ᠰᠠᠶᠢᠬᠠᠨ ᠲᠣᠭᠤᠷᠢᠭ ᠤᠨ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2024/6/4
     ︽ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠭᠠᠬᠤ - ᠠᠮᠢ ᠨᠠᠰᠤᠨ ᠤ ᠵᠠᠮ ᠢ ᠰᠠᠭᠠᠳ ᠦᠭᠡᠢ ᠨᠡᠪᠲᠡᠷᠡᠭᠦᠯᠬᠦ︾ ᠪᠠᠷ ᠭᠤᠣᠯ ᠰᠡᠳᠦᠪ  ᠪᠣᠯᠭᠠᠭᠰᠠᠨ ᠠᠮᠤᠷ ᠲᠦᠪᠰᠢᠨ ᠤ ᠤᠯᠠᠭᠠᠨ ᠱᠤᠭᠤᠮ ᠤᠨ ᠤᠬᠠᠮᠰᠠᠷ ᠪᠣᠯᠣᠨ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠲᠤᠳᠬᠠᠬᠤ ᠶᠢᠨ ᠲᠥᠯᠥᠭᠡ᠂ 5 ᠰᠠᠷ᠎ᠠ ᠶᠢᠨ 31 ᠤ ᠡᠳᠦᠷ᠂ ᠰᠠᠶᠢᠬᠠᠨ ᠲᠣᠭᠤᠷᠢᠭ ᠤᠨ 2024 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠭᠤᠣᠯ ᠰᠡᠳᠦᠪᠲᠦ ᠴᠡᠴᠡᠷᠯᠢᠭ ᠲᠤ ᠶᠠᠪᠤᠭᠳᠠᠪᠠ᠃
    ᠡᠬᠢᠯᠡᠯᠲᠡ ᠶᠢᠨ ᠶᠣᠰᠣᠯᠠᠯ ᠳᠡᠭᠡᠷ᠎ᠡ᠂ ᠰᠠᠶᠢᠬᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠢ ᠶᠢᠨ ᠲᠥᠯᠥᠭᠡᠯᠡᠭᠴᠢ᠂ ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠠᠵᠤ ᠠᠬᠤᠶᠢᠯᠠᠯ ᠤᠨ ᠲᠥᠯᠥᠭᠡᠯᠡᠭᠴᠢ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠲᠥᠯᠥᠭᠡᠯᠡᠭᠴᠢ ᠶᠠᠷᠢᠶ᠎ᠠ ᠲᠠᠯᠪᠢᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠠᠶᠤᠯᠭᠦᠢ ᠦᠢᠯᠡᠳᠪᠦᠷᠢᠯᠡᠯ ᠤᠨ ᠰᠠᠷ᠎ᠠ ᠶᠢᠨ ᠭᠤᠣᠯ ᠰᠡᠳᠦᠪᠲᠦ ᠦᠵᠡᠭᠦᠯᠭᠡ ᠶᠢᠨ ᠰᠠᠮᠪᠠᠷ᠎ᠠ᠂ ᠪᠠᠴᠢᠮ ᠪᠠᠶᠢᠳᠠᠯ ᠢ ᠠᠷᠭᠠᠴᠠᠬᠤ ᠲᠤᠨᠤᠭ ᠲᠥᠬᠦᠭᠡᠷᠦᠮᠵᠢ᠂ ᠭᠠᠯ ᠤᠨᠲᠠᠷᠠᠭᠠᠬᠤ ᠲᠤᠨᠤᠭ ᠲᠥᠬᠦᠭᠡᠷᠦᠮᠵᠢ᠂ ᠠᠮᠤᠷ ᠲᠦᠪᠰᠢᠨ ᠤ ᠤᠬᠠᠭᠤᠯᠭ᠎ᠠ ᠯᠠᠪᠯᠠᠭ᠎ᠠ ᠶᠢᠨ ᠲᠠᠪᠴᠠᠩ ᠵᠡᠷᠭᠡ ᠤᠯᠠᠨ ᠦᠵᠡᠭᠦᠯᠦᠯᠭᠡ ᠶᠢᠨ ᠲᠣᠭᠤᠷᠢᠭ ᠲᠣᠬᠢᠷᠠᠭᠤᠯᠵᠤ᠂ ᠠᠵᠢᠯᠲᠠᠳ ᠤᠯᠠᠨ ᠳᠤ ᠭᠠᠯ ᠤᠨᠲᠠᠷᠠᠭᠠᠬᠤ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠠᠮᠤᠷ ᠲᠦᠪᠰᠢᠨ ᠤ ᠮᠡᠳᠡᠯᠭᠡ ᠪᠣᠯᠣᠨ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠪᠠ᠃
     ︽ᠶᠣᠰᠣᠯᠠᠯ ᠳᠡᠭᠡᠷ᠎ᠡ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠪᠠᠶᠢᠯᠳᠤᠭᠠᠨ ᠤ ᠨᠢᠰᠬᠡᠯ ᠂ ᠡᠪᠳᠡᠵᠦ ᠨᠤᠷᠠᠭᠠᠬᠤ ᠪᠠᠭᠠᠵᠢ ᠬᠡᠷᠡᠭᠰᠡᠯ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠪᠠᠭᠠᠵᠢ ᠬᠡᠷᠡᠭᠰᠡᠯ ᠵᠡᠷᠭᠡ ᠤᠯᠠᠨ ᠵᠦᠢᠯ ᠤᠨ ᠪᠠᠭᠠᠵᠢ ᠬᠡᠷᠡᠭᠰᠡᠯ ᠢ ᠳᠡᠯᠭᠡᠨ ᠦᠵᠡᠭᠦᠯᠪᠡ᠂ ᠡᠭᠦᠨ ᠳᠤ ᠡᠳᠡᠭᠡᠷ ᠪᠠᠭᠠᠵᠢ ᠬᠡᠷᠡᠭᠰᠡᠯ ᠢ ᠭᠤᠣᠯᠳᠠᠭᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ᠂ ᠲᠤᠷᠰᠢᠨ ᠪᠠᠶᠢᠴᠠᠭᠠᠬᠤ᠂ ᠭᠠᠯ ᠤᠨᠲᠠᠷᠠᠭᠠᠬᠤ ᠵᠡᠷᠭᠡ ᠲᠠᠯ᠎ᠠ ᠪᠠᠷ ᠬᠡᠷᠡᠭᠯᠡᠵᠦ᠂ ᠳᠡᠯᠭᠡᠨ ᠦᠵᠡᠭᠦᠯᠬᠦ ᠪᠠᠷ ᠳᠠᠮᠵᠢᠨ ᠠᠷᠠᠳ ᠤᠯᠠᠨ ᠢ ᠭᠠᠯ ᠤᠨᠲᠠᠷᠠᠭᠠᠵᠤ ᠠᠪᠤᠷᠠᠨ ᠲᠤᠰᠠᠯᠠᠬᠤ ᠲᠤᠬᠠᠢ ᠭᠦᠢᠴᠡᠳ ᠣᠶᠢᠯᠠᠭᠠᠯᠲᠠ ᠲᠠᠢ ᠪᠣᠯᠭᠠᠵᠤ᠂ ᠭᠠᠯ ᠰᠡᠷᠭᠡᠶᠢᠯᠡᠬᠦ ᠤᠬᠠᠮᠰᠠᠷ ᠢ ᠨᠢ ᠨᠡᠮᠡᠭᠳᠡᠭᠦᠯᠪᠡ︾ ᠭᠡᠵᠦ ᠰᠠᠶᠢᠬᠠᠨ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠯᠠᠬᠤ ᠶᠡᠭᠡ ᠠᠩᠭᠢ ᠶᠢᠨ ᠳᠡᠳ᠋ ᠳᠠᠷᠤᠭ᠎ᠠ ᠱᠠᠩ ᠷᠤ ᠭᠠᠨ ᠲᠠᠨᠢᠯᠴᠠᠭᠤᠯᠵᠠᠢ᠃
         ︽ᠵᠠᠯᠭᠠᠭᠠᠳ᠂ ᠪᠢᠳᠡ ︿ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ﹀ ᠶᠢᠨ ᠣᠯᠠᠨ ᠡᠰᠢᠲᠦ ᠠᠷᠭ᠎ᠠ ᠵᠠᠮ ᠢ ᠭᠦᠢᠴᠡᠳ ᠠᠰᠢᠭᠯᠠᠨ᠂ ᠬᠥᠳᠡᠭᠡ ᠲᠣᠰᠬᠤᠨ᠂ ᠨᠡᠶᠢᠭᠡᠮ ᠲᠣᠭᠤᠷᠢᠭ ᠵᠡᠷᠭᠡ ᠲᠠᠯᠠᠪᠤᠷ ᠭᠠᠵᠠᠷ ᠲᠤ ᠭᠦᠨᠵᠡᠭᠡᠶᠢᠷᠡᠵᠦ᠂ ᠣᠯᠠᠨ ᠶᠠᠩᠵᠤ ᠶᠢᠨ ᠤᠬᠠᠭᠤᠯᠭ᠎ᠠ᠂ ᠪᠣᠯᠪᠠᠰᠤᠷᠠᠭᠤᠯᠤᠯ ᠪᠠ ᠰᠣᠷᠢᠯᠲᠠ ᠶᠢᠨ ᠠᠵᠢᠯᠯᠠᠭ᠎ᠠ ᠥᠷᠨᠢᠭᠦᠯᠵᠦ᠂ ᠢᠯᠠᠩᠭᠤᠶ᠎ᠠ ︿ᠶᠢᠰᠦᠨ ᠪᠠᠭ᠎ᠠ ᠲᠠᠯᠠᠪᠤᠷ﹀᠂ ᠬᠥᠮᠥᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ᠂ ᠳᠡᠭᠡᠳᠦ ᠳᠠᠪᠬᠤᠷᠭ᠎ᠠ ᠶᠢᠨ ᠵᠢᠵᠢᠭ ᠲᠣᠭᠤᠷᠢᠭ᠂ ᠰᠢᠲᠠᠮᠠᠬᠠᠢ ᠬᠡᠢ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠠᠷᠠᠳ ᠣᠯᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠦᠨ᠂ ᠬᠥᠮᠥᠨ ᠪᠦᠬᠦᠨ ᠠᠮᠤᠷ ᠲᠦᠪᠰᠢᠨ ᠢ ᠡᠷᠬᠢᠮᠯᠡᠵᠦ᠂ ᠬᠥᠮᠥᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ ᠵᠣᠷᠢᠯᠭ᠎ᠠ ᠳᠠᠭᠠᠨ ᠬᠦᠷᠭᠡᠬᠦ ᠬᠡᠷᠡᠭᠲᠡᠢ︾ ᠭᠡᠵᠦ ᠰᠠᠶᠢᠬᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ ᠵᠤᠤ ᠯᠢᠶᠠᠩ ᠰᠤᠷᠪᠤᠯᠵᠢᠯᠠᠭᠴᠢ ᠳᠤ ᠬᠡᠯᠡᠪᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号