ᠰᠠᠶᠢᠬᠠᠨ ᠲᠣᠭᠤᠷᠢᠭ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠣᠶᠣᠯ ᠤᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/5
     ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠲᠥᠯᠥᠭᠡ᠂ 5 ᠰᠠᠷ᠎ᠠ ᠶᠢᠨ 30 ᠤ ᠡᠳᠦᠷ᠂ ᠰᠠᠶᠢᠬᠠᠨ ᠲᠣᠭᠤᠷᠢᠭ ᠤᠨ ᠵᠣᠣ ᠤᠳᠠ ᠡᠮᠦᠨ᠎ᠡ ᠵᠠᠮ ᠤᠨ ᠵᠡᠭᠡᠯᠢ ᠭᠤᠳᠤᠮᠵᠢ ︽ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠨ ᠠᠴᠢ ᠬᠠᠷᠢᠭᠤᠯᠠᠵᠤ ᠡᠷᠡᠯᠬᠡᠭᠯᠡᠨ ᠤᠷᠤᠭᠰᠢᠯᠠᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠵᠢᠱᠢᠶ᠎ᠡ ᠦᠵᠡᠭᠦᠯᠬᠦ ᠲᠣᠭᠤᠷᠢᠭ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠠᠷ ᠭᠤᠣᠯ ᠰᠡᠳᠦᠪ ᠪᠣᠯᠭᠠᠵᠤ᠂ ᠴᠢᠦ ᠯᠢᠩ ᠴᠡᠴᠡᠷᠯᠢᠭ ᠲᠤ 2024 ᠣᠨ ᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠰᠣᠶᠣᠯ ᠤᠨ ᠦᠵᠡᠭᠦᠯᠦᠯᠭᠡ ᠶᠢᠨ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠶᠢᠨ ᠠᠬᠤᠢ ᠲᠠᠯᠠᠪᠠᠢ ᠳᠤ᠂ ︽ᠮᠢᠨᠤ ᠦᠨᠳᠦᠰᠦ ᠲᠠᠯ᠎ᠠ ᠨᠤᠲᠤᠭ ᠲᠤ ᠪᠠᠶᠢᠨ᠎ᠠ︾ ᠭᠡᠬᠦ ᠨᠠᠶᠢᠷᠠᠯ ᠳᠠᠭᠤᠤ ᠨᠢ ᠨᠤᠲᠤᠭ ᠤᠰᠤ᠂ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠭᠦᠨ ᠰᠡᠳᠬᠢᠯᠭᠡ ᠲᠠᠢ ᠪᠠᠷ ᠢᠯᠡᠳᠬᠡᠵᠦ᠂ ᠲᠥᠪᠡᠳ ᠦᠨᠳᠦᠰᠦᠲᠡᠨ ᠤ ᠪᠥᠵᠢᠭ ︽ᠬᠤᠨᠢᠨ ᠰᠠᠬᠢᠭᠤᠯᠰᠤᠨ︾ ᠭᠡᠬᠦ ᠥᠪᠡᠷᠮᠢᠴᠡ ᠤᠷᠠᠯᠢᠭ ᠤᠨ ᠷᠢᠳᠢ ᠰᠢᠳᠢ ᠪᠠᠷ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠬᠥᠭᠡᠭᠡᠴᠡᠯᠳᠦᠯ ᠢ ᠢᠯᠡᠷᠡᠭᠦᠯᠵᠦ᠂ ᠮᠣᠩᠭᠤᠯ ᠦᠨᠳᠦᠰᠦᠲᠡᠨ ᠤ ᠪᠥᠵᠢᠭ ︽ᠰᠠᠪᠬᠠᠨ ᠪᠥᠵᠢᠭ︾ ᠨᠢ ᠲᠡᠳᠡᠨ ᠤ ᠪᠠᠶᠠᠷ ᠪᠠᠶᠠᠰᠬᠤᠯᠠᠩᠲᠤ ᠠᠶᠢᠵᠠᠮ ᠪᠠ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠡᠭᠦᠨ ᠠᠴᠠ ᠭᠠᠳᠠᠨ᠎ᠠ᠂ ︽ᠤᠷᠠᠨ ᠳᠠᠭᠤᠤ︾᠂ ︽ᠴᠡᠷᠢᠭ ᠤᠨ ᠳᠠᠭᠤᠤ ᠶᠢᠨ ᠨᠠᠶᠢᠷᠠᠯ ᠳᠠᠭᠤᠤ︾ ᠪᠠ ︽ᠶᠠᠩᠭᠠᠷ ᠪᠥᠵᠢᠭ︾ ᠵᠡᠷᠭᠡ ᠲᠣᠭᠯᠠᠯᠲᠠ ᠨᠢ ᠴᠦ ᠥᠪᠡᠷ ᠥᠪᠡᠷ ᠤᠨ ᠣᠨᠴᠠᠯᠢᠭ ᠲᠠᠢ ᠪᠠᠶᠢᠵᠤ᠂ ᠭᠤᠶᠢᠳᠠ ᠰᠠᠶᠢᠬᠠᠨ ᠪᠠᠶᠢᠯ᠎ᠠ᠃           ᠲᠣᠰ ᠤᠳᠠᠭᠠᠨ ᠤ ᠲᠣᠭᠯᠠᠯᠲᠠ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠮᠢᠳᠤᠯᠢᠭ ᠦᠢᠯᠡᠳᠦᠯᠭᠡ ᠪᠣᠯᠣᠨ᠎ᠠ᠃ ᠳᠠᠭᠤᠤ ᠬᠥᠭᠵᠢᠮ᠂ ᠪᠥᠵᠢᠭ ᠵᠡᠷᠭᠡ ᠤᠷᠠᠨ ᠰᠠᠶᠢᠬᠠᠨ ᠤ ᠲᠣᠭᠯᠠᠯᠲᠠ ᠶᠢᠨ ᠬᠡᠯᠪᠡᠷᠢ ᠪᠠᠷ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠳᠤ ᠲᠠᠯᠠᠷᠬᠠᠵᠤ᠂ ᠨᠠᠮ ᠢᠶᠠᠨ ᠲᠠᠭᠠᠵᠤ᠂ ︽ᠲᠠᠪᠤᠨ ᠬᠠᠮᠲᠤ ᠶᠢᠨ ᠲᠠᠨᠢᠯᠲᠠ︾ ᠶᠢᠨ ᠤᠬᠠᠮᠰᠠᠷ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡᠨ ᠬᠠᠮᠲᠤ ᠪᠠᠷ︾᠂ ︽ᠳᠥᠷᠪᠡᠨ ᠬᠠᠮᠲᠤᠳᠬᠠᠬᠤ︾ ᠵᠡᠷᠭᠡ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠣᠶᠢᠯᠠᠭᠠᠭᠳᠠᠬᠤᠨ ᠢ ᠴᠢᠩᠭᠠᠳᠬᠠᠪᠠ᠃             ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠠᠵᠢᠯᠯᠠᠭ᠎ᠠ ᠶᠢᠨ ᠲᠣᠭᠤᠷᠢᠭ ᠭᠠᠷᠭᠠᠵᠤ᠂ ᠡᠯ᠎ᠡ ᠬᠠᠮᠢᠶ᠎ᠠ ᠪᠦᠬᠦᠢ ᠨᠢᠭᠡᠴᠡ ᠳᠡᠯᠭᠡᠨ ᠦᠵᠡᠭᠦᠯᠬᠦ ᠪᠠᠶᠢᠷᠢᠨ ᠳᠤ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂  ᠠᠷᠠᠳ ᠲᠤ ᠠᠰᠢᠭ ᠬᠦᠷᠲᠡᠭᠡᠬᠦ ᠡᠯᠪᠡᠭ ᠪᠠᠶᠠᠯᠢᠭ ᠳᠡᠯᠭᠡᠨ ᠪᠣᠷᠣᠯᠠᠭᠤᠯᠬᠤ ᠦᠢᠯᠡᠳᠬᠦᠨ ᠬᠠᠩᠭᠠᠵᠤ᠂ ᠬᠠᠷᠢᠶᠠᠲᠤ ᠣᠷᠣᠨ ᠤ ᠰᠠᠭᠤᠭᠠᠯᠢ ᠠᠷᠠᠳ ᠲᠤ ᠦᠨᠡᠨ ᠪᠣᠳᠠᠲᠠᠢ ᠬᠠᠷᠠᠭᠠᠯᠵᠠᠯ ᠬᠦᠷᠲᠡᠭᠡᠭᠰᠡᠨ ᠪᠠᠶᠢᠨ᠎ᠠ᠃           ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠬᠤᠭᠤᠷᠣᠨᠳᠣᠬᠢ ᠨᠥᠬᠦᠷᠯᠡᠯ ᠢ ᠨᠡᠮᠡᠭᠳᠡᠭᠦᠯᠵᠦ᠂ ᠦᠨᠳᠦᠰᠦᠲᠡᠨ ᠨᠦᠭᠦᠳ ᠤᠨ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠶᠢ ᠨᠡᠮᠡᠭᠳᠡᠭᠦᠯᠦᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠵᠤ᠂ ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠦ ᠳᠣᠲᠣᠨᠣ ᠪᠠᠶᠢᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠳᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠦᠷᠭᠦᠯᠵᠢᠯᠡᠨ ᠰᠣᠶᠣᠯ ᠢᠶᠠᠷ ᠬᠤᠯᠪᠣᠭᠠᠰᠤ ᠪᠣᠯᠭᠠᠵᠤ᠂ ᠠᠵᠢᠯᠯᠠᠭ᠎ᠠ ᠪᠠᠷ ᠠᠴᠢᠶᠠᠯᠠᠪᠤᠷᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠬᠠᠮᠲᠤᠪᠠᠷ ᠴᠣᠭᠴᠠᠯᠠᠨ ᠪᠠᠶᠢᠭᠤᠯᠤᠨ᠎ᠠ᠃     ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号