᠤ ᠠᠩᠬᠠᠳᠠᠭᠴᠢ ᠡᠪᠡᠰᠦ ᠠᠷᠢᠯᠭᠠᠬᠤ ᠣᠶᠤᠨᠲᠤ ᠮᠠᠰᠢᠨ ᠬᠥᠮᠥᠨ ᠢ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠲᠤ ᠵᠢᠩᠬᠢᠨᠢ ᠪᠠᠷ ᠠᠰᠢᠭᠯᠠᠵᠤ ᠡᠬᠢᠯᠡᠯ᠎ᠡ᠃     ᠰᠤᠷᠪᠤᠯᠵᠢᠯᠠᠬᠴᠢ ᠵᠢᠯᠣᠭᠤᠴᠢ ᠦᠭᠡᠢ ᠮᠠᠰᠢᠨ ᠬᠥᠮᠥᠨ ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ 80 ᠮᠦ ᠬᠢᠲᠠᠳ ᠡᠪᠡᠰᠦᠨ ᠡᠮ ᠤᠨ ᠲᠤᠷᠰᠢᠯᠲᠠ  ᠶᠢᠨ ᠲᠠᠷᠢᠶᠠᠨ ᠳᠤ ᠡᠪᠡᠰᠦ ᠠᠷᠢᠯᠭᠠᠬᠤ ᠠᠵᠢᠯ ᠬᠢᠵᠦ ᠪᠠᠶᠢᠬᠤ ᠶᠢ ᠣᠯᠵᠤ ᠬᠠᠷᠠᠪᠠ᠃ ᠡᠨᠡ ᠬᠦ ᠣᠶᠤᠨᠲᠤ ᠡᠪᠡᠰᠦ ᠠᠷᠢᠯᠭᠠᠬᠤ ᠮᠠᠰᠢᠨ ᠬᠥᠮᠥᠨ ᠯᠠᠶᠢᠰᠧᠷ᠂ ᠭᠡᠷᠡᠯᠲᠦᠭᠦᠯᠭᠡ ᠶᠢᠨ ᠳ᠋ᠧᠩ ᠪᠠ ᠥᠨᠳᠥᠷ ᠢᠯᠭᠠᠮᠵᠢᠲᠤ ᠳᠦᠷᠰᠦ ᠰᠢᠩᠭᠡᠭᠡᠬᠦ ᠮᠠᠰᠢᠨ ᠤᠭᠰᠠᠷᠠᠵᠠᠢ᠃     ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠯᠠᠭᠠᠨ ᠳᠠᠷᠤᠭ᠎ᠠ ᠵᠣᠣ ᠢᠦᠢ ᠺᠠᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠤᠨ ᠬᠢᠲᠠᠳ ᠡᠪᠡᠰᠦᠨ ᠡᠮ ᠤᠨ ᠲᠠᠷᠢᠶᠠᠨ ᠳᠠᠬᠢ ᠡᠪᠡᠰᠦ ᠠᠷᠢᠯᠭᠠᠬᠤ ᠲᠤᠷᠰᠢᠯᠲᠠ ᠪᠠᠷ ᠲᠠᠮᠵᠢᠨ᠂ ᠣᠶᠤᠨᠲᠤ ᠡᠪᠡᠰᠦ ᠠᠷᠢᠯᠭᠠᠬᠤ ᠮᠠᠰᠢᠨ ᠬᠥᠮᠥᠨ ᠢᠶᠠᠷ ᠡᠪᠡᠰᠦ ᠠᠷᠢᠯᠭᠠᠬᠤ ᠨᠢ ᠡᠪᠡᠰᠦ ᠠᠷᠢᠯᠭᠠᠬᠤ ᠡᠮ ᠰᠦᠷᠴᠢᠬᠦ᠂ ᠬᠥᠮᠥᠨ ᠤ ᠬᠦᠴᠦ ᠪᠠᠷ ᠦᠭᠲᠡᠭᠡᠵᠦ ᠠᠷᠢᠯᠭᠠᠬᠤ ᠵᠡᠷᠭᠡ ᠤᠯᠠᠮᠵᠢᠯᠠᠯᠲᠤ ᠠᠷᠭ᠎ᠠ ᠲᠠᠢ ᠬᠠᠷᠢᠴᠠᠭᠤᠯᠪᠠᠯ᠂ ᠲᠡᠭᠦᠨ ᠤ ᠡᠪᠡᠰᠦ ᠶᠢ ᠢᠯᠭᠠᠨ ᠲᠠᠨᠢᠬᠤ  ᠪᠠ ᠠᠷᠢᠯᠭᠠᠬᠤ ᠨᠣᠷᠮ᠎ᠠ ᠨᠢ 95% ᠠᠴᠠ ᠳᠡᠭᠡᠭᠰᠢ ᠳᠤ ᠬᠦᠷᠴᠦ᠂ ᠮᠥᠷ ᠤᠨ ᠬᠤᠭᠤᠷᠣᠨᠳᠤ / ᠴᠢᠬᠢ ᠶᠢᠨ ᠬᠤᠭᠤᠷᠣᠨᠳᠤ ᠲᠠᠷᠢᠶᠠᠨ ᠴᠢᠬᠢ ᠶᠢ ᠭᠡᠮᠲᠦᠭᠡᠬᠦ ᠨᠣᠷᠮ᠎ᠠ 5% ᠠᠴᠠ ᠪᠠᠭ᠎ᠠ ᠪᠠᠶᠢᠨ᠎ᠠ᠃ ᠥᠪᠡᠷ ᠤᠨ ᠥᠷᠲᠡᠭ ᠠᠴᠠ ᠠᠪᠴᠤ ᠦᠵᠡᠪᠡᠯ᠂ ᠣᠶᠤᠨᠲᠤ ᠡᠪᠡᠰᠦ ᠠᠷᠢᠯᠭᠠᠬᠤ ᠮᠠᠰᠢᠨ ᠬᠥᠮᠥᠨ ᠢ ᠬᠥᠮᠥᠨ ᠤ ᠬᠦᠴᠦ ᠪᠠᠷ ᠡᠪᠡᠰᠦ ᠠᠷᠢᠯᠭᠠᠬᠤ ᠲᠠᠢ ᠬᠠᠷᠢᠴᠠᠭᠤᠯᠪᠠᠯ ᠮᠦ ᠪᠦᠷᠢ ᠳᠤ 1000 ᠲᠥᠭᠦᠷᠢᠭ ᠠᠷᠪᠢᠯᠠᠨ᠎ᠠ; ᠦᠷ᠎ᠡ ᠪᠦᠲᠦᠮᠵᠢ ᠶᠢᠨ ᠲᠠᠯ᠎ᠠ ᠪᠠᠷ᠂ ᠴᠠᠭ ᠪᠦᠷᠢ 1 ᠮᠦ ᠡᠪᠡᠰᠦ ᠠᠷᠢᠯᠭᠠᠵᠤ ᠬᠥᠮᠥᠨ ᠤ ᠬᠦᠴᠦ ᠶᠢᠨ 20 ᠳᠠᠭᠢᠨ ᠪᠠᠶᠢᠳᠠᠭ ᠭᠡᠵᠦ ᠲᠠᠨᠢᠯᠴᠠᠭᠤᠯᠤᠯ᠎ᠠ᠃     ᠡᠨᠡ ᠬᠦ ᠣᠶᠤᠨᠲᠤ ᠡᠪᠡᠰᠦ ᠠᠷᠢᠯᠭᠠᠬᠤ ᠮᠠᠰᠢᠨ ᠬᠥᠮᠥᠨ ᠢ ᠥᠪᠥᠷ ᠮᠣᠩᠭᠤᠯ ᠤᠨ ᠪᠠ ᠵᠤᠸᠠ ᠣᠶᠤᠨᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠴᠢᠩᠬᠤᠸᠠ ᠶᠡᠭᠡ ᠰᠤᠷᠭᠠᠭᠤᠯᠢ ᠶᠢᠨ 5 ᠳ᠋ᠣᠺᠲ᠋ᠣᠷ ᠪᠣᠯᠣᠨ ᠲᠠᠷᠢᠶᠠᠯᠠᠩ ᠤᠨ ᠬᠦᠷᠢᠶᠡᠨ ᠤ ᠣᠯᠠᠨ ᠲᠤᠰᠬᠠᠢ ᠮᠡᠷᠭᠡᠵᠢᠯᠲᠡᠨ ᠲᠠᠢ ᠬᠠᠮᠲᠤᠷᠠᠨ ᠰᠤᠳᠤᠯᠤᠨ ᠦᠢᠯᠡᠳᠪᠡ᠃ ᠴᠢᠩᠬᠤᠸᠠ ᠶᠡᠭᠡ ᠰᠤᠷᠭᠠᠭᠤᠯᠢ ᠶᠢᠨ ᠰᠢᠨ᠎ᠡ ᠶᠢ ᠡᠭᠦᠳᠬᠦ ᠳᠠᠭᠠᠭᠤᠯᠤᠭᠴᠢ ᠢᠨᠵᠧᠨᠧᠷᠢᠩ ᠤᠨ ᠳ᠋ᠣᠺᠲ᠋ᠣᠷ ᠶᠠᠩ ᠶᠦᠨ ᠹᠧᠢ ᠰᠤᠷᠪᠤᠯᠵᠢᠯᠠᠬᠴᠢ ᠳᠤ ᠬᠡᠯᠡᠬᠦ ᠳᠡᠭᠡᠨ᠂ ᠣᠳᠣᠬᠢ ᠱᠠᠲᠤᠨ ᠳᠤ ᠡᠪᠡᠰᠦ ᠠᠷᠢᠯᠭᠠᠬᠤ ᠣᠶᠤᠨᠲᠤ ᠮᠠᠰᠢᠨ ᠬᠥᠮᠥᠨ ᠭᠤᠣᠯᠳᠠᠭᠤ ᠬᠢᠲᠠᠳ ᠡᠪᠡᠰᠦᠨ ᠡᠮ ᠤᠨ ᠲᠠᠷᠢᠶᠠᠨ ᠭᠠᠵᠠᠷ ᠤᠨ ᠡᠪᠡᠰᠦ ᠠᠷᠢᠯᠭᠠᠬᠤ ᠠᠵᠢᠯ ᠢ ᠬᠢᠵᠦ ᠪᠤᠶ᠂ ᠬᠤᠵᠢᠮ ᠠᠳᠠᠯᠢ ᠪᠤᠰᠤ ᠲᠠᠷᠢᠮᠠᠯ ᠤᠨ ᠵᠠᠭᠪᠤᠷ ᠢ ᠪᠤᠯᠪᠠᠰᠤᠷᠠᠭᠤᠯᠬᠤ ᠪᠠᠷ ᠳᠠᠮᠵᠢᠭᠤᠯᠤᠨ ᠨᠠᠷᠢᠮᠤ᠂ ᠲᠥᠮᠥᠰᠥ ᠵᠡᠷᠭᠡ ᠣᠯᠠᠨ ᠵᠦᠢᠯ ᠤᠨ ᠲᠠᠷᠢᠮᠠᠯ ᠤᠨ ᠡᠪᠡᠰᠦ ᠶᠢ ᠠᠷᠢᠯᠭᠠᠬᠤ ᠳᠤ ᠬᠡᠷᠡᠭᠯᠡᠵᠦ ᠪᠣᠯᠣᠨ᠎ᠠ ᠭᠡᠵᠡᠢ᠃ ᠣᠶᠢᠷ᠎ᠠ ᠳᠤ᠂ ᠲᠤᠰ ᠠᠵᠤ ᠠᠬᠤᠶᠢᠯᠠᠯ ᠨᠢ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠪᠦᠯᠦᠭᠯᠡᠯ ᠲᠠᠢ 1200 ᠮᠦ ᠵᠠᠬᠢᠶᠠᠯᠠᠭ᠎ᠠ ᠶᠢᠨ ᠭᠡᠷ᠎ᠡ ᠲᠣᠭᠲᠠᠵᠤ᠂ ᠪᠦᠭᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢ ᠲᠠᠢ 100 ᠭᠠᠷᠤᠢ ᠲᠥᠬᠦᠭᠡᠷᠦᠮᠵᠢ ᠶᠢᠨ ᠵᠠᠬᠢᠶᠠᠯᠠᠭ᠎ᠠ ᠶᠢᠨ ᠭᠡᠷ᠎ᠡ ᠲᠣᠭᠲᠠᠪᠠ᠃ 2025 ᠣᠨ ᠪᠤᠯᠬᠤ ᠳᠤ᠂ 500 - 1000 ᠰᠠᠤᠷᠢ ᠦᠢᠯᠡᠳᠪᠦᠷᠢᠯᠡᠵᠦ᠂ ᠠᠵᠢᠯᠯᠠᠬᠤ ᠲᠠᠯᠠᠪᠠᠢ ᠶᠢ 10 - 20 ᠲᠦᠮᠡᠨ ᠮᠦ ᠳᠤ ᠬᠦᠷᠭᠡᠬᠦ ᠪᠠᠷ ᠲᠥᠯᠥᠪᠯᠡᠵᠦ ᠪᠤᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号