ᠥᠪᠥᠷ ᠮᠣᠩᠭᠤᠯ ᠤᠨ ᠰᠣᠶᠣᠯ ᠤᠨ ᠭᠠᠷᠠᠭ ᠤᠨ ᠠᠵᠢᠯᠯᠠᠭ᠎ᠠ ᠪᠷᠠᠽᠢᠯ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/4
     ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠲᠤᠬᠠᠢ ᠶᠢᠨ ᠭᠠᠵᠠᠷ ᠤᠨ ᠴᠠᠭ   ᠢᠶᠠᠷ  5 ᠰᠠᠷ᠎ᠠ ᠶᠢᠨ 27 ᠤ  ᠡᠳᠦᠷ ᠮᠠᠨ ᠤ ᠣᠷᠣᠨ  ᠪᠷᠠᠽᠢᠯ ᠤᠨ ᠰᠠᠩᠸᠤᠩ ᠫᠠᠦ᠋ᠯᠦ᠋ ᠳᠤ ︽ᠴᠠᠢ ᠶᠢᠨ ᠨᠠᠶᠢᠷᠲᠠᠢ ᠳᠡᠯᠡᠬᠡᠢ·ᠡᠷᠬᠢᠮᠰᠦᠭ ᠴᠤᠭᠯᠠᠭᠠᠨ︾ ᠵᠢᠴᠢ ᠥᠪᠥᠷ ᠮᠣᠩᠭᠤᠯ ᠤᠨ ᠰᠣᠶᠣᠯ ᠤᠨ ᠭᠠᠷᠠᠭ ᠤᠨ ᠰᠢᠷᠢᠰ ᠠᠵᠢᠯᠯᠠᠭ᠎ᠠ ᠶᠠᠪᠤᠭᠤᠯᠵᠠᠢ᠃      ᠳᠤᠮᠳᠠᠳᠤ ᠪᠷᠠᠽᠢᠯ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠶᠢᠨ ᠲᠠᠰᠢᠷᠠᠮ ᠳᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠰᠣᠶᠣᠯ ᠤᠨ ᠡᠬᠢ ᠪᠠᠶᠠᠯᠢᠭ᠂ ᠵᠢᠭᠤᠯᠴᠢᠯᠠᠯ ᠤᠨ ᠦᠢᠯᠡᠳᠬᠦᠨ᠂ ᠳᠤᠮᠳᠠᠳᠤ ᠤᠯᠤᠰ ᠤᠨ ᠴᠠᠢ ᠶᠢᠨ ᠤᠷᠠᠯᠢᠭ᠂ ᠪᠣᠳᠠᠰ ᠤᠨ ᠪᠤᠰᠤ ᠰᠣᠶᠣᠯ ᠤᠨ ᠥᠪ  ᠤᠨ ᠰᠣᠶᠣᠯ ᠤᠨ ᠡᠭᠦᠳᠦᠯᠲᠡ ᠪᠣᠯᠣᠨ ᠦᠨᠳᠦᠰᠦᠲᠡᠨ ᠤ ᠳᠠᠭᠤᠤ ᠪᠥᠵᠢᠭ ᠢᠶᠠᠨ ᠲᠠᠨᠢᠯᠴᠠᠭᠤᠯᠤᠨ ᠦᠵᠡᠭᠦᠯᠵᠦ᠂ ᠪᠷᠠᠽᠢᠯ ᠤᠨ ᠠᠷᠠᠳ ᠲᠦᠮᠡᠨ ᠳᠤ ᠲᠤᠮᠳᠠᠳᠦ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠭᠤᠯᠵᠤ᠂ ᠰᠣᠶᠣᠯ ᠵᠢᠭᠤᠯᠴᠢᠯᠠᠯ ᠤᠨ ᠰᠣᠯᠢᠯᠴᠠᠭ᠎ᠠ ᠪᠠᠷ ᠨᠥᠬᠦᠷᠯᠡᠯ ᠢ ᠵᠤᠵᠠᠭᠠᠳᠬᠠᠨ᠂  ᠢᠷᠡᠭᠡᠳᠦᠢ ᠶᠢᠨ ᠬᠠᠮᠲᠤᠷᠠᠯᠴᠠᠭᠠᠨ ᠨᠡᠩ ᠭᠡᠭᠡᠨ ᠰᠠᠷᠠᠭᠤᠯ ᠪᠤᠯᠬᠤ ᠶᠢ ᠬᠦᠰᠡᠵᠦ ᠪᠠᠶᠢᠭ᠎ᠠ ᠪᠠᠨ ᠢᠯᠡᠳᠬᠡᠪᠡ᠃      ︽ᠴᠠᠢ ᠶᠢᠨ ᠨᠠᠶᠢᠷᠲᠠᠢ ᠳᠡᠯᠡᠬᠡᠢ ·ᠡᠷᠬᠢᠮᠰᠦᠭ ᠴᠤᠭᠯᠠᠭᠠᠨ︾ ᠤ ᠠᠵᠢᠯᠯᠠᠭ᠎ᠠ ᠨᠢ ᠦᠵᠡᠭᠴᠢᠳ ᠲᠤ ᠬᠦᠷᠢᠶᠡᠯᠡᠭᠳᠡᠵᠦ᠂ ᠳᠡᠳᠡᠨ ᠳᠤ ᠳᠤᠮᠳᠠᠳᠤ ᠤᠯᠤᠰ ᠤᠨ ᠴᠠᠢ ᠶᠢᠨ ᠰᠣᠶᠣᠯ ᠵᠢᠴᠢ ᠥᠪᠥᠷ ᠮᠣᠩᠭᠤᠯ ᠤᠨ ᠰᠣᠶᠣᠯ᠂ ᠠᠷᠠᠳ ᠤᠨ ᠵᠠᠩ ᠦᠢᠯᠡ ᠪᠠ ᠵᠢᠭᠤᠯᠴᠢᠯᠠᠯ ᠤᠨ ᠡᠬᠢ ᠪᠠᠶᠠᠯᠢᠭ ᠢ ᠨᠠᠷᠢᠯᠢᠭ ᠣᠶᠢᠯᠠᠭᠠᠬᠤ ᠠᠵᠠ ᠲᠣᠭᠢᠶᠠᠯ ᠬᠠᠩᠭᠠᠵᠠᠢ᠃ ᠰᠠᠩᠸᠤᠩ ᠫᠠᠦ᠋ᠯᠦ᠋ ᠶᠢᠨ ᠰᠣᠶᠣᠯ ᠤᠨ ᠲᠢᠩᠬᠢᠮ ᠤᠨ ᠲᠥᠯᠥᠭᠡᠯᠡᠭᠴᠢ ᠢᠯᠡᠷᠬᠡᠶᠢᠯᠡᠬᠦ ᠳᠡᠭᠡᠨ᠂ ᠪᠷᠠᠽᠢᠯ  ᠤᠨ ᠠᠷᠠᠳ ᠲᠦᠮᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠬᠠᠢ ᠪᠠᠶᠢᠳᠠᠯ ᠢ ᠳᠡᠮᠡᠢ ᠮᠡᠳᠡᠬᠦ ᠦᠭᠡᠢ ᠪᠠᠶᠢᠨ᠎ᠠ᠂ ᠪᠢ ᠠᠩᠬ᠎ᠠ ᠤᠳᠠᠭ᠎ᠠ ᠥᠪᠥᠷ ᠮᠣᠩᠭᠤᠯ ᠢ ᠰᠣᠨᠣᠰᠴᠤ ᠪᠠᠶᠢᠨ᠎ᠠ᠂ ᠮᠢᠨᠤ ᠦᠵᠡᠬᠦ ᠪᠠᠷ ᠡᠨᠡ ᠬᠦ ᠠᠵᠢᠯᠯᠠᠭ᠎ᠠ ᠨᠢ ᠮᠠᠰᠢ ᠰᠠᠶᠢᠨ᠂ ᠨᠠᠳᠠ ᠳᠤ ᠠᠳᠠᠯᠢ ᠪᠤᠰᠤ ᠰᠣᠶᠣᠯ ᠵᠢᠴᠢ ᠰᠣᠶᠣᠯ ᠤᠨ ᠬᠤᠭᠤᠷᠣᠨᠳᠣᠭᠢ ᠰᠣᠯᠢᠯᠴᠠᠭᠠᠨ ᠤ ᠴᠢᠬᠤᠯᠠ ᠴᠢᠨᠠᠷ ᠢ ᠣᠶᠢᠯᠠᠭᠠᠭᠤᠯᠤᠭᠰᠠᠨ ᠪᠠᠶᠢᠨ᠎ᠠ ᠭᠡᠵᠡᠢ᠃ ᠠᠵᠢᠯᠯᠠᠭ᠎ᠠ ᠳᠤ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠪᠦᠯᠦᠭᠯᠡᠯ ᠤᠨ ᠲᠠᠨᠢᠯᠴᠠᠭᠤᠯᠤᠭᠰᠠᠨ ᠵᠢᠭᠤᠯᠴᠢᠯᠠᠯ ᠤᠨ ᠦᠢᠯᠡᠳᠬᠦᠨ ᠪᠣᠯᠣᠨ ᠰᠢᠨ᠎ᠡ ᠡᠵᠡᠩᠨᠡᠯᠲᠡ ᠶᠢᠨ ᠭᠡᠯᠪᠡᠷᠢ ᠪᠠᠶᠢᠳᠠᠯ᠂ ᠪᠤᠭᠤᠲᠤ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠣᠷᠣᠨ ᠪᠦᠰᠡ ᠶᠢᠨ ᠵᠢᠭᠤᠯᠴᠢᠯᠠᠯ ᠤᠨ ᠲᠥᠷᠥᠯ ᠵᠦᠢᠯ ᠵᠢᠴᠢ ᠦᠢᠯᠡᠳᠬᠦᠨ᠂ ᠵᠥᠩ ᠰᠢᠨ ᠣᠯᠠᠨ ᠤᠯᠤᠰ ᠤᠨ ᠵᠢᠭᠤᠯᠴᠢᠯᠠᠯ ᠤᠨ ᠦᠢᠯᠡᠴᠢᠯᠡᠭᠡᠨ ᠤ ᠭᠠᠵᠠᠷ ᠤᠨ ᠭᠠᠷᠭᠠᠭᠰᠠᠨ ᠪᠷᠠᠽᠢᠯ - ᠥᠪᠥᠷ ᠮᠣᠩᠭᠤᠯ ᠤᠨ 7 ᠡᠳᠦᠷ ᠤᠨ ᠵᠢᠭᠤᠯᠴᠢᠯᠠᠯ ᠤᠨ ᠦᠢᠯᠡᠳᠬᠦᠨ ᠪᠣᠯᠣᠨ ᠴᠠᠢ ᠶᠢᠨ ᠤᠷᠠᠯᠢᠭ ᠤᠨ ᠲᠣᠬᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ᠂ ᠥᠪᠥᠷ ᠮᠣᠩᠭᠤᠯ ᠤᠨ ᠳᠤᠷᠠᠳᠬᠠᠯ ᠭᠡᠷᠡᠯ ᠵᠢᠷᠤᠭ ᠤᠨ ᠦᠵᠡᠰᠭᠦᠯᠡᠩ ᠵᠡᠷᠭᠡ ᠨᠢ ᠲᠤᠬᠠᠢ ᠶᠢᠨ ᠭᠠᠵᠠᠷ ᠤᠨ ᠠᠷᠠᠳ ᠣᠯᠠᠨ ᠤ ᠠᠩᠬᠠᠷᠤᠯ ᠢ ᠥᠷᠭᠡᠨ ᠢᠶᠠᠷ ᠲᠠᠲᠠᠵᠠᠢ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号