ᠰᠠᠶᠢᠬᠠᠨ ᠲᠣᠭᠤᠷᠢᠭ ᠤᠨ ᠳᠠᠭᠤᠤ ᠬᠥᠭᠵᠢᠮ  ᠤᠨ ᠨᠠᠶᠢᠷ  ᠦᠪᠡᠳᠡᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/6/28
       ᠰᠠᠶᠢᠬᠠᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠪᠢᠴᠢᠬᠠᠨ ᠡᠪᠡᠰᠦᠨ ᠳᠠᠭᠤᠤ ᠬᠥᠭᠵᠢᠮ ᠤᠨ ᠨᠠᠶᠢᠷ ᠲᠣᠭᠲᠠᠭᠰᠠᠨ ᠬᠤᠭᠤᠴᠠᠭᠠᠨ ᠳᠠᠭᠠᠨ ᠡᠬᠢᠯᠡᠵᠦ᠂ ᠶᠡᠭᠡ ᠬᠡᠮᠵᠢᠶᠡᠨ ᠤ ᠬᠤᠲᠠ ᠶᠢᠨ ᠠᠷᠠᠳ ᠪᠣᠯᠣᠨ ᠳᠠᠭᠤᠤ ᠬᠥᠭᠵᠢᠮ ᠤᠨ ᠪᠠᠭ᠋ᠠᠲᠠᠳ ᠤᠨ ᠠᠩᠬᠠᠷᠤᠯ ᠢ ᠲᠠᠲᠠᠵᠠᠢ᠃
    ︽ᠰᠠᠶᠢᠬᠠᠨ ᠲᠣᠭᠤᠷᠢᠭ ᠤᠨ ᠵᠠᠰᠠᠭ ᠤᠨ ᠣᠷᠳᠣᠨ ᠡᠶᠢᠮᠦ ᠰᠠᠶᠢᠬᠠᠨ ᠠᠵᠠ ᠲᠣᠬᠢᠶᠠᠯ ᠪᠠ ᠪᠢᠯᠧᠲ ᠥᠭᠭᠦᠭᠰᠡᠨ ᠳᠤ  ᠪᠢ ᠮᠠᠰᠢ ᠲᠠᠯᠠᠷᠬᠠᠵᠤ ᠪᠠᠶᠢᠨ᠎ᠠ᠂  ᠡᠨᠡ ᠬᠡᠳᠦᠨ ᠵᠢᠯ ᠂ ᠰᠠᠶᠢᠬᠠᠨ ᠲᠣᠭᠤᠷᠢᠭ ᠤᠨ ᠬᠥᠭᠵᠢᠯᠲᠡ ᠬᠤᠪᠢᠷᠠᠯᠲᠠ ᠬᠥᠮᠥᠰ ᠤᠨ ᠠᠩᠬᠠᠷᠤᠯ ᠢ ᠲᠠᠲᠠᠵᠤ᠂ ᠬᠤᠳᠠ ᠶᠢᠨ ᠳᠦᠷᠰᠦ ᠪᠠᠶᠢᠳᠠᠯ ᠴᠣ᠋ ᠴᠣ ᠰᠢᠨ᠎ᠡ ᠪᠣᠯᠵᠦ᠂ ᠬᠤᠲᠠ ᠶᠢᠨ ᠠᠮᠢᠵᠢᠷᠠᠯ ᠤᠨ ᠬᠦᠴᠦᠨ ᠡᠳᠦᠷ ᠢᠷᠡᠬᠦᠶ᠎ᠡ ᠨᠡᠮᠡᠭᠳᠡᠵᠦ᠂ ᠵᠠᠮ ᠨᠠᠩ ᠠᠭᠤᠵᠢᠮ ᠰᠠᠷᠠᠭᠤᠯ᠂ ᠦᠢᠯᠡᠴᠢᠯᠡᠭᠡᠨ ᠤ ᠶᠠᠰᠤ ᠴᠢᠨᠠᠷ ᠴᠤ ᠲᠠᠰᠤᠷᠠᠯᠲᠠ ᠦᠭᠡᠢ ᠳᠡᠭᠡᠭᠰᠢᠯᠡᠵᠦ᠂ ᠮᠠᠨ ᠤ ᠬᠤᠲᠠ ᠦᠷᠭᠦᠯᠵᠢᠯᠡᠨ ᠴᠡᠴᠡᠭᠯᠡᠨ ᠬᠥᠭᠵᠢᠵᠦ᠂ ᠨᠠᠩ ᠰᠠᠶᠢᠬᠠᠨ ᠢᠷᠡᠭᠡᠳᠦᠢ   ᠲᠠᠢ ᠪᠠᠶᠢᠬᠤ ᠶᠢ ᠪᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ︾ ᠬᠡᠵᠦ ᠤᠷᠤᠯᠳᠤᠭᠠᠨ ᠳᠤ ᠣᠷᠣᠯᠴᠠᠭᠰᠠᠨ ᠰᠦᠨ ᠢᠦᠢ ᠰᠤᠷᠪᠤᠯᠵᠢᠯᠠᠭᠴᠢ ᠳᠤ ᠲᠥᠷᠥᠭᠳᠡᠯ ᠢᠶᠠᠨ ᠬᠤᠪᠢᠶᠠᠯᠴᠠᠪᠠ᠃
     ᠭᠤᠸᠠᠩᠳᠦᠶᠢᠩ ᠠᠴᠠ ᠢᠷᠡᠭᠰᠡᠨ ᠵᠣᠭᠠᠴᠠᠭᠴᠢ ᠯᠢᠦ ᠠᠪᠤᠭᠠᠢ᠄ ︽ᠤᠤᠯ ᠨᠢ ᠪᠢ ᠥᠪᠥᠷ ᠮᠣᠩᠭᠤᠯ ᠳᠤ ᠵᠥᠪᠬᠡᠨ ᠲᠠᠯ᠎ᠠ ᠨᠤᠲᠤᠭ ᠪᠠ ᠮᠣᠩᠭᠤᠯ ᠭᠡᠷ ᠪᠠᠶᠢᠨ᠎ᠠ ᠭᠡᠵᠦ ᠪᠤᠳᠤᠭᠰᠠᠨ᠂ ᠢᠷᠡᠭᠰᠡᠨ ᠤ ᠳᠠᠷᠠᠭ᠎ᠠ ᠬᠥᠬᠡᠬᠤᠲᠠ ᠶᠢᠨ ᠬᠥᠭᠵᠢᠯᠲᠡ ᠬᠥᠮᠥᠰ ᠤᠨ ᠠᠩᠬᠠᠷᠤᠯ ᠢ ᠲᠠᠲᠠᠮ᠎ᠠ  ᠂ ᠲᠣᠮᠣ ᠠᠰᠠᠷ ᠤᠳ᠂ ᠬᠤᠳᠠ ᠶᠢᠨ ᠨᠣᠭᠤᠭᠠᠷᠠᠭᠤᠯᠤᠯᠲᠠ ᠴᠤ ᠮᠠᠰᠢ ᠰᠠᠶᠢᠨ᠂ ᠥᠪᠡᠷᠮᠢᠴᠡ ᠦᠵᠡᠮᠵᠢ ᠪᠠ ᠬᠥᠭᠵᠢᠶᠡᠨ ᠨᠠᠷᠭᠢᠶᠠᠨ ᠲᠠᠢ ᠬᠤᠲᠠ ᠶᠢᠨ ᠦᠵᠡᠮᠵᠢ ᠨᠠᠳᠠ ᠳᠤ ᠭᠦᠨ ᠰᠠᠭᠤᠭᠳᠠᠯ  ᠦᠭᠵᠡᠢ︾ ᠭᠡᠪᠡ᠃
     ᠰᠠᠶᠢᠬᠠᠨ ᠲᠣᠭᠤᠷᠢᠭ ᠤᠨ ᠭᠤᠷᠪᠠᠳᠤᠭᠠᠷ ᠬᠤᠭᠤᠴᠠᠭᠠᠨ ᠤ ᠳᠠᠭᠤᠤ ᠬᠥᠭᠵᠢᠮ ᠤᠨ ᠨᠠᠶᠢᠷ 6 ᠰᠠᠷ᠎ᠠ ᠶᠢᠨ 21 ᠤ ᠡᠳᠦᠷ ᠦᠪᠡᠳᠡᠰᠢ ᠶᠡᠭᠡ ᠪᠠᠷ ᠡᠬᠢᠯᠡᠭᠰᠡᠨ ᠪᠥᠭᠡᠳ ᠭᠠᠷᠠᠭ ᠪᠦᠷᠢ ᠶᠢᠨ ᠭᠠᠷᠠᠭ ᠤᠨ ᠲᠠᠪᠤᠨ ᠠᠴᠠ ᠭᠠᠷᠠᠭ ᠤᠨ ᠡᠳᠦᠷ ᠦᠷᠭᠦᠯᠵᠢᠯᠡᠨ ᠶᠠᠪᠤᠭᠳᠠᠨ᠎ᠠ᠂ 8 ᠰᠠᠷ᠎ᠠ ᠶᠢᠨ 18  ᠤ ᠡᠳᠦᠷ ᠪᠣᠯᠲᠠᠯ᠎ᠠ ᠶᠠᠪᠤᠭᠳᠠᠨ᠎ᠠ᠃                ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号