ᠠᠷᠠᠳ ᠲᠦᠮᠡᠨ ᠢ ᠰᠡᠳᠬᠢᠯ ᠵᠢᠷᠦᠬᠡᠨ ᠳᠡᠭᠡᠨ ᠳᠡᠭᠡᠳᠦᠯᠡᠬᠦ ᠶᠢᠨ ᠤᠴᠢᠷ
ᠨᠡᠶᠢᠲᠡᠯᠡᠭᠰᠡᠨ ᠴᠠᠭ᠄
2024/6/28
     ᠠᠷᠠᠳ ᠤᠨ ᠳᠣᠲᠣᠭᠠᠳᠤ ᠶᠢ ᠬᠠᠮᠠᠭᠠᠯᠠᠬᠤ ᠠᠵᠢᠯ  ᠪᠣᠯ ᠠᠷᠠᠳ ᠲᠦᠮᠡᠨ ᠤ ᠳᠤᠮᠳᠠ ᠠᠴᠠ ᠢᠷᠡᠵᠦ᠂ ᠠᠷᠠᠳ ᠲᠦᠮᠡᠨ ᠤ ᠳᠤᠮᠳᠠ ᠦᠨᠳᠦᠰᠦᠯᠡᠳᠡᠭ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠬᠤ ᠪᠣᠯ ᠳᠣᠲᠣᠭᠠᠳᠤ ᠶᠢ ᠬᠠᠮᠠᠭᠠᠯᠠᠬᠤ ᠪᠦᠭᠦ ᠠᠵᠢᠯ ᠤᠨ ᠦᠨᠳᠦᠰᠦᠨ ᠤᠯᠤᠰ ᠲᠦᠷᠦ ᠶᠢᠨ ᠵᠣᠭᠰᠣᠯᠲᠠ ᠮᠥᠨ᠃ ᠠᠷᠠᠳ ᠲᠦᠮᠡᠨ ᠢᠶᠠᠷ ᠭᠤᠣᠯ ᠪᠤᠯᠭᠠᠬᠤ ᠪᠣᠯ ︽ᠹᠧᠩ ᠴᠢᠶᠣᠤ ᠶᠢᠨ ᠲᠤᠷᠰᠢᠯᠭ᠎ᠠ︾ ᠶᠢᠨ ᠬᠤᠪᠢᠷᠠᠰᠢ ᠦᠭᠡᠢ ᠤᠯᠤᠰ ᠲᠦᠷᠦ ᠶᠢᠨ ᠵᠣᠭᠰᠣᠯᠲᠠ ᠮᠥᠨ᠂ ᠪᠠᠰᠠ ᠴᠤ ᠲᠡᠭᠦᠨ ᠤ ᠰᠢᠨ᠎ᠡ ᠶᠢ ᠡᠭᠦᠳᠬᠦ ᠬᠥᠭᠵᠢᠯᠲᠡ ᠶᠢᠨ ᠥᠨᠢᠳᠡ ᠶᠢᠨ ᠬᠥᠭᠡᠭᠡᠴᠡᠯᠳᠦᠯ ᠮᠥᠨ᠃      ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠤᠯᠤᠰ ᠤᠨ ᠠᠮᠤᠷ ᠲᠦᠪᠰᠢᠨ ᠪᠠ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠲᠠᠷᠬᠠᠨ ᠡᠭᠦᠷᠭᠡ ᠬᠠᠷᠢᠭᠤᠴᠠᠯᠭ᠎ᠠ ᠪᠠᠨ ᠨᠡᠩ ᠰᠠᠶᠢᠲᠤᠷ ᠭᠦᠢᠴᠡᠳᠬᠡᠬᠦ ᠳᠤ᠂ ᠡᠷᠬᠡᠪᠰᠢ ᠢᠮᠠᠭᠲᠠ ᠠᠷᠠᠳ ᠲᠦᠮᠡᠨ ᠢ ᠰᠡᠳᠬᠢᠯ ᠵᠢᠷᠦᠬᠡᠨ ᠳᠡᠭᠡᠨ ᠳᠡᠭᠡᠳᠦᠯᠡᠬᠦ ᠶᠣᠰᠣᠲᠠᠢ᠃      ᠨᠠᠮ ᠤᠨ ᠠᠯᠢᠪᠠ ᠲᠡᠮᠡᠴᠡᠯ ᠪᠠ ᠠᠵᠢᠯ ᠪᠣᠯ ᠴᠥᠮ ᠠᠷᠠᠳ ᠲᠦᠮᠡᠨ ᠳᠤ ᠪᠤᠶᠠᠨ ᠦᠢᠯᠡᠳᠬᠦ ᠶᠢᠨ ᠲᠥᠯᠥᠭᠡ ᠶᠤᠮ᠂ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠣᠯ ᠶᠡᠷᠦ ᠠᠴᠠ ᠪᠠᠨ ᠥᠷᠭᠡᠨ ᠤᠯᠠᠨ ᠠᠷᠠᠳ ᠲᠦᠮᠡᠨ ᠲᠠᠢ ᠨᠢᠭᠲᠠ ᠬᠤᠯᠪᠤᠭ᠎ᠠ ᠲᠠᠢ ᠪᠠᠶᠢᠳᠠᠭ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠣᠯ ᠨᠠᠮ ᠪᠠ ᠠᠷᠠᠳ ᠲᠦᠮᠡᠨ ᠤ ᠭᠠᠷ ᠲᠠᠬᠢ ︽ᠬᠠᠮᠠᠭᠠᠯᠠᠯᠲᠠ ᠶᠢᠨ ᠬᠦᠴᠦᠨ︾ ᠮᠥᠨ᠂  ᠶᠠᠯᠠᠲᠤ ᠠᠵᠢᠯᠯᠠᠭ᠎ᠠ ᠶᠢ ᠰᠡᠷᠭᠡᠶᠢᠯᠡᠨ ᠲᠡᠭᠦᠨ ᠳᠤ ᠴᠣᠬᠢᠯᠲᠠ ᠥᠭᠴᠦ᠂ ᠤᠯᠠᠨ ᠨᠡᠶᠢᠲᠡ ᠶᠢᠨ ᠠᠮᠤᠷ ᠲᠦᠪᠰᠢᠨ ᠢ ᠬᠠᠮᠠᠭᠠᠯᠠᠨ᠂ ᠠᠷᠠᠳ ᠲᠦᠮᠡᠨ ᠤ ᠵᠣᠯ ᠵᠢᠷᠭᠠᠯ ᠪᠠ ᠠᠮᠤᠷ ᠲᠦᠪᠰᠢᠨ ᠢ ᠬᠠᠮᠠᠭᠠᠯᠠᠬᠤ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠭᠤᠣᠯ ᠠᠵᠢᠯ ᠮᠥᠨ᠃ ᠹᠧᠩ ᠴᠢᠶᠤᠤ ᠶᠢᠨ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠬᠤ ᠶᠢᠨ ᠴᠢᠬᠤᠯᠠ ᠨᠢᠭᠡ ᠵᠦᠢᠯ ᠪᠣᠯ᠂  ᠠᠷᠠᠳ ᠤᠨ ᠲᠥᠯᠥᠭᠡ ᠭᠡᠬᠦ ᠦᠵᠡᠯᠲᠡ ᠶᠢ ᠪᠠᠲᠤ ᠪᠤᠢ ᠪᠤᠯᠭᠠᠵᠤ᠂ ᠠᠷᠠᠳ ᠲᠦᠮᠡᠨ ᠤ ᠵᠣᠯ ᠵᠢᠷᠭᠠᠯ ᠪᠠ ᠠᠮᠤᠷ ᠲᠣᠭᠲᠠᠭᠤᠨ ᠢ ᠰᠠᠬᠢᠨ ᠬᠠᠮᠠᠭᠠᠯᠠᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠶᠠᠪᠤᠳᠠᠯ ᠪᠣᠯᠣᠨ᠎ᠠ᠃  ᠠᠷᠠᠳ ᠤᠨ ᠳᠣᠲᠣᠭᠠᠳᠤ ᠶᠢ ᠬᠠᠮᠠᠭᠠᠯᠠᠬᠤ ᠠᠵᠢᠯ ᠠᠷᠠᠳ ᠲᠦᠮᠡᠨ ᠤ ᠲᠥᠯᠥᠭᠡ ᠪᠠᠶᠢᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠢ ᠵᠣᠬᠢᠴᠠᠵᠤ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠪᠠᠲᠤᠯᠠᠬᠤ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠥᠭᠵᠢᠯᠲᠡ ᠶᠢ ᠠᠬᠢᠭᠤᠯᠬᠤ ᠡᠯ᠎ᠡ ᠵᠦᠢᠯ ᠤᠨ ᠠᠵᠢᠯ ᠤᠨ ᠳᠤᠮᠳᠠ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠴᠢᠬᠤᠯᠠᠲᠠᠢ᠃      ᠠᠮᠤᠷ ᠲᠦᠪᠰᠢᠨ ᠪᠣᠯ ᠠᠷᠠᠳ ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠤᠨ ᠦᠨᠳᠦᠰᠦᠨ ᠱᠠᠭᠠᠷᠳᠠᠯᠭ᠎ᠠ ᠮᠥᠨ᠃ ᠰᠢᠨ᠎ᠡ ᠴᠠᠭ ᠦᠶ᠎ᠡ ᠳᠤ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠲᠣᠭᠠᠳᠤ ᠶᠢ ᠬᠠᠮᠠᠭᠠᠯᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠵᠤ᠂ ᠰᠠᠶᠢᠲᠤᠷ ᠬᠥᠭᠵᠢᠭᠦᠯᠬᠦ ᠬᠡᠷᠡᠭᠲᠡᠢ᠃ ᠠᠷᠠᠳ ᠤᠨ ᠵᠣᠪᠠᠨᠢᠯ ᠢ ᠪᠦᠭᠦ ᠬᠦᠴᠦᠨ ᠢᠶᠠᠷ ᠢᠶᠠᠨ ᠰᠢᠢᠳᠪᠦᠷᠢᠯᠡᠵᠦ᠂ ︽ᠹᠧᠩ ᠴᠢᠶᠣᠤ ᠮᠠᠶ᠋ᠢᠭ ᠤᠨ ᠲᠣᠮᠢᠯᠠᠭᠰᠠᠨ ᠰᠠᠯᠪᠤᠷᠢ︾ ᠶᠢ ᠡᠭᠦᠳᠦᠨ ᠪᠠᠶᠢᠭᠤᠯᠬᠤ  ᠵᠡᠷᠭᠡ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠵᠥᠷᠢᠴᠡᠯ ᠵᠠᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠰᠠᠭᠤᠳᠠᠯ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠯᠳᠠ ᠶᠢᠨ ᠬᠤᠭᠤᠴᠠᠭᠠᠨ  ᠳᠤᠨᠢ ᠰᠢᠢᠳᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠠᠷᠠᠳ ᠤᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠡᠯ᠎ᠡ ᠲᠥᠷᠥᠯ ᠤᠨ ᠨᠡᠪᠴᠢᠯᠲᠡ ᠬᠢᠬᠦ᠂ ᠨᠤᠷᠠᠭᠠᠬᠤ᠂ ᠲᠦᠢᠪᠡᠭᠡᠬᠦ᠂ ᠡᠪᠳᠡᠬᠦ ᠠᠵᠢᠯᠯᠠᠭ᠎ᠠ ᠶᠢ ᠴᠢᠩᠭ᠎ᠠ ᠰᠡᠷᠭᠡᠶᠢᠯᠡᠨ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯᠯᠠᠭ᠎ᠠ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃      ᠠᠮᠤᠷ ᠲᠦᠪᠰᠢᠨ ᠪᠣᠯ ᠠᠷᠠᠳ ᠤᠨ ᠠᠮᠢᠳᠤᠷᠠᠯ ᠤᠨ ᠴᠢᠬᠤᠯᠠ ᠠᠰᠠᠭᠤᠳᠠᠯ ᠮᠥᠨ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠪᠠᠲᠤ ᠴᠢᠩᠭ᠎ᠠ ᠵᠣᠷᠢᠯᠲᠠ ᠶᠢᠨ ᠤᠬᠠᠮᠰᠠᠷ ᠢ ᠪᠤᠢ ᠪᠤᠯᠭᠠᠵᠤ᠂ ᠠᠷᠠᠳ ᠲᠦᠮᠡᠨ  ᠤ ᠲᠥᠯᠥᠭᠡ ᠭᠡᠬᠦ ᠳᠠᠷᠬᠠᠨ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠪᠡᠯ ᠠᠮᠤᠷ ᠠᠮᠤᠭᠤᠯᠠᠩ ᠰᠠᠶᠢᠨ ᠰᠠᠶᠢᠬᠠᠨ ᠣᠷᠣᠨ ᠢ ᠴᠣᠭᠴᠠᠯᠠᠵᠤ ᠳᠠᠶᠢᠯᠭᠦ ᠨᠢ ᠯᠠᠪᠲᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号