ᠰᠠᠶᠢᠬᠠᠨ ᠲᠣᠭᠤᠷᠢᠭ ᠄ ᠢᠦᠢ ᠹᠧᠩ ᠠᠵᠢᠯᠯᠠᠭᠠᠨ ᠤ ᠲᠤᠷᠰᠢᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠶᠢᠨ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠭᠰᠠᠨ ᠦᠷ᠎ᠡ ᠳ᠋ᠦᠩ ᠤᠨ ᠲᠤᠬᠠᠢ ᠵᠠᠷᠯᠠᠯ
ᠨᠡᠶᠢᠲᠡᠯᠡᠭᠰᠡᠨ ᠴᠠᠭ᠄
2024/6/28
       ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠮᠢᠩᠭᠠᠨ ᠰᠢᠶᠠᠩ︵ᠰᠤᠮᠤ﹀  ᠶᠢᠨ ᠲᠦᠮᠡᠨ ᠲᠣᠰᠬᠤᠨ ︵ᠭᠠᠴᠠᠭ᠎ᠠ︶ ᠤ ᠢᠦᠢ ᠹᠧᠩ ᠠᠵᠢᠯᠯᠠᠭ᠎ᠠ﹀ ᠶᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠮᠡᠳᠡᠭᠳᠡᠯ︾ ︵ᠥᠪᠥᠷ ᠡᠨᠧᠷᠭᠢ ᠶᠢᠨ ᠰᠢᠨ᠎ᠡ ᠡᠨᠧᠷᠭᠢ ᠥᠰᠥᠭ﹇2020﹈ 363 ᠳ᠋ᠤᠭᠠᠷ ᠲᠣᠭᠠᠲᠤ︶᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠶᠢᠨ ᠪᠥᠬᠦ ᠣᠷᠣᠨ ᠤ ︿ᠮᠢᠩᠭᠠᠨ ᠰᠢᠶᠠᠩ ︵ᠰᠤᠮᠤ︶ ᠤᠨ ᠲᠦᠮᠡᠨ ᠲᠣᠰᠬᠤᠨ ︵ᠭᠠᠴᠠᠭ᠎ᠠ︶ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ︵ᠥᠪᠥᠷ ᠡᠨᠧᠷᠭᠢ ᠶᠢᠨ ᠰᠢᠨ᠎ᠡ ᠡᠨᠧᠷᠭᠢ ᠥᠰᠥᠭ﹇2020﹈ 381 ᠳ᠋ᠦ᠋ᠭᠡᠷ ᠲᠣᠭᠠᠲᠤ︶ᠪᠢᠴᠢᠭ ᠮᠠᠲ᠋ᠧᠷᠢᠶᠠᠯ ᠤᠨ ᠲᠤᠬᠠᠢ ᠱᠠᠭᠠᠷᠳᠠᠯᠭ᠎ᠠ᠂ ᠰᠠᠶᠢᠬᠠᠨ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠭᠤᠷᠪᠠᠳᠤᠭᠠᠷ ᠲᠠᠯ᠎ᠠ ᠶᠢᠨ ᠪᠠᠶᠢᠭᠤᠯᠤᠮᠵᠢ ᠴᠠᠬᠢᠯᠭᠠᠨ ᠬᠦᠴᠦᠨ ᠤ ᠬᠠᠶᠢᠨ ᠬᠡᠮᠵᠢᠵᠦ ᠵᠢᠷᠤᠵᠤ ᠲᠥᠯᠥᠪᠯᠡᠬᠦ ᠬᠢᠵᠠᠭᠠᠷᠲᠤ ᠺᠣᠮᠫᠠᠨᠢ ᠳᠤ ᠨᠠᠶᠢᠳᠠᠵᠤ ᠰᠠᠶᠢᠬᠠᠨ ᠲᠣᠭᠤᠷᠢᠭ ᠤᠨ ᠢᠦᠢ ᠹᠧᠩ ᠠᠵᠢᠯᠯᠠᠭ᠎ᠠ ᠶᠢᠨ ᠲᠤᠷᠰᠢᠯᠲᠠ ᠶᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠳᠤ ᠢᠯᠡ ᠪᠠᠷ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠪᠠ᠃          ᠭᠤᠷᠪᠠᠳᠠᠭᠢ ᠡᠲᠡᠭᠡᠳ ᠤᠨ ᠪᠠᠶᠢᠭᠤᠯᠤᠮᠵᠢ ᠠᠴᠠ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠤᠨ ᠲᠤᠰᠢᠶᠠᠭᠰᠠᠨ ᠬᠡᠷᠡᠭᠵᠢᠭᠦᠯᠬᠦ ᠲᠥᠰᠥᠯ ᠵᠢᠴᠢ ᠪᠤᠰᠤᠳ ᠬᠠᠮᠢᠶ᠎ᠠ ᠪᠦᠬᠦᠢ ᠭᠡᠷᠡᠴᠢᠯᠡᠬᠦ ᠮᠠᠲ᠋ᠧᠷᠢᠶᠠᠯ ᠢ ᠶᠡᠷᠦᠩᠬᠡᠶᠢᠯᠡᠨ ᠬᠠᠷᠢᠴᠠᠭᠤᠯᠤᠨ ᠰᠣᠩᠭᠤᠪᠠ᠃ ᠬᠢᠨᠠᠨ ᠲᠣᠭᠲᠠᠭᠠᠭᠰᠠᠨ ᠦᠷ᠎ᠡ ᠳ᠋ᠦᠩ ᠢ ᠦᠨᠳᠦᠰᠦᠯᠡᠨ᠂ ᠥᠪᠥᠷ ᠮᠣᠩᠭᠤᠯ ᠤᠨ ᠬᠤᠸᠠ ᠲᠧᠩ ᠰᠢᠨ᠎ᠡ ᠡᠨᠧᠷᠭᠢ ᠶᠢᠨ ᠨᠡᠭᠡᠭᠡᠯᠲᠡ ᠶᠢᠨ ᠬᠢᠵᠠᠭᠠᠷᠲᠤ ᠺᠣᠮᠫᠠᠨᠢ ᠶᠢ ᠰᠠᠶᠢᠬᠠᠨ ᠲᠣᠭᠤᠷᠢᠭ ᠤᠨ ᠢᠦᠢ ᠹᠧᠩ ᠠᠵᠢᠯᠯᠠᠭ᠎ᠠ ᠶᠢᠨ ᠲᠤᠷᠰᠢᠯᠲᠠ ᠶᠢᠨ ᠴᠡᠭ ᠤᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠭᠤᠣᠯ ᠴᠣᠭᠴᠠ ᠪᠣᠯᠭᠠᠬᠤ ᠪᠠᠷ ᠲᠣᠭᠲᠠᠪᠠ᠃           ᠵᠠᠷᠯᠠᠨ ᠨᠡᠶᠢᠲᠡᠯᠡᠬᠦ ᠴᠠᠭ᠄ 2024 ᠣᠨ ᠤ 6 ᠰᠠᠷ᠎ᠠ ᠶᠢᠨ 27 ᠤ ᠡᠳᠦᠷ ᠠᠴᠠ 2024 ᠣᠨ ᠤ 6 ᠰᠠᠷ᠎ᠠ ᠶᠢᠨ 29 ᠤ ᠡᠳᠦᠷ          ᠲᠣᠰ ᠤᠳᠠᠭᠠᠨ ᠤ ᠰᠣᠩᠭᠤᠭᠰᠠᠨ ᠦᠷ᠎ᠡ ᠳ᠋ᠦᠩ ᠳᠤ ᠰᠡᠵᠢᠭ ᠲᠠᠢ ᠪᠠᠶᠢᠪᠠᠯ᠂ ᠰᠢᠯᠢᠳᠡᠭ ᠢ ᠨᠢ ᠰᠣᠩᠭᠤᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠬᠤᠭᠤᠴᠠᠭ᠎ᠠ᠂ ᠳᠣᠣᠷᠠᠬᠢ ᠬᠠᠷᠢᠯᠴᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠢᠴᠢᠭ ᠢᠶᠠᠷ ᠯᠠᠪᠯᠠᠨ ᠠᠰᠠᠭᠤᠬᠤ ᠶᠢᠨ ᠬᠠᠮᠲᠤ ᠯᠠᠪᠯᠠᠨ ᠠᠰᠠᠭᠤᠬᠤ ᠵᠠᠬᠢᠳᠠᠯ ᠳᠤ ᠠᠯᠪᠠᠨ ᠲᠠᠮᠠᠭ᠎ᠠ ᠳᠠᠷᠤᠭᠰᠠᠨ ᠠᠵᠤ ᠠᠬᠤᠶᠢᠯᠠᠯ ᠤᠨ ᠮᠡᠳᠡᠭᠡ ᠵᠠᠩᠭᠢ ᠶᠢᠨ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ᠂ ᠡᠭᠦᠨ ᠳᠤ ᠡᠵᠡᠩᠨᠡᠯᠲᠡ ᠶᠢᠨ ᠦᠨᠡᠮᠯᠡᠯ ᠤᠨ ᠪᠠᠭᠤᠯᠭᠠᠪᠤᠷᠢ᠂ ᠬᠠᠤᠯᠢ ᠶᠢᠨ ᠡᠷᠬᠡᠲᠡᠨ ᠤ ᠪᠡᠶ᠎ᠡ ᠶᠢᠨ ᠦᠨᠡᠮᠯᠡᠯ ᠤᠨ ᠬᠠᠭᠤᠯᠪᠤᠷᠢ᠂ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ᠂ ᠨᠠᠶᠢᠳᠠᠭᠳᠠᠭᠰᠠᠨ ᠬᠥᠮᠥᠨ ᠤ ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ᠵᠡᠷᠭᠡ ᠪᠠᠭᠲᠠᠨ᠎ᠠ᠃            ᠬᠠᠷᠢᠯᠴᠠᠬᠤ ᠬᠥᠮᠥᠨ᠄ ᠴᠢᠨ ᠢ             ᠬᠠᠷᠢᠯᠴᠠᠬᠤ ᠤᠲᠠᠰᠤ᠄ 15754935509            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号