ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠪᠦᠬᠦ ᠲᠣᠭᠤᠷᠢᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/28
        6 ᠰᠠᠷ᠎ᠠ ᠶᠢᠨ 27 ᠤ ᠡᠳᠦᠷ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ ᠪᠥᠬᠦ ᠲᠣᠭᠤᠷᠢᠭ ᠤᠨ ᠤᠳᠤᠷᠢᠳᠬᠤ ᠺᠠᠳ᠋ᠷ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠯᠢ ᠰᠢᠶᠣᠣ ᠶᠠᠨ ᠬᠤᠷᠠᠯ ᠢ ᠡᠷᠭᠢᠯᠡᠭᠰᠡᠨ ᠪᠥᠭᠡᠳ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃           ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠵᠡᠷᠭᠡ ᠤᠳᠤᠷᠢᠳᠬᠤ ᠨᠥᠬᠦᠳ ᠬᠤᠷᠠᠯ ᠳᠤ ᠣᠷᠣᠯᠴᠠᠵᠤ᠂ ᠡᠯ᠎ᠡ ᠪᠠᠯᠭᠠᠰᠤ᠂ ᠵᠡᠭᠡᠯᠢ ᠭᠤᠳᠤᠮᠵᠢ ᠵᠢᠴᠢ ᠬᠠᠮᠢᠶ᠎ᠠ ᠪᠦᠬᠦᠢ ᠨᠢᠭᠡᠴᠡ ᠬᠤᠷᠠᠯ ᠳᠤ ᠣᠷᠣᠯᠴᠠᠪᠠ᠃         ᠬᠤᠷᠠᠯ ᠠᠴᠠ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠣᠯᠣᠨ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠭᠦᠨᠵᠡᠭᠡᠢ ᠵᠠᠳᠠᠯᠤᠯᠲᠠ ᠬᠢᠵᠡᠢ᠃ ᠬᠤᠷᠠᠯ ᠳᠤ ᠣᠷᠣᠯᠴᠠᠭᠰᠠᠳ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠬᠠᠮᠲᠤ ᠪᠠᠷ ᠦᠵᠡᠪᠡ᠃           ᠯᠢ ᠰᠢᠶᠣᠣ ᠶᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠣᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠲᠠᠢ ᠤᠶᠠᠯᠳᠤᠭᠤᠯᠤᠨ᠂ ᠰᠠᠶᠢᠬᠠᠨ ᠲᠣᠭᠤᠷᠢᠭ ᠤᠨ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ︽ᠨᠢᠭᠡ ᠰᠡᠳᠬᠢᠯ ᠢᠶᠠᠷ ᠰᠠᠬᠢᠯᠭ᠎ᠠ ᠪᠠᠲᠤ ᠶᠢ ᠰᠤᠷᠤᠯᠴᠠᠵᠤ ᠰᠠᠬᠢᠯᠭ᠎ᠠ ᠪᠠᠲᠤ ᠶᠢ ᠣᠶᠢᠯᠠᠭᠠᠵᠤ ᠰᠠᠬᠢᠯᠭ᠎ᠠ ᠪᠠᠲᠤ ᠶᠢ ᠮᠡᠳᠡᠵᠦ ᠰᠠᠬᠢᠯᠭ᠎ᠠ ᠪᠠᠲᠤ ᠶᠢ ᠵᠠᠰᠠᠵᠤ ᠰᠠᠬᠢᠯᠭ᠎ᠠ ᠪᠠᠲᠤ ᠶᠢ ᠴᠢᠩᠳᠠᠯᠠᠵᠤ ᠨᠠᠮ ᠤᠨ ᠰᠠᠬᠢᠯᠭ᠎ᠠ ᠪᠠᠲᠤ ᠶᠢ ᠲᠥᠪ ᠴᠢᠩᠭ᠎ᠠ ᠰᠠᠬᠢᠵᠤ᠂ ᠨᠠᠮ ᠤᠨ ᠰᠠᠬᠢᠯᠭ᠎ᠠ ᠪᠠᠲᠤ ᠶᠢ ᠴᠢᠩᠳᠠᠯᠠᠵᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠶ᠎ᠠ︾ ᠭᠡᠬᠦ ᠭᠤᠣᠯ ᠰᠡᠳᠦᠪ ᠢᠶᠠᠷ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃           ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠨᠢ ᠪᠦᠬᠦ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠳᠤ ᠴᠢᠭᠯᠡᠯ ᠢ ᠲᠣᠳᠣᠷᠬᠠᠢ ᠵᠢᠭᠠᠵᠤ᠂ ᠵᠢᠷᠤᠮᠯᠠᠯ ᠬᠠᠩᠭᠠᠵᠠᠢ᠃ ᠪᠦᠬᠦ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ︽ᠬᠤᠶᠠᠷ ᠢ ᠲᠣᠭᠳᠠᠭᠠᠭᠰᠠᠨ︾ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠥᠨᠳᠥᠷᠴᠡ ᠠᠴᠠ ᠲᠡᠭᠦᠨ ᠤ ᠭᠤᠣᠯ ᠴᠢᠮᠦᠭᠡ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠵᠤ᠂ ᠣᠨᠣᠪᠴᠢᠲᠠᠢ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠥᠪᠡᠷ ᠢ ᠪᠠᠨ ᠬᠢᠵᠠᠭᠠᠷᠯᠠᠬᠤ ᠪᠠᠨ ᠴᠢᠩᠭᠠᠳᠬᠠᠵᠤ᠂ ᠦᠯᠦ ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠨᠡᠨ ᠬᠦ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃            ᠬᠤᠷᠠᠯ ᠠᠴᠠ᠂ ᠪᠦᠬᠦ ᠲᠣᠭᠤᠷᠢᠭ ᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠤᠨ ᠭᠤᠣᠯ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠣᠰᠣ ᠳᠦᠷᠢᠮ ᠶᠠᠭᠤ ᠪᠣᠯᠬᠤ ᠶᠢ ᠦᠨᠡᠨᠬᠦ ᠲᠣᠳᠣᠷᠬᠠᠢ ᠣᠶᠢᠯᠠᠭᠠᠵᠤ᠂ ᠶᠠᠭᠤ ᠬᠢᠵᠦ ᠳᠡᠶᠢᠯᠬᠦ᠂ ᠶᠠᠭᠤ ᠬᠢᠵᠦ ᠪᠣᠯᠬᠤ ᠦᠭᠡᠢ ᠭᠡᠳᠡᠭ ᠢ ᠣᠶᠢᠯᠠᠭᠠᠵᠤ᠂ ᠰᠠᠬᠢᠯᠭ᠎ᠠ ᠪᠠᠲᠤ ᠶᠢᠨ ᠬᠢᠵᠠᠭᠠᠷᠯᠠᠯ ᠳᠣᠣᠷ᠎ᠠ ᠠᠵᠢᠯᠯᠠᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠡᠷᠡᠰ ᠪᠡᠶᠡᠯᠡᠭᠦᠯᠵᠦ᠂ ᠢᠮᠠᠭᠲᠠ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠶᠢ ᠪᠡᠶᠡᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠰᠠᠭᠤᠳᠠᠯ ᠪᠣᠯᠣᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠵᠤ᠂ ᠴᠡᠭᠡᠷᠯᠡᠯ ᠪᠣᠯᠭᠠᠵᠤ᠂ ᠰᠤᠷᠭᠠᠮᠵᠢ ᠠᠪᠴᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠰᠠᠬᠢᠯᠭ᠎ᠠ ᠪᠠᠲᠤ ᠶᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠺᠠᠳ᠋ᠷ ᠤᠨ ᠰᠤᠷᠲᠠᠯ ᠤᠨ ᠶᠡᠭᠡ ᠬᠤᠪᠢᠷᠠᠯᠲᠠ᠂ ᠠᠵᠢᠯ ᠤᠨ ᠴᠢᠨᠠᠷ ᠴᠢᠨᠰᠠᠭ᠎ᠠ ᠦᠷ᠎ᠡ ᠠᠰᠢᠭ ᠢ ᠶᠡᠬᠡᠪᠡᠷ ᠳᠡᠭᠡᠭᠰᠢᠯᠡᠭᠦᠯᠬᠦ ᠶᠢ ᠴᠢᠨᠠᠭᠰᠢᠳᠠ ᠠᠬᠢᠭᠤᠯᠬᠤ ᠬᠡᠷᠡᠭᠲᠡᠢ᠃ ᠪᠦᠬᠦ ᠲᠣᠭᠤᠷᠢᠭ ᠢᠶᠠᠷ ᠢᠶᠠᠨ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠵᠡᠯᠲᠡ ᠪᠠᠨ ᠢᠳᠡᠪᠬᠢᠲᠡᠢ ᠬᠤᠪᠢᠷᠠᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠵᠦ᠂ ᠠᠵᠤ ᠦᠢᠯᠡᠰ ᠤᠨ ᠬᠥᠭᠵᠢᠯᠲᠡ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠵᠡᠷᠭᠡ ᠡᠯ᠎ᠡ ᠬᠦᠷᠢᠶᠡᠨ ᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠬᠠᠨ ᠬᠦᠴᠦᠨ ᠴᠢᠳᠠᠯ ᠢᠶᠠᠨ ᠡᠷᠭᠦᠵᠦ᠂ ᠰᠠᠶᠢᠬᠠᠨ ᠬᠠᠷᠢᠭᠤᠴᠠᠯᠭ᠎ᠠ ᠡᠭᠦᠷᠭᠡᠯᠡᠬᠦ ᠶᠢ ᠢᠯᠡᠷᠡᠭᠦᠯᠦᠨ᠎ᠡ᠃             ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号