ᠰᠠᠶᠢᠬᠠᠨ ᠲᠣᠭᠤᠷᠢᠭ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠥᠷᠨᠢᠭᠦᠯᠪᠡ
ᠨᠡᠶᠢᠲᠡᠯᠡᠭᠰᠡᠨ ᠴᠠᠭ᠄
2024/6/5
       ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠺᠠᠳ᠋ᠷ ᠤᠨ ᠡᠩᠨᠡᠭᠡᠨ ᠤ ᠮᠡᠳᠡᠯᠭᠡ ᠶᠢᠨ ᠰᠢᠨᠡᠴᠢᠯᠡᠯᠲᠡ ᠶᠢ ᠲᠦᠷᠭᠡᠳᠬᠡᠵᠦ᠂ ᠺᠠᠳ᠋ᠷ ᠤᠨ ᠴᠢᠳᠠᠪᠤᠷᠢ ᠶᠢᠨ ᠲᠦᠪᠰᠢᠨ ᠢ ᠦᠨᠡᠨᠬᠦ ᠳᠡᠭᠡᠭᠰᠢᠯᠡᠭᠦᠯᠬᠦ ᠶᠢᠨ ᠲᠥᠯᠥᠭᠡ᠂ 6 ᠰᠠᠷ᠎ᠠ ᠶᠢᠨ 2 ᠤᠨ ᠡᠳᠦᠷ᠂ ᠰᠠᠶᠢᠬᠠᠨ ᠲᠣᠭᠤᠷᠢᠭ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠪᠣᠯᠪᠠᠰᠤᠷᠠᠯ ᠢ ᠪᠦᠬᠦ ᠲᠠᠯ᠎ᠠ ᠪᠠᠷ ᠡᠬᠢᠯᠡᠭᠦᠯᠪᠡ᠃
    ᠠᠩᠬᠠᠨ ᠤ ᠪᠣᠯᠪᠠᠰᠤᠷᠠᠭᠤᠯᠤᠯ ᠨᠢ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠣᠶ ᠪᠣᠯᠭᠠᠵᠤ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ︾ ᠪᠠᠷ ᠭᠤᠣᠯ ᠰᠡᠳᠦᠪ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠪᠠ ᠣᠷᠣᠨ ᠨᠤᠲᠤᠭ ᠤᠨ ᠣᠶᠢᠯᠠᠯᠭ᠎ᠠ ᠰᠤᠳᠤᠯᠬᠤ ᠲᠠᠰᠤᠭ ᠤᠨ ᠡᠷᠬᠢᠯᠡᠭᠴᠢ ᠳ᠋ᠦ᠋ ᠢ ᠰᠢᠨ ᠢ ᠤᠷᠢᠵᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ ᠬᠢᠯᠭᠡᠪᠡ᠃ ᠪᠥᠬᠦ  ᠲᠣᠭᠤᠷᠢᠭ ᠤᠨ ᠳᠡᠳ᠋ ᠰᠠᠯᠠᠭᠠᠨ ᠲᠠᠰ ᠠᠴᠠ ᠳᠡᠭᠡᠭᠰᠢᠬᠢ ᠺᠠᠳ᠋ᠷ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠡᠶᠢᠲᠡ 380 ᠭᠠᠷᠤᠢ ᠬᠥᠮᠥᠨ ᠪᠣᠯᠪᠠᠰᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠱᠢ ᠯᠧᠢ ᠬᠤᠷᠠᠯ ᠢ ᠡᠷᠭᠢᠯᠡᠪᠡ᠃     ᠪᠣᠯᠪᠠᠰᠤᠷᠠᠭᠤᠯᠤᠯ ᠨᠢ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠤᠬᠠᠭᠳᠠᠬᠤᠨ ᠤ ᠠᠬᠤᠢ ᠪᠠᠶᠢᠳᠠᠯ᠂ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠬᠥᠭᠵᠢᠯᠲᠡ ᠶᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠪᠠᠶᠢᠳᠠᠯ᠂ ᠥᠪᠡᠷᠲᠡᠭᠡᠨ ᠵᠠᠰᠠᠬᠤ ᠣᠷᠣᠨ ᠤ ᠰᠢᠨ᠎ᠡ ᠶᠢ ᠡᠭᠦᠳᠦᠨ ᠬᠥᠭᠵᠢᠬᠦ ᠰᠠᠭᠤᠷᠢ ᠪᠠ ᠠᠯᠤᠰ ᠢᠷᠡᠭᠡᠳᠦᠢ ᠵᠡᠷᠭᠡ ᠭᠤᠷᠪᠠᠨ ᠲᠠᠯ᠎ᠠ ᠠᠴᠠ ᠲᠠᠶᠢᠯᠤᠮᠵᠢ ᠬᠢᠪᠡ᠃ ᠠᠭᠤᠯᠭ᠎ᠠ ᠨᠢ ᠪᠦᠬᠦ ᠲᠠᠯ᠎ᠠ ᠶᠢᠨ᠂ ᠠᠭᠤᠯᠤᠭᠳᠠᠬᠤᠨ ᠨᠢ ᠭᠦᠨᠵᠡᠭᠡᠢ᠂ ᠬᠡᠷᠡᠭ ᠤᠨ ᠵᠢᠱᠢᠶ᠎ᠡ ᠨᠢ ᠨᠠᠷᠢᠨ ᠪᠣᠳᠠᠲᠠᠢ᠂ ᠮᠠᠰᠢ ᠴᠢᠩᠭ᠎ᠠ ᠣᠨᠣᠯ ᠪᠠ ᠦᠢᠯᠡᠳᠦᠯᠭᠡ ᠶᠢᠨ ᠵᠢᠯᠤᠭᠤᠳᠬᠤ ᠦᠢᠯᠡᠳᠦᠯ ᠲᠠᠢ ᠪᠠᠶᠢᠵᠤ᠂ ᠬᠤᠷᠠᠯ ᠳᠤ ᠣᠷᠣᠯᠴᠠᠭᠰᠠᠳ ᠤᠨ ᠥᠪᠡᠷᠲᠡᠭᠡᠨ ᠵᠠᠰᠠᠬᠤ ᠣᠷᠣᠨ ᠳᠤ ᠳᠡᠭᠡᠳᠦ ᠬᠡᠮᠵᠢᠶ᠎ᠡ ᠪᠠᠷ ᠰᠠᠶᠢᠬᠠᠨ ᠲᠣᠭᠤᠷᠢᠭ ᠢ ᠦᠵᠡᠬᠦ᠂ ᠥᠪᠡᠷᠲᠡᠭᠡᠨ ᠵᠠᠰᠠᠬᠤ ᠣᠷᠣᠨ ᠤ ᠶᠡᠭᠡ ᠪᠠᠶᠢᠷᠢᠰᠢᠯ ᠳᠤ ᠠᠭᠤᠰᠤᠯᠴᠠᠨ ᠬᠥᠭᠵᠢᠯᠲᠡ ᠶᠢ ᠡᠷᠢᠯᠬᠢᠯᠡᠬᠦ ᠳᠤ ᠰᠡᠩᠬᠡᠷᠡᠭᠦᠯᠦᠯ ᠪᠠ ᠬᠠᠪᠰᠤᠷᠤᠯᠭ᠎ᠠ ᠦᠵᠡᠭᠦᠯᠪᠡ᠃
     ᠲᠣᠰ ᠤᠳᠠᠭᠠᠨ ᠤ ᠲᠤᠰᠬᠠᠢ ᠰᠡᠳᠦᠪᠲᠦ ᠪᠣᠯᠪᠠᠰᠤᠷᠠᠭᠤᠯᠤᠯ ︽ᠬᠤᠣᠰ ᠭᠠᠷᠠᠭ ᠤᠨ ᠲᠠᠶᠢᠯᠤᠮᠵᠢ︾ ᠶᠢᠨ ᠠᠷᠭ᠎ᠠ ᠬᠡᠯᠪᠡᠷᠢ ᠪᠠᠷ ᠶᠠᠪᠤᠭᠳᠠᠵᠤ᠂ ᠰᠢᠨ᠎ᠡ ᠦᠵᠡᠯ ᠰᠠᠨᠠᠭ᠎ᠠ ᠰᠢᠨ᠎ᠡ ᠣᠶᠢᠯᠠᠭᠠᠭᠳᠠᠬᠤᠨ᠂ ᠰᠢᠨ᠎ᠡ ᠮᠡᠷᠭᠡᠵᠢᠯ ᠰᠢᠨ᠎ᠡ ᠠᠵᠤ ᠦᠢᠯᠡᠰ᠂ ᠰᠢᠨ᠎ᠡ ᠪᠠᠶᠢᠳᠠᠯ ᠰᠢᠨ᠎ᠡ ᠠᠷᠭ᠎ᠠ ᠵᠡᠷᠭᠡ ᠭᠤᠷᠪᠠᠨ ᠲᠠᠯ᠎ᠠ ᠶᠢᠨ ᠨᠠᠢᠮᠠᠨ ᠲᠤᠰᠬᠠᠢ ᠰᠡᠳᠦᠪ ᠢ ᠲᠣᠬᠢᠷᠠᠭᠤᠯᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠥᠷᠥ ᠶᠢᠨ ᠪᠣᠳᠣᠯᠭ᠎ᠠ ᠶᠢᠨ ᠰᠤᠳᠤᠯᠭᠠᠨ ᠤ ᠪᠦᠯᠬᠦᠮ ᠨᠡᠶᠢᠲᠡ᠂ ᠲᠣᠭᠤᠷᠢᠭ ᠲᠤ ᠰᠠᠭᠤᠭ᠎ᠠ ᠵᠢᠴᠢ ᠤᠯᠤᠰ ᠤᠨ ᠳᠣᠲᠣᠭᠠᠳᠤ ᠶᠢᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ᠂ ᠨᠠᠷᠠᠲᠤ ᠰᠤᠳᠤᠯᠭᠠᠨ ᠤ ᠪᠦᠯᠬᠦᠮ ᠵᠡᠷᠭᠡ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠠ ᠮᠡᠷᠭᠡᠵᠢᠯ ᠤᠨ ᠲᠤᠰᠬᠠᠢ ᠮᠡᠷᠭᠡᠵᠢᠯᠲᠡᠨ ᠢ ᠤᠷᠢᠵᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠳᠡᠭᠡᠭᠰᠢᠯᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪ ᠢᠶᠠᠷ ᠭᠤᠣᠯᠯᠠᠭᠤᠯᠤᠨ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠬᠦ᠂ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠯᠠᠭᠤᠯᠤᠨ ᠪᠦᠲᠦᠭᠡᠨ ᠪᠠᠶᠢᠭᠤᠯᠬᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ᠂ ᠵᠣᠬᠢᠶᠠᠮᠠᠯ ᠣᠶᠤᠨᠴᠢ ᠠᠵᠤ ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠲᠠᠶᠢᠯᠪᠤᠷᠢᠯᠠᠵᠤ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡᠨ ᠳᠤ ︽ᠴᠡᠨᠡᠭᠯᠡᠵᠦ︾᠂ ᠴᠢᠨᠠᠷ ᠰᠠᠶᠢᠲᠠᠢ ᠬᠥᠭᠵᠢᠯᠲᠡ ᠳᠤ ︽ᠴᠢᠳᠠᠪᠤᠷᠢ ᠣᠯᠭᠤᠬᠤ︾ ᠶᠢ ᠬᠦᠴᠦᠯᠡᠨ ᠪᠡᠶᠡᠯᠡᠭᠦᠯᠵᠦ᠂ ︽ᠲᠣᠭᠤᠷᠢᠭ ᠤᠨ ᠳᠣᠲᠣᠷ᠎ᠠ ᠳᠠᠬᠢᠨ ᠣᠷᠣᠨ ᠪᠠᠶᠢᠷᠢ ᠳᠤᠨᠢ ᠳᠠᠪᠰᠢᠵᠤ᠂ ᠤᠯᠤᠰ ᠤᠨ ᠳᠣᠲᠣᠭᠠᠳᠤ ᠳᠤ ᠵᠠᠭᠤᠨ ᠬᠦᠴᠦᠷᠬᠡᠭ ᠢ ᠲᠡᠮᠡᠴᠡᠨ ᠣᠯᠬᠤ︾ ᠪᠠ ︽ᠳᠥᠷᠪᠡᠨ ᠮᠢᠩᠭᠠᠨ ᠳ᠋ᠦᠩᠰᠢᠭᠤᠷ᠂ ᠲᠠᠪᠤᠨ ᠨᠢᠭᠡᠳᠦᠭᠡᠷ︾ ᠤᠨ ᠬᠥᠭᠵᠢᠯᠲᠡ ᠶᠢᠨ ᠬᠠᠷᠠᠯᠲᠠ ᠶᠢᠨ ︽ᠬᠤᠷᠳᠤᠴᠠ ᠶᠢ ᠲᠦᠷᠭᠡᠳᠬᠡᠬᠦ︾ ᠶᠢ ᠪᠡᠶᠡᠯᠡᠭᠦᠯᠦᠨ᠎ᠡ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ  ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号