ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠮᠡᠬᠡᠯᠡᠯ ᠢ ᠡᠰᠡᠷᠭᠦᠴᠡᠬᠦ ᠪᠤᠰᠤ  ᠶᠢ ᠰᠡᠷᠭᠡᠶᠢᠯᠡᠬᠦ ᠲᠥᠪᠯᠡᠷᠡᠩᠭᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/4
       5 ᠰᠠᠷ᠎ᠠ ᠶᠢᠨ 29  ᠤ ᠡᠳᠦᠷ᠂ ᠰᠠᠶᠢᠬᠠᠨ ᠲᠣᠭᠤᠷᠢᠭ ᠤᠨ ᠡᠳ᠋  ᠤᠨ ᠵᠠᠰᠠᠭ ᠤᠨ ᠲᠣᠪᠴᠢᠶ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠮᠲᠤᠷᠠᠨ ᠢᠦᠢ ᠯᠢᠨ ᠪᠠᠯᠭᠠᠰᠤᠨ ᠤ ᠴᠤᠤ ᠳ᠋ᠠᠢ ᠲᠣᠰᠭᠤᠨ ᠳᠤ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠳᠦᠷᠢᠮ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠣᠰᠭᠤᠨ ᠤ ᠠᠷᠠᠳ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠮᠰᠠᠷ ᠢ ᠤᠯᠠᠮ ᠨᠢᠭᠡ ᠠᠯᠬᠤᠮ ᠴᠢᠩᠭᠠᠳᠭᠠᠵᠤ᠂ ᠲᠣᠰᠭᠤᠨ ᠤ ᠠᠷᠠᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠠᠵᠤ ᠠᠬᠤᠢ ᠮᠥᠩᠭᠦᠨ ᠭᠦᠢᠯᠭᠡᠭᠡᠨ ᠤ ᠠᠮᠤᠷ ᠲᠦᠪᠰᠢᠨ ᠪᠠ ᠨᠡᠶᠢᠭᠡᠮ  ᠤᠨ ᠲᠣᠭᠲᠠᠭᠤᠨ ᠪᠠᠶᠢᠳᠠᠯ ᠢ ᠬᠠᠮᠠᠭᠠᠯᠠᠪᠠ᠃
    ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ᠂ ᠠᠵᠢᠯᠲᠠᠳ ︽ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠳᠦᠷᠢᠮ︾᠂ ︽ᠢᠯᠡᠴᠢᠯᠡᠨ ᠮᠡᠳᠡᠭᠦᠯᠦᠭᠰᠡᠨ ᠢ ᠱᠠᠩᠨᠠᠬᠤ ᠠᠷᠭ᠎ᠠ︾᠂ ︽ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ ᠡᠰᠡᠷᠭᠦᠴᠡᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠲᠣᠰᠬᠤᠨ ᠤ ᠠᠷᠠᠳ ᠲᠤ ᠬᠠᠤᠯᠢ ᠪᠤᠰᠤ ᠪᠠᠷ ᠪᠡᠯᠡ ᠴᠤᠭᠯᠠᠭᠤᠯᠬᠤ ᠪᠠᠶᠢᠩᠭᠤ ᠲᠣᠬᠢᠶᠠᠯᠳᠤᠬᠤ ᠬᠡᠯᠪᠡᠷᠢ ᠪᠠ ᠠᠷᠭ᠎ᠠ ᠪᠠᠷᠢᠯ ᠢ ᠲᠠᠨᠢᠯᠴᠠᠭᠤᠯᠵᠤ᠂ ᠲᠣᠰᠬᠤᠨ ᠤ ᠠᠷᠠᠳ ᠲᠤ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠣᠷᠣᠯᠴᠠᠭᠰᠠᠳ ᠲᠤ ᠬᠦᠨᠳᠦ ᠨᠣᠴᠢᠲᠠᠢ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠢᠶᠠᠷ ᠪᠠᠷᠠᠬᠤ ᠦᠭᠡᠢ ᠪᠠᠰᠠ ᠮᠥᠩᠭᠦᠨ ᠭᠦᠢᠯᠭᠡᠭᠡᠨ ᠤ ᠡᠮᠬᠢ ᠵᠢᠷᠤᠮ ᠪᠠ ᠨᠡᠶᠢᠭᠡᠮ ᠤᠨ ᠲᠣᠭᠲᠠᠭᠤᠨ ᠢ ᠡᠪᠳᠡᠵᠦ ᠴᠢᠳᠠᠨ᠎ᠠ ᠭᠡᠳᠡᠭ ᠢ ᠲᠠᠨᠢᠭᠤᠯᠪᠠ᠃ ᠠᠵᠢᠯᠯᠠᠭ᠎ᠠ ᠪᠠᠰᠠ ᠬᠠᠷᠢᠯᠴᠠᠨ ᠬᠥᠳᠡᠯᠦᠯᠴᠡᠬᠦ ᠭᠤᠭᠴᠤᠭ᠎ᠠ ᠭᠠᠷᠭᠠᠵᠤ᠂ ᠱᠠᠩᠨᠠᠯ ᠲᠠᠢ ᠠᠰᠠᠭᠤᠯᠲᠠ ᠬᠠᠷᠢᠭᠤᠯᠲᠠ ᠵᠡᠷᠭᠡ ᠬᠡᠯᠪᠡᠷᠢ ᠪᠠᠷ ᠳᠠᠮᠵᠢᠭᠤᠯᠤᠨ᠂ ᠲᠣᠰᠬᠤᠨ ᠤ ᠠᠷᠠᠳ ᠲᠤ ᠮᠡᠬᠡᠯᠡᠯ ᠢ ᠡᠰᠡᠷᠭᠦᠴᠡᠬᠦ ᠮᠡᠳᠡᠯᠭᠡ ᠶᠢ ᠪᠠᠶᠠᠷ ᠪᠠᠶᠠᠰᠬᠤᠯᠠᠩ ᠲᠠᠢ ᠰᠤᠷᠤᠯᠴᠠᠨ ᠡᠵᠡᠮᠰᠢᠭᠦᠯᠪᠡ᠃ ᠲᠣᠰᠬᠤᠨ ᠤ ᠠᠷᠠᠳ ᠬᠠᠷᠢᠯᠴᠠᠨ ᠬᠥᠳᠡᠯᠦᠯᠴᠡᠬᠦ ᠳᠤ ᠢᠳᠡᠪᠬᠢᠲᠡᠢ ᠣᠷᠣᠯᠴᠠᠵᠤ᠂ ᠠᠰᠠᠭᠤᠯᠲᠠ ᠬᠠᠷᠢᠭᠤᠯᠲᠠ ᠶᠢᠨ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃
     ᠡᠭᠦᠨ ᠠᠴᠠ ᠭᠠᠳᠠᠨ᠎ᠠ᠂ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠨᠡᠶᠢᠲᠡ ᠶᠢᠨ ᠠᠰᠠᠷᠠᠮᠵᠢ ᠶᠢᠨ ᠪᠤᠰᠤ ᠣᠬᠤᠷ ᠸᠢᠳᠢᠤ᠋ ᠦᠢᠯᠡᠳᠬᠦ᠂ ᠲᠣᠰᠬᠤᠨ ᠠᠶᠢᠯ ᠡᠷᠦᠬᠡ ᠳᠤ ᠣᠷᠣᠵᠤ ᠤᠬᠠᠭᠤᠯᠭ᠎ᠠ ᠬᠠᠷᠢᠭᠤᠯᠲᠠ᠂ ᠰᠦᠯᠵᠢᠶᠡᠨ ᠳᠡᠭᠡᠷ᠎ᠡ ᠤᠬᠠᠭᠤᠯᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠮᠵᠢᠯᠴᠠᠨ ᠬᠥᠳᠡᠯᠦᠯᠴᠡᠬᠦ ᠠᠵᠢᠯ ᠤᠨ ᠪᠠᠶᠢᠷᠢᠰᠢᠯ ᠪᠠ ᠲᠥᠪᠯᠡᠷᠡᠭᠦᠯᠦᠨ ᠤᠬᠠᠭᠤᠯᠬᠤ ᠰᠦᠷ ᠬᠦᠴᠦᠨ ᠢ ᠪᠦᠷᠢᠯᠳᠦᠭᠦᠯᠵᠦ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠵᠤ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠬᠦᠴᠦᠷᠬᠡᠭ ᠶᠡᠭᠡ ᠨᠡᠶᠢᠯᠡᠮᠡᠯ ᠬᠦᠴᠦᠨ ᠢ ᠬᠠᠮᠲᠤ ᠪᠠᠷ ᠬᠤᠷᠠᠮᠳᠤᠭᠤᠯᠪᠠ᠃         ᠲᠠᠷᠠᠭᠠᠴᠢ ᠶᠢᠨ ᠠᠯᠬᠤᠮ ᠳᠤ᠂ ᠡᠳ᠋ ᠤᠨ ᠵᠠᠰᠠᠭ ᠤᠨ ᠲᠣᠪᠴᠢᠶ᠎ᠠ ᠬᠠᠤᠯᠢ ᠪᠤᠰᠤ ᠪᠠᠷ ᠪᠡᠯᠡ ᠴᠤᠭᠯᠠᠭᠤᠯᠬᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠵᠦ᠂ ᠤᠬᠠᠭᠤᠯᠭ᠎ᠠ ᠬᠥᠮᠦᠵᠢᠯ ᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠨᠢᠭᠡᠳᠦᠭᠡᠷ ᠪᠣᠭᠤᠮᠲᠠ ᠪᠣᠯᠭᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠬᠠᠮᠵᠢᠯᠴᠠᠬᠤ ᠶᠢ ᠴᠢᠬᠤᠯᠠᠴᠢᠯᠠᠨ᠎ᠠ᠃ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠠᠮᠠᠷᠬᠠᠨ ᠬᠠᠯᠳᠠᠪᠤᠷᠢᠯᠠᠳᠠᠭ ᠬᠥᠮᠥᠰ ᠲᠤ ᠴᠢᠭᠯᠡᠭᠦᠯᠦᠨ᠂ ᠵᠦᠷᠢᠶᠡᠴᠢᠯᠡᠭᠰᠡᠨ ᠤᠬᠠᠭᠤᠯᠭ᠎ᠠ ᠪᠠ ᠨᠠᠷᠢᠯᠢᠭ ᠣᠨᠣᠴᠠᠲᠠᠢ ᠪᠠᠷ ᠲᠠᠯᠪᠢᠬᠤ ᠠᠵᠢᠯ ᠢ ᠥᠷᠨᠢᠭᠦᠯᠵᠦ᠂ ᠬᠠᠷᠢᠯᠴᠠᠨ ᠬᠥᠳᠡᠯᠦᠯᠴᠡᠬᠦ ᠴᠢᠨᠠᠷ ᠪᠠ ᠣᠷᠣᠯᠴᠠᠬᠤ ᠲᠥᠷᠥᠭᠳᠡᠯ ᠢ ᠳᠡᠭᠡᠭᠰᠢᠯᠡᠭᠦᠯᠦᠨ᠂ ︽ᠳᠦᠷᠢᠮ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠵᠦ᠂ ᠲᠣᠰᠬᠤᠨ ᠤ ᠠᠷᠠᠳ ᠲᠤ ᠭᠦᠨᠵᠡᠭᠡᠶᠢᠷᠡᠭᠦᠯᠦᠨ᠎ᠡ᠃         ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号