ᠭᠡᠷ ᠪᠠᠶᠢᠰᠢᠩ ᠤᠨ ᠠᠮᠤᠷ ᠲᠦᠪᠰᠢᠨ ᠤ ︽ᠠᠮᠢ ᠨᠠᠰᠤᠨ ᠤ ᠬᠡᠷᠡᠮ︾ ᠢ ᠶᠠᠭᠠᠬᠢᠭᠰᠠᠨ ᠴᠦ ᠬᠥᠳᠡᠯᠭᠡᠵᠦ ᠪᠣᠯᠬᠤ ᠦᠭᠡᠢ︕
ᠨᠡᠶᠢᠲᠡᠯᠡᠭᠰᠡᠨ ᠴᠠᠭ᠄
2024/6/5
     ᠰᠢᠨ᠎ᠡ ᠭᠡᠷ ᠢᠶᠠᠨ ᠵᠠᠰᠠᠵᠤ ᠴᠢᠮᠡᠭᠯᠡᠭᠡᠳ ᠨᠢᠭᠡ ᠵᠢᠯ ᠪᠣᠯᠣᠮᠠᠭᠴᠠ ᠳᠣᠣᠷ᠎ᠠ ᠳᠠᠪᠬᠤᠷᠯᠢᠭ ᠤᠨ ᠵᠡᠷᠭᠡᠯᠳᠦᠭᠡ ᠠᠶᠢᠯ ᠤᠨ ᠬᠢᠨ ᠳᠠᠭᠠᠭᠠᠴᠠ ᠬᠡᠷᠡᠮ ᠢ ᠨᠤᠷᠠᠭᠠᠵᠤ᠂ ᠥᠪᠡᠷ ᠤᠨ ᠬᠢᠨ ᠭᠡᠷ ᠪᠠᠶᠢᠰᠢᠩ ᠳᠤ ᠪᠠᠭ᠎ᠠ ᠪᠤᠰᠤ ᠬᠤᠬᠢᠷᠠᠯ ᠤᠴᠠᠷᠠᠭᠤᠯᠪᠠ ᠭᠡᠵᠦ ᠱᠠᠩᠬᠠᠢ ᠶᠢᠨ ᠫᠦ᠋ ᠳ᠋ᠦᠩ ᠤᠨ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ ᠶᠧ ᠠᠪᠠᠭ᠋ᠠᠢ ᠬᠡᠯᠡᠪᠡ᠃            ᠲᠡᠷᠡ ᠲᠤᠬᠠᠢ ᠶᠢᠨ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠪᠠᠶᠢᠳᠠᠯ ᠢ ᠲᠤᠰᠬᠠᠵᠤ᠂ ᠬᠠᠤᠯᠢ ᠬᠡᠷᠡᠭᠵᠢᠭᠦᠯᠬᠦ ᠠᠵᠢᠯᠲᠠᠨ ᠲᠠᠢ ᠬᠠᠮᠲᠤ ᠵᠡᠷᠭᠡᠯᠡᠳᠡᠭᠡ ᠠᠶᠢᠯ ᠤᠨ ᠬᠢᠨ ᠵᠣᠴᠢᠨ ᠤ ᠲᠢᠩᠬᠢᠮ ᠪᠣᠯᠣᠨ ᠤᠨᠲᠠᠬᠤ ᠥᠷᠥᠭᠡ ᠶᠢᠨ ᠬᠤᠭᠤᠷᠣᠨᠳᠣᠬᠢ ᠬᠡᠷᠡᠮ ᠢ ᠨᠢᠭᠡ ᠮᠧᠲᠷ ᠭᠠᠷᠤᠢ ᠥᠷᠭᠡᠨ ᠨᠤᠷᠠᠭᠠᠵᠤ ᠤᠯᠠᠭᠠᠨ ᠲᠣᠭᠤᠰᠬ᠎ᠠ ᠨᠢ ᠭᠠᠷᠴᠤ ᠪᠠᠶᠢᠬᠤ ᠶᠢ ᠬᠠᠷᠠᠵᠠᠢ᠃            ᠳᠠᠭᠠᠭᠠᠴᠠ ᠬᠡᠷᠡᠮ ᠨᠢ ᠪᠠᠷᠢᠯᠭ᠎ᠠ ᠶᠢᠨ ︽ᠠᠮᠢ ᠨᠠᠰᠤᠨ ᠤ ᠬᠡᠷᠡᠮ︾ ᠬᠡᠮᠡᠭᠳᠡᠵᠦ᠂ ᠠᠰᠠᠷ ᠤᠨ ᠳᠠᠪᠬᠤᠷᠭ᠎ᠠ ᠶᠢᠨ ᠬᠦᠨᠳᠦ ᠶᠢᠨ ᠬᠡᠮᠵᠢᠶ᠎ᠡ ᠶᠢ ᠲᠤᠯᠭᠠᠭᠤᠷᠯᠠᠵᠤ ᠪᠠᠶᠢᠭ᠎ᠠ ᠬᠡᠷᠡᠮ ᠢ ᠵᠢᠭᠠᠵᠤ ᠪᠠᠶᠢᠨ᠎ᠠ᠂ ᠪᠠᠷᠢᠯᠭ᠎ᠠ ᠶᠢᠨ ᠨᠢᠷᠤᠭᠤ ᠲᠤᠯᠭᠠᠭᠤᠷᠢ ᠪᠣᠯᠵᠤ ᠪᠠᠶᠢᠨ᠎ᠠ᠂ ᠪᠠᠰᠠ ᠴᠤ ᠭᠡᠷ ᠳᠣᠲᠣᠷᠠᠬᠢ ᠠᠮᠤᠷ ᠲᠦᠪᠰᠢᠨ ᠢ ᠲᠣᠭᠲᠠᠭᠠᠬᠤ ᠴᠢᠬᠤᠯᠠ ᠬᠡᠰᠡᠭ ᠮᠥᠨ᠂ ᠳᠠᠭᠠᠭᠠᠴᠠ ᠬᠡᠷᠡᠮ ᠳᠤ ᠠᠰᠠᠭᠤᠳᠠᠯ ᠭᠠᠷᠪᠠᠯ ᠶᠡᠷᠦ ᠨᠢ ᠪᠦᠬᠦᠯᠢ ᠠᠰᠠᠷ ᠤᠨ ᠰᠠᠭᠤᠭᠠᠯᠢ ᠠᠷᠠᠳ ᠤᠨ ᠠᠮᠤᠷ ᠲᠦᠪᠰᠢᠨ ᠢ ᠰᠦᠷᠳᠡᠭᠦᠯᠵᠦ ᠪᠠᠶᠢᠳᠠᠭ᠃ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ᠂ ᠬᠡᠳᠦᠶᠢᠪᠡᠷ ᠳᠠᠭᠠᠭᠠᠴᠠ ᠬᠡᠷᠡᠮ ᠨᠢ ᠥᠮᠴᠢᠲᠡᠨ ᠤ ᠭᠡᠷ ᠲᠤ ᠪᠠᠶᠢᠭ᠎ᠠ ᠪᠣᠯᠪᠠᠴᠤ᠂ ᠮᠥᠨ ᠯᠡ ᠬᠠᠮᠲᠤ ᠶᠢᠨ ᠭᠠᠵᠠᠷ ᠪᠣᠯᠣᠨ᠎ᠠ᠂ ᠥᠮᠴᠢᠲᠡᠨ ᠬᠡᠷᠡᠮ ᠤᠨ ᠬᠡᠷᠡᠭᠯᠡᠯᠲᠡ ᠶᠢᠨ ᠦᠨᠳᠦᠰᠦᠨ ᠴᠢᠳᠠᠮᠵᠢ ᠶᠢ ᠡᠪᠳᠡᠵᠦ ᠪᠣᠯᠬᠤ ᠦᠭᠡᠢ᠃            ᠭᠡᠪᠡᠴᠦ ᠦᠢᠯᠡᠳᠦᠯᠭᠡ ᠶᠢᠨ ᠳᠤᠮᠳᠠ ᠬᠥᠮᠥᠰ ᠬᠤᠪᠢᠨᠴᠢᠷ ᠰᠠᠨᠠᠭᠠᠨ ᠠᠴᠠ ᠪᠣᠯᠵᠤ ᠳᠠᠭᠠᠭᠠᠴᠠ ᠬᠡᠷᠡᠮ ᠢ ᠣᠶᠢᠭᠡᠷᠠᠴᠢᠯᠠᠨ᠂ ᠴᠢᠨᠠᠭᠰᠢᠯᠠᠪᠠᠯ ᠳᠠᠭᠠᠭᠠᠴᠠ ᠬᠡᠷᠡᠮ ᠢ ᠨᠤᠷᠠᠭᠠᠭᠰᠠᠨ ᠠᠴᠠ ᠪᠣᠯᠤᠭᠰᠠᠨ ᠬᠡᠷᠡᠭ ᠪᠤᠶᠤ ᠵᠢᠭᠤᠷᠠᠯᠳᠤᠭᠠᠨ  ᠨᠢ ᠴᠥᠭᠡᠨ ᠪᠤᠰᠤ ᠪᠠᠶᠢᠳᠠᠭ᠃ ᠵᠡᠷᠭᠡᠯᠳᠦᠭᠡ ᠠᠶᠢᠯ ᠤᠨ ᠬᠢᠨ ᠳᠤᠷ᠎ᠠ ᠪᠠᠷ ᠢᠶᠠᠨ ᠳᠠᠭᠠᠭᠠᠴᠠ ᠬᠡᠷᠡᠮ ᠢ ᠨᠤᠷᠠᠭᠠᠵᠤ ᠢᠯᠡᠴᠢᠯᠡᠭᠳᠡᠭᠰᠡᠨ ᠤ ᠲᠠᠷᠠᠭ᠎ᠠ ᠬᠡᠪ ᠤᠨ ᠪᠠᠶᠢᠳᠠᠯ ᠢ ᠰᠡᠷᠭᠦᠭᠡᠪᠡ          ᠪᠡᠭᠡᠵᠢᠩ ᠬᠤᠲᠠ ᠶᠢᠨ ᠪᠠᠷᠠᠭᠤᠨ ᠬᠤᠲᠠ ᠲᠣᠭᠤᠷᠢᠭ ᠤᠨ ᠲᠤᠤ ᠷᠠᠨ ᠲᠢᠩ ᠵᠡᠭᠡᠯᠢ ᠭᠤᠳᠤᠮᠵᠢ ᠶᠢᠨ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ ᠭᠡᠷ ᠪᠠᠶᠢᠰᠢᠩ 20 ᠳ᠋ᠤᠭᠠᠷ ᠵᠠᠭᠤᠨ ᠤ ᠨᠠᠶᠠᠭᠠᠳ ᠣᠨ ᠤ ᠦᠶ᠎ᠡ ᠪᠠᠷ ᠪᠠᠶᠢᠭᠤᠯᠤᠭᠳᠠᠵᠠᠢ᠂ ᠱᠧᠨ ᠠᠪᠠᠭ᠋ᠠᠢ ᠪᠣᠯ ᠡᠨᠡᠬᠦ ᠰᠠᠭᠤᠭᠠᠯᠢ ᠠᠷᠠᠳ ᠤᠨ ᠲᠣᠭᠤᠷᠢᠭ ᠤᠨ 5 ᠳ᠋ᠤᠭᠠᠷ ᠳᠠᠪᠬᠤᠷᠯᠢᠭ ᠤᠨ ᠰᠠᠭᠤᠭᠠᠯᠢ ᠡᠷᠦᠬᠡ ᠪᠣᠯᠣᠨ᠎ᠠ᠃ ᠱᠧᠨ ᠠᠪᠠᠭ᠋ᠠᠢ ᠶᠢᠨ ᠲᠠᠨᠢᠯᠴᠠᠭᠤᠯᠤᠭᠰᠠᠨ ᠢᠶᠠᠷ᠂ ᠰᠠᠭᠤᠭᠠᠯᠢ ᠠᠷᠠᠳ ᠤᠨ ᠲᠣᠭᠤᠷᠢᠭ ᠲᠤ ᠠᠳᠠᠯ ᠠᠬᠤᠢ ᠶᠢᠨ ᠺᠣᠮᠫᠠᠨᠢ ᠪᠠᠶᠢᠬᠤ ᠦᠭᠡᠢ᠂ ᠭᠡᠷ ᠪᠠᠶᠢᠰᠢᠩ ᠤᠨ ᠪᠦᠬᠦᠯᠢ ᠴᠣᠭᠴᠠ ᠶᠢᠨ ᠪᠦᠲᠦᠴᠡ ᠶᠢ ᠤᠯᠤᠰ ᠲᠤ ᠥᠮᠴᠢᠯᠡᠵᠦ᠂ ᠭᠡᠷ ᠪᠠᠶᠢᠰᠢᠩ ᠤᠨ ᠬᠠᠮᠢᠶᠠᠷᠤᠯᠲᠠ ᠶᠢᠨ ᠭᠠᠵᠠᠷ ᠤᠨ ᠭᠡᠷ ᠪᠠᠶᠢᠰᠢᠩ ᠤᠨ ᠤᠬᠠᠭᠤᠯᠭ᠎ᠠ ᠶᠢᠨ ᠺᠣᠮᠫᠠᠨᠢ ᠠᠴᠠ ᠣᠷᠣᠯᠠᠨ ᠬᠠᠮᠢᠶᠠᠷᠴᠤ ᠪᠠᠶᠢᠨ᠎ᠠ᠃            2023 ᠣᠨ ᠤ 3 ᠳ᠋ᠤᠭᠠᠷ ᠰᠠᠷ᠎ᠠ ᠳᠤ ᠰᠢᠨ᠎ᠡ ᠵᠡᠷᠭᠡᠯᠡᠳᠡᠭᠡ ᠠᠶᠢᠯ ᠨᠡᠭᠦᠵᠦ ᠢᠷᠡᠭᠰᠡᠨ ᠪᠥᠭᠡᠳ ᠰᠢᠨ᠎ᠡ ᠪᠠᠷ ᠵᠠᠰᠠᠵᠤ ᠴᠢᠮᠡᠭᠯᠡᠪᠡ᠃ ᠳᠠᠭᠠᠭᠠᠴᠠ ᠬᠡᠷᠡᠮ ᠥᠭᠡᠷᠡᠴᠢᠯᠡᠭᠳᠡᠭᠰᠡᠨ ᠠᠴᠠ ᠱᠧᠨ ᠠᠪᠠᠭ᠋ᠠᠢ ᠪᠣᠯᠣᠨ ᠭᠡᠷ ᠤᠨ ᠬᠥᠮᠥᠰ ᠨᠢ ᠠᠰᠠᠭᠤᠳᠠᠯ ᠤᠨ ᠬᠦᠨᠳᠦ ᠨᠣᠴᠢᠲᠠᠢ ᠪᠠᠶᠢᠬᠤ ᠶᠢ ᠮᠡᠳᠡᠵᠡᠢ᠂ ᠰᠠᠭᠤᠭᠠᠯᠢ ᠠᠷᠠᠳ ᠤᠨ ᠲᠣᠭᠤᠷᠢᠭ ᠲᠤ ᠪᠠᠰᠠ ᠠᠳᠠᠯ ᠠᠬᠤᠢ ᠶᠢᠨ ᠺᠣᠮᠫᠠᠨᠢ ᠪᠠᠶᠢᠬᠤ ᠦᠭᠡᠢ ᠪᠣᠯᠬᠤᠷ ᠰᠢᠭᠤᠳ 12345 ᠤᠲᠠᠰᠤᠨ ᠳᠤ ᠠᠰᠠᠭᠤᠳᠠᠯ ᠢ ᠲᠤᠰᠬᠠᠪᠠ᠃          ᠳᠠᠷᠠᠭ᠎ᠠ ᠡᠳᠦᠷ᠂ ᠨᠡᠶᠢᠭᠡᠮ ᠲᠣᠭᠤᠷᠢᠭ ᠤᠨ ᠠᠵᠢᠯᠲᠠᠳ ᠲᠤᠬᠠᠢ ᠶᠢᠨ ᠲᠠᠯᠠᠪᠠᠢ ᠳᠤ ᠬᠦᠷᠴᠦ ᠪᠠᠶᠢᠳᠠᠯ ᠢ ᠣᠶᠢᠯᠠᠭᠠᠪᠠ᠃ ᠥᠮᠴᠢᠲᠡᠨ ᠥᠪᠡᠷ ᠤᠨ ᠬᠢᠳᠡᠯ ᠨᠢ  ᠶᠠᠮᠠᠷ ᠵᠣᠬᠢᠰ ᠦᠭᠡᠢ ᠪᠢᠰᠢ᠂ ᠬᠡᠷᠡᠮ ᠢ ᠥᠭᠡᠷᠡᠴᠢᠯᠡᠨ ᠰᠢᠨᠡᠳᠬᠡᠬᠦ   ᠨᠢ ᠲᠣᠮᠣ ᠠᠰᠠᠷ ᠤᠨ ᠪᠦᠲᠦᠴᠡ ᠳᠤ ᠨᠥᠯᠥᠭᠡ ᠦᠭᠡᠢ ᠭᠡᠬᠦ ᠦᠵᠡᠯᠲᠡ ᠪᠠᠨ ᠪᠠᠷᠢᠮᠲᠠᠯᠠᠪᠠ᠃ ᠨᠡᠶᠢᠭᠡᠮ ᠲᠣᠭᠤᠷᠢᠭ ᠤᠨ ᠠᠵᠢᠯᠲᠠᠨ ᠵᠥᠪᠬᠡᠨ ᠲᠤᠰᠬᠠᠢ ᠮᠡᠷᠭᠡᠵᠢᠯ ᠤᠨ ᠰᠠᠯᠠᠭ᠎ᠠ ᠮᠥᠴᠢᠷ ᠢ ᠤᠷᠢᠵᠤ ᠲᠤᠬᠠᠢ ᠶᠢᠨ ᠲᠠᠯᠠᠪᠠᠢ ᠳᠤ ᠬᠢᠨᠠᠨ ᠲᠣᠭᠲᠠᠭᠠᠬᠤ ᠪᠠᠷ ᠪᠣᠯᠵᠠᠢ᠃ ᠳᠠᠷᠠᠭ᠎ᠠ ᠡᠳᠦᠷ ᠨᠢ ᠪᠡᠭᠡᠵᠢᠩ ᠬᠤᠲᠠ ᠶᠢᠨ ᠪᠠᠷᠠᠭᠤᠨ ᠬᠤᠳᠠ ᠲᠣᠭᠤᠷᠢᠭ ᠤᠨ ᠣᠷᠣᠨ ᠰᠠᠭᠤᠴᠠ ᠪᠣᠯᠣᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠠᠵᠢᠯᠲᠠᠨ᠂ ᠭᠡᠷ ᠪᠠᠶᠢᠰᠢᠩ ᠤᠨ ᠤᠬᠠᠭᠤᠯᠭ᠎ᠠ ᠶᠢᠨ ᠺᠣᠮᠫᠠᠨᠢ ᠪᠣᠯᠣᠨ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ 10 ᠭᠠᠷᠤᠢ ᠠᠵᠢᠯᠲᠠᠨ ᠲᠤᠬᠠᠢ ᠶᠢᠨ ᠲᠠᠯᠠᠪᠠᠢ ᠳᠤ ᠢᠷᠡᠵᠦ᠂ ᠬᠠᠶᠢᠨ ᠪᠠᠶᠢᠴᠠᠭᠠᠭᠰᠠᠨ ᠢᠶᠠᠷ᠂ ᠲᠣᠰ ᠡᠷᠦᠬᠡ ᠶᠢᠨ ᠵᠠᠰᠠᠯ ᠴᠢᠮᠡᠭᠯᠡᠯ ᠨᠢ ᠲᠣᠭᠲᠠᠭᠠᠯ ᠠᠴᠠ ᠵᠥᠷᠢᠴᠡᠨ ᠳᠠᠭᠠᠭᠠᠴᠠ ᠬᠡᠷᠡᠮ ᠢ ᠨᠤᠷᠠᠭᠠᠬᠤ ᠦᠢᠯᠡ ᠠᠵᠢᠯᠯᠠᠭ᠎ᠠ ᠦᠨᠡᠨ ᠬᠦ ᠣᠷᠣᠰᠢᠵᠤ ᠪᠠᠶᠢᠨ᠎ᠠ ᠭᠡᠵᠦ ᠲᠣᠭᠲᠠᠭᠠᠵᠤ᠂ ᠲᠡᠭᠦᠨ ᠢ ᠵᠠᠷᠯᠢᠭᠳᠠᠨ ᠠᠵᠢᠯ ᠵᠣᠭᠰᠣᠭᠠᠵᠤ ᠴᠡᠭᠴᠡᠯᠡᠨ ᠰᠠᠶᠢᠵᠢᠷᠠᠭᠤᠯᠪᠠ᠃ ᠡᠭᠦᠨ ᠠᠴᠠ ᠬᠤᠶᠢᠰᠢ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠨᠢᠭᠡᠴᠢ ᠶᠢᠨ ᠠᠵᠢᠯᠲᠠᠳ ᠣᠯᠠᠨ ᠤᠳᠠᠭ᠎ᠠ ᠲᠤᠬᠠᠢ ᠶᠢᠨ ᠲᠠᠯᠠᠪᠠᠢ ᠳᠤ ᠢᠷᠡᠵᠦ ᠰᠢᠮᠳᠠᠭᠤᠯᠤᠨ ᠪᠠᠶᠢᠴᠠᠭᠠᠪᠠ᠃                ᠵᠠᠷ ᠮᠡᠳᠡᠭᠡ ᠶᠢ ᠬᠥᠩᠭᠡᠨ ᠬᠠᠭᠤᠳᠠᠮ ᠢᠶᠠᠷ ᠢᠲᠡᠭᠡᠵᠦ ᠳᠤᠷ᠎ᠠ ᠪᠠᠷ ᠢᠶᠠᠨ ᠨᠤᠷᠠᠭᠠᠵᠤ ᠥᠭᠡᠷᠡᠴᠢᠯᠡᠪᠡᠯ ᠬᠠᠷᠢᠭᠤᠴᠠᠯᠭ᠎ᠠ ᠡᠭᠦᠷᠭᠡᠯᠡᠨ᠎ᠡ     ᠡᠨᠡ ᠵᠢᠯ ᠤᠨ 3 ᠳ᠋ᠤᠭᠠᠷ ᠰᠠᠷ᠎ᠠ ᠳᠤ᠂ ᠪᠡᠭᠡᠵᠢᠩ ᠬᠤᠲᠠ ᠶᠢᠨ ᠢᠷᠭᠡᠨ ᠼᠤᠤ ᠠᠪᠠᠭ᠋ᠠᠢ ᠣᠷᠣᠨ ᠰᠠᠭᠤᠴᠠ ᠪᠠᠨ ᠵᠠᠰᠠᠵᠤ ᠴᠢᠮᠡᠭᠯᠡᠪᠡ᠃ ᠬᠤᠳᠠᠯᠳᠤᠨ ᠠᠪᠤᠭᠰᠠᠨ ᠭᠡᠷ ᠪᠠᠶᠢᠰᠢᠩ ᠨᠢ 40 ᠭᠠᠷᠤᠢ ᠵᠢᠯ ᠤᠨ ᠡᠮᠦᠨ᠎ᠡ ᠪᠠᠶᠢᠭᠤᠯᠤᠭᠰᠠᠨ ᠬᠠᠭᠤᠴᠢᠨ ᠭᠡᠷ ᠪᠠᠶᠢᠰᠢᠩ ᠪᠣᠯᠬᠤᠷ ᠼᠤᠤ ᠠᠪᠠᠭ᠋ᠠᠢ ᠭᠡᠷ ᠪᠠᠶᠢᠰᠢᠩ ᠤᠨ ᠪᠦᠲᠦᠴᠡ ᠳᠤ ᠮᠠᠰᠢ ᠣᠯᠠᠨ ᠬᠠᠨᠤᠮᠵᠢ ᠦᠭᠡᠢ ᠤᠴᠢᠷ ᠠᠴᠠ ᠳᠠᠭᠠᠭᠠᠴᠠ ᠬᠡᠷᠡᠮ ᠢ ᠪᠠᠯᠪᠠᠴᠢᠵᠤ᠂ ᠭᠡᠷ ᠤᠨ ᠳᠣᠲᠣᠷᠠᠬᠢ ᠣᠷᠣᠨ ᠵᠠᠢ ᠶᠢ ᠨᠡᠮᠡᠭᠳᠡᠭᠦᠯᠬᠦ ᠭᠡᠪᠡ᠃            ᠵᠠᠰᠠᠯ ᠴᠢᠮᠡᠭᠯᠡᠯ ᠤᠨ ᠺᠤᠮᠫᠠᠨᠢ ᠠᠴᠠ ᠡᠳᠡᠭᠡᠷ ᠪᠣᠯ ᠪᠦᠷ ᠳᠠᠭᠠᠭᠠᠴᠠ ᠬᠡᠷᠡᠮ ᠨᠤᠷᠠᠭᠠᠵᠤ ᠪᠠᠯᠪᠠᠴᠢᠵᠤ ᠪᠤᠯᠬᠤ ᠦᠭᠡᠢ ᠭᠡᠵᠦ ᠰᠠᠨᠠᠭᠤᠯᠵᠠᠢ᠃ ᠲᠡᠭᠡᠭᠡᠳ ᠲᠡᠷᠡ ᠰᠦᠯᠵᠢᠶᠡᠨ ᠳᠡᠭᠡᠷ᠎ᠡ ︽ᠬᠥᠬᠡ ᠳᠡᠰ ᠤᠨ ᠵᠢᠷᠤᠭ ᠲᠥᠯᠥᠪᠯᠡᠭᠡᠨ ᠤ ᠬᠦᠷᠢᠶᠡᠯᠡᠩ︾ ᠭᠡᠳᠡᠭ ᠤᠬᠠᠭᠤᠯᠭ᠎ᠠ ᠶᠢᠨ ᠪᠢᠴᠢᠭᠡᠰᠦ ᠶᠢ ᠣᠯᠵᠤ᠂ ᠪᠦᠷᠢᠨ ᠪᠦᠲᠦᠨ ᠬᠢᠷᠢ ᠭᠡᠮ ᠲᠠᠢ ᠪᠥᠭᠡᠳ ᠼᠤᠤ ᠠᠪᠠᠭ᠋ᠠᠢ ᠶᠢᠨ ᠳᠤᠷᠠᠳᠤᠭᠰᠠᠨ ᠬᠡᠳᠦᠨ ᠭᠠᠵᠠᠷ ᠢ ᠪᠦᠷ ᠨᠤᠷᠠᠭᠠᠵᠤ ᠪᠣᠯᠣᠨ᠎ᠠ ᠭᠡᠵᠦ ᠠᠮᠠᠯᠳᠠᠵᠠᠢ᠃            ᠡᠨᠡᠬᠦ ᠺᠤᠮᠫᠠᠨᠢ ᠶᠢᠨ ᠬᠠᠭᠤᠷᠮᠠᠭ ᠤᠬᠠᠭᠤᠯᠭ᠎ᠠ ᠶᠢ ᠢᠲᠡᠭᠡᠵᠦ᠂ ᠼᠤᠤ ᠠᠪᠠᠭ᠋ᠠᠢ ᠲᠡᠷᠡ ᠳᠣᠣᠷ᠎ᠠ ᠨᠢ ᠭᠡᠷ᠎ᠡ ᠲᠣᠭᠲᠠᠵᠠᠢ᠃ ᠵᠢᠷᠤᠭ ᠲᠥᠯᠥᠪᠯᠡᠭᠡᠨ ᠤ ᠭᠠᠵᠠᠷ ᠬᠥᠮᠥᠨ ᠲᠣᠮᠢᠯᠠᠨ ᠠᠵᠢᠯ ᠡᠬᠢᠯᠡᠭᠦᠯᠪᠡ᠃ ᠭᠡᠪᠡᠴᠦ ᠵᠡᠷᠭᠡᠯᠡᠳᠡᠭᠡ ᠠᠶᠢᠯ ᠨᠢ ᠬᠤᠯᠪᠣᠭᠳᠠᠯ ᠪᠦᠬᠦᠢ ᠨᠢᠭᠡᠴᠢ ᠳᠤ ᠢᠯᠡᠴᠢᠯᠡᠨ ᠮᠡᠳᠡᠭᠦᠯᠦᠭᠰᠡᠨ ᠪᠠᠶᠢᠨ᠎ᠠ᠃      ︽ᠲᠤᠬᠠᠢ ᠶᠢᠨ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠬᠠᠤᠯᠢ ᠬᠡᠷᠡᠭᠵᠢᠭᠦᠯᠬᠦ ᠠᠩᠭᠢ ᠭᠡᠷ ᠲᠤᠨᠢ ᠬᠦᠷᠴᠦ ᠪᠠᠶᠢᠴᠠᠭᠠᠨ ᠦᠵᠡᠭᠰᠡᠨ ᠤ ᠳᠠᠷᠠᠭ᠎ᠠ᠂ ᠳᠠᠭᠠᠭᠠᠴᠠ ᠬᠡᠷᠡᠮ ᠢ ᠨᠤᠷᠠᠭᠠᠵᠤ ᠪᠣᠯᠬᠤ ᠦᠭᠡᠢ᠂ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠬᠠᠭᠤᠳᠠᠰᠤ ᠭᠠᠷᠭᠠᠵᠤ᠂ ᠤᠤᠯ ᠪᠠᠶᠢᠳᠠᠯ ᠢ ᠰᠡᠷᠭᠦᠭᠡᠬᠦ ᠶᠢ ᠱᠠᠭᠠᠷᠳᠠᠪᠠ︾᠃ ᠼᠤᠤ ᠠᠪᠠᠭ᠋ᠠᠢ ᠥᠪᠡᠷ ᠢ ᠪᠠᠨ ︽ᠬᠥᠬᠡ ᠳᠡᠰ ᠤᠨ ᠵᠢᠷᠤᠭ ᠲᠥᠯᠥᠪᠯᠡᠭᠡ ᠶᠢᠨ ᠬᠦᠷᠢᠶᠡᠯᠡᠩ︾ ᠲᠤ ᠮᠡᠬᠡᠯᠡᠭᠳᠡᠭᠰᠡᠨ ᠢᠶᠠᠨ ᠮᠡᠳᠡᠵᠦ᠂ ᠲᠤᠬᠠᠢ ᠶᠢᠨ ᠭᠠᠵᠠᠷ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠵᠥᠪᠯᠡᠯ ᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠪᠥᠭᠡᠳ ᠰᠢᠯᠭᠠᠨ ᠠᠪᠤᠭᠰᠠᠨ ᠤ ᠳᠠᠷᠠᠭ᠎ᠠ᠂ ᠡᠨᠡ ᠬᠦ ᠵᠢᠷᠤᠭ ᠲᠥᠯᠥᠪᠯᠡᠭᠡᠨ ᠤ ᠬᠦᠷᠢᠶᠡᠯᠡᠩ ᠢ ᠵᠠᠭᠠᠯᠳᠤᠬᠤ ᠪᠠᠷ ᠲᠣᠭᠲᠠᠪᠠ᠃            ᠬᠥᠬᠡ ᠳᠡᠰ ᠤᠨ ᠵᠢᠷᠤᠭ ᠲᠥᠯᠥᠪᠯᠡᠭᠡᠨ ᠤ ᠬᠦᠷᠢᠶᠡᠯᠡᠩ ᠤᠨ ᠲᠡᠰ ᠲᠤ ᠬᠦᠷᠦᠭᠰᠡᠨ ᠺᠤᠮᠫᠠᠨᠢ ᠨᠢ ᠵᠣᠬᠢᠬᠤ ᠬᠡᠮᠵᠢᠶᠡᠨ ᠤ ᠮᠡᠷᠭᠡᠵᠢᠯ ᠤᠨ ᠬᠢᠷᠢ ᠲᠦᠪᠰᠢᠨ ᠪᠠ ᠬᠠᠮᠢᠶ᠎ᠠ ᠪᠦᠬᠦᠢ ᠮᠠᠲ᠋ᠧᠷᠢᠶᠠᠯ ᠪᠠᠶᠢᠬᠤ ᠬᠡᠷᠡᠭᠲᠡᠢ᠂ ᠭᠡᠪᠡᠴᠦ ᠳᠠᠭᠠᠭᠠᠴᠠ ᠬᠡᠷᠡᠮ ᠢ ᠨᠤᠷᠠᠭᠠᠵᠤ ᠪᠤᠯᠬᠤ ᠦᠭᠡᠢ᠃ ︽ᠨᠢᠭᠡ ᠲᠠᠯ᠎ᠠ ᠪᠠᠷ᠂ ᠡᠩ ᠤᠨ ᠣᠷᠣᠨ ᠰᠠᠭᠤᠴᠠ ᠳᠤ ᠠᠪᠴᠤ ᠬᠡᠯᠡᠪᠡᠯ᠂ ᠥᠭᠡᠷᠡᠴᠢᠯᠡᠬᠦ ᠬᠡᠷᠡᠭᠴᠡᠭᠡ ᠨᠢ ᠦᠨᠡᠨ ᠳᠡᠭᠡᠨ ᠲᠡᠶᠢᠮᠦ ᠶᠡᠭᠡ ᠪᠢᠰᠢ᠂ ᠬᠡᠷᠪᠡ ᠬᠥᠬᠡ ᠳᠡᠰ ᠤᠨ ᠵᠢᠷᠤᠭ ᠲᠥᠯᠥᠪᠯᠡᠭᠡᠨ ᠤ ᠬᠦᠷᠢᠶᠡᠯᠡᠩ ᠢ ᠤᠷᠢᠵᠤ ᠵᠢᠷᠤᠭ ᠲᠥᠯᠥᠪᠯᠡᠭᠡ ᠬᠢᠯᠭᠡᠪᠡᠯ ᠥᠪᠡᠷ ᠤᠨ ᠦᠷᠳᠡᠭ ᠥᠨᠳᠥᠷ︔ ᠨᠥᠭᠦᠭᠡ ᠲᠠᠯ᠎ᠠ ᠪᠠᠷ᠂ ᠬᠥᠬᠡ ᠳᠡᠰ ᠤᠨ ᠵᠢᠷᠤᠭ ᠲᠥᠯᠥᠪᠯᠡᠭᠡᠨ ᠤ ᠬᠦᠷᠢᠶᠡᠯᠡᠩ ᠭᠡᠬᠦ ᠨᠡᠷᠡᠲᠦ ᠲᠡᠮᠳᠡᠭ ᠨᠢ ᠡᠩ ᠤᠨ ᠬᠥᠮᠥᠨ ᠳᠤ ᠨᠢᠭᠡ ᠵᠦᠢᠯ ᠤᠨ ᠰᠣᠬᠤᠷ ᠪᠠᠯᠠᠢ ᠪᠠᠷ ᠢᠲᠡᠭᠡᠬᠦ ᠰᠡᠳᠬᠢᠯᠭᠡ ᠲᠠᠢ ᠪᠣᠯᠭᠠᠵᠤ ᠮᠡᠳᠡᠨ᠎ᠡ᠂ ᠭᠡᠪᠡᠴᠦ ᠪᠣᠢ ᠪᠦᠬᠦᠢ ᠬᠥᠬᠡ ᠳᠡᠰ ᠤᠨ ᠵᠢᠷᠤᠭ ᠲᠥᠯᠥᠪᠯᠡᠭᠡᠨ ᠤ ᠬᠦᠷᠢᠶᠡᠯᠡᠩ ᠳᠤ ᠴᠥᠮ ᠳᠠᠭᠠᠭᠠᠴᠠ ᠬᠡᠷᠡᠮ ᠢ ᠨᠤᠷᠠᠭᠠᠵᠤ ᠥᠭᠡᠷᠡᠴᠢᠯᠡᠬᠦ ᠬᠢᠷᠢ ᠭᠡᠮ ᠪᠠᠶᠢᠬᠤ ᠪᠢᠰᠢ᠃ ᠬᠡᠷᠪᠡ ᠦᠨᠡᠨ ᠬᠦ ᠬᠥᠬᠡ ᠲᠠᠰ ᠤᠨ ᠵᠢᠷᠤᠭ ᠲᠥᠯᠥᠪᠯᠡᠭᠡᠨ ᠤ ᠬᠦᠷᠢᠶᠡᠯᠡᠩ ᠢ ᠰᠣᠩᠭᠤᠵᠤ ᠡᠶᠢᠮᠦ ᠥᠭᠡᠷᠡᠴᠢᠯᠡᠯᠲᠡ ᠬᠢᠬᠦ ᠳᠤ ᠡᠷᠬᠡᠪᠰᠢ ᠠᠯᠢᠪᠠ ᠭᠡᠷᠡᠴᠢ ᠲᠡᠮᠳᠡᠭ ᠢ ᠦᠯᠡᠳᠡᠭᠡᠵᠦ᠂ ᠠᠰᠠᠭᠤᠳᠠᠯ ᠭᠠᠷᠪᠠᠯ ᠵᠢᠷᠤᠵᠤ ᠲᠥᠯᠥᠪᠯᠡᠬᠦ ᠪᠠᠶᠢᠭᠤᠯᠤᠮᠵᠢ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ︾᠃            ᠦᠢᠯᠡᠳᠦᠯᠭᠡ ᠳᠤᠮᠳᠠ᠂ ᠥᠮᠴᠢᠲᠡᠨ ᠰᠠᠨᠠᠭᠠᠴᠢᠯᠠᠭ᠎ᠠ ᠠᠴᠠ ᠪᠠᠨ ᠭᠡᠷ ᠪᠠᠶᠢᠰᠢᠩ ᠤᠨ ᠬᠡᠷᠡᠭᠯᠡᠭᠡᠨ ᠤ ᠲᠠᠯᠠᠪᠠᠶ ᠶᠢ ᠥᠷᠭᠡᠳᠬᠡᠵᠦ᠂ ᠭᠡᠷ ᠪᠠᠶᠢᠰᠢᠩ ᠤᠨ ᠪᠦᠲᠦᠴᠡ ᠶᠢ ᠬᠤᠪᠢᠷᠠᠭᠤᠯᠬᠤ ᠳᠠᠭᠠᠭᠠᠴᠠ ᠬᠡᠷᠡᠮ ᠢ ᠨᠤᠷᠠᠭᠠᠨ ᠥᠭᠡᠷᠡᠴᠢᠯᠡᠬᠦ ᠠᠴᠠ ᠭᠠᠳᠠᠨ᠎ᠠ ᠪᠠᠰᠠ ᠴᠥᠭᠡᠨ ᠪᠤᠰᠤ ᠥᠮᠴᠢᠲᠡᠨ ᠰᠠᠨᠠᠭᠠᠴᠢᠯᠠᠭ᠎ᠠ ᠦᠭᠡᠢ ᠪᠠᠷ ᠳᠠᠭᠠᠭᠠᠴᠠ ᠬᠡᠷᠡᠮ ᠢ ᠥᠭᠡᠷᠡᠴᠢᠯᠡᠭᠰᠡᠨ ᠭᠡᠷ ᠪᠠᠶᠢᠰᠢᠩ ᠤᠨ ᠡᠵᠡᠨ ᠪᠣᠯᠵᠠᠢ᠃            ᠡᠨᠡ ᠵᠢᠯ ᠤᠨ 4 ᠳ᠋ᠦ᠋ᠭᠡᠷ ᠰᠠᠷ᠎ᠠ ᠠᠴᠠ ᠡᠬᠢᠯᠡᠨ ᠭᠡᠷ ᠳᠣᠲᠣᠷᠠᠬᠢ ᠵᠠᠰᠠᠯ ᠴᠢᠮᠡᠭᠯᠡᠯ ᠢᠶᠠᠨ ᠡᠬᠢᠯᠡᠭᠦᠯᠦᠭᠰᠡᠨ ᠵᠢᠶᠠᠩᠰᠤ ᠶᠢᠨ ᠨᠠᠨᠵᠢᠩ ᠤᠨ ᠰᠠᠭᠤᠭᠠᠯᠢ ᠠᠷᠠᠳ ᠭᠦᠸᠧ ᠠᠪᠠᠭ᠋ᠠᠢ᠄ ︽ᠤᠤᠯ ᠤᠨ ᠥᠮᠴᠢᠲᠡᠨ ᠳᠠᠭᠠᠭᠠᠴᠠ ᠬᠡᠷᠡᠮ ᠢ ᠪᠠᠯᠪᠠᠴᠢᠵᠤ ᠥᠩᠭᠡᠷᠡᠵᠡᠢ᠃ ᠳᠠᠭᠠᠭᠠᠴᠠ ᠬᠡᠷᠡᠮ ᠤᠨ ᠠᠰᠠᠭᠤᠳᠠᠯ ᠶᠡᠭᠡ᠂ ᠡᠷᠬᠡᠪᠡᠰᠢ ᠴᠢᠬᠤᠯᠠᠴᠢᠯᠠᠬᠤ ᠬᠡᠷᠡᠭᠲᠡᠢ ᠭᠡᠳᠡᠭ ᠵᠠᠰᠠᠵᠤ ᠴᠢᠮᠡᠭᠯᠡᠬᠦ ᠠᠵᠢᠯᠲᠠᠨ ᠤ ᠮᠡᠳᠡᠭᠡ ᠶᠢ ᠣᠯᠪᠠ᠃ ᠭᠦᠸᠧ ᠠᠪᠠᠭ᠋ᠠᠢ ᠲᠡᠷᠡ ᠳᠣᠣᠷ᠎ᠠ ᠨᠢ ᠲᠤᠬᠠᠢ ᠶᠢᠨ ᠭᠠᠵᠠᠷ ᠤᠨ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠲᠠᠢ ᠬᠠᠷᠢᠯᠴᠠᠵᠤ ᠬᠤᠯᠪᠣᠭᠳᠠᠯ ᠪᠦᠬᠦᠢ ᠪᠠᠶᠢᠳᠠᠯ ᠢ ᠲᠣᠳᠣᠷᠬᠠᠶᠢᠯᠠᠪᠠ᠃ ᠭᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠲᠡᠷᠡ ᠳᠠᠷᠤᠢ ᠲᠤᠨᠢ ᠤᠤᠯ ᠤᠨ ᠪᠠᠶᠢᠳᠠᠯ ᠢ ᠰᠡᠷᠭᠦᠭᠡᠬᠦ ᠪᠠᠷ ᠱᠠᠭᠠᠷᠳᠠᠵᠠᠢ᠂ ᠰᠡᠭᠦᠯᠡᠷ ᠨᠢ ᠵᠠᠰᠠᠨ ᠴᠢᠮᠡᠭᠯᠡᠬᠦ ᠺᠣᠮᠫᠠᠨᠢ ᠶᠢᠨ ᠪᠠᠷᠤᠭᠴᠠᠭᠠᠯᠠᠭᠰᠠᠨ ᠢᠶᠠᠷ ᠬᠢᠷᠢ ᠴᠢᠳᠠᠮᠵᠢ ᠲᠠᠢ ᠵᠢᠷᠤᠭ ᠲᠥᠯᠥᠪᠯᠡᠭᠡᠨ ᠤ ᠬᠦᠷᠢᠶᠡᠯᠡᠩ ᠢ ᠡᠷᠢᠵᠦ ᠲᠠᠬᠢᠨ ᠪᠠᠬᠢᠯᠡᠬᠦ ᠵᠠᠷᠤᠳᠠᠯ ᠲᠦᠮᠡ ᠭᠠᠷᠤᠢ ᠲᠥᠭᠦᠷᠢᠭ ᠠᠴᠠ ᠬᠡᠲᠦᠷᠡᠨ᠎ᠡ᠃            ︽ᠠᠷᠠᠯᠵᠢᠶᠠᠯᠠᠬᠤ ᠦᠶ᠎ᠡ ᠳᠤ ᠤᠤᠯ ᠤᠨ ᠥᠮᠴᠢᠲᠡᠨ ᠡᠨᠡ ᠪᠠᠶᠢᠳᠠᠯ ᠢ ᠳᠤᠷᠠᠳᠤᠭᠰᠠᠨ ᠦᠭᠡᠢ᠂ ᠡᠰᠡ ᠲᠡᠭᠡᠪᠡᠯ ᠪᠢᠳᠡ ᠯᠠᠪᠲᠠᠢ ᠬᠤᠳᠠᠯᠳᠤᠨ ᠠᠪᠬᠤ ᠦᠭᠡᠢ ᠶᠤᠮ᠃ ᠪᠢᠳᠡ ᠣᠯᠵᠤ ᠮᠡᠳᠡᠭᠰᠡᠨ ᠤ ᠳᠠᠷᠠᠭ᠎ᠠ ᠲᠡᠭᠦᠨ ᠲᠠᠢ ᠬᠠᠷᠢᠴᠠᠵᠤ ᠪᠠᠶᠢᠨ᠎ᠠ᠂ ᠡᠨᠡ ᠶᠠᠪᠤᠳᠠᠯ ᠤᠨ ᠲᠥᠯᠥᠪᠦᠷᠢ ᠶᠢ ᠡᠭᠦᠷᠭᠡᠭᠦᠯᠦᠨ᠎ᠡ︾᠂ ᠣᠳᠣᠬᠠᠨ ᠳᠤ ᠲᠡᠷᠡ ᠨᠢᠭᠡᠨᠲᠡ ᠲᠤᠰᠬᠠᠢ ᠮᠡᠷᠭᠡᠵᠢᠯ ᠤᠨ ᠵᠠᠰᠠᠨ ᠴᠢᠮᠡᠭᠯᠡᠬᠦ ᠺᠤᠮᠫᠠᠨᠢ ᠶᠢ ᠡᠷᠢᠵᠦ ᠤᠤᠯ ᠬᠡᠪ ᠲᠤᠨᠢ ᠪᠤᠴᠠᠭᠠᠵᠤ᠂ ᠵᠠᠰᠠᠨ ᠴᠢᠮᠡᠭᠯᠡᠯ ᠳᠠᠭᠤᠰᠤᠭᠰᠠᠨ ᠤ ᠲᠠᠷᠠᠭ᠎ᠠ ᠵᠠᠭᠠᠯᠳᠤᠵᠤ ᠤᠤᠯ ᠥᠮᠴᠢᠯᠡᠭᠴᠢ ᠠᠴᠠ ᠲᠥᠯᠥᠭᠦᠯᠬᠦ ᠪᠠᠷ ᠪᠡᠯᠡᠳᠬᠡᠵᠦ ᠪᠠᠶᠢᠨ᠎ᠠ ᠭᠡᠵᠦ ᠭᠦᠸᠧ ᠠᠪᠠᠭ᠋ᠠᠢ ᠬᠡᠯᠡᠪᠡ᠃ ᠬᠤᠸᠠᠳᠦ᠋ᠩ ᠤᠯᠤᠰ ᠲᠥᠷᠥ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥ ᠶᠢᠨ ᠪᠣᠳᠣᠯᠭ᠎ᠠ ᠬᠠᠤᠯᠢ ᠴᠠᠭᠠᠵᠠ ᠶᠢᠨ ᠰᠤᠳᠤᠯᠭᠠᠨ ᠤ ᠭᠠᠵᠠᠷ ᠤᠨ ᠳᠠᠷᠤᠭ᠎ᠠ ᠶᠠᠩ ᠴᠢᠨ ᠹᠠ ᠢᠯᠡᠷᠬᠡᠶᠢᠯᠡᠭᠰᠡᠨ ᠨᠢ᠂ ᠳᠠᠭᠠᠭᠠᠴᠠ ᠬᠡᠷᠡᠮ ᠢ ᠳᠤᠷ᠎ᠠ ᠪᠠᠷ ᠢᠶᠠᠨ ᠨᠤᠷᠠᠭᠠᠪᠠᠯ ᠢᠷᠭᠡᠨ ᠤ ᠬᠡᠷᠡᠭ ᠤᠨ ᠬᠠᠷᠢᠭᠤᠴᠠᠯᠭ᠎ᠠ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠴᠢᠨᠠᠭᠰᠢᠯᠠᠪᠠᠯ ᠡᠷᠡᠭᠦᠦ ᠶᠢᠨ ᠬᠠᠷᠢᠭᠤᠴᠠᠯᠭ᠎ᠠ ᠳᠤ ᠲᠤᠯᠭᠠᠷᠠᠵᠤ ᠮᠡᠳᠡᠨ᠎ᠡ᠃ ᠪᠠᠷᠢᠯᠭ᠎ᠠ ᠶᠢᠨ ᠬᠠᠤᠯᠢ᠂ ᠢᠷᠭᠡᠨ ᠤ ᠬᠠᠤᠯᠢ ᠶᠢᠨ ᠪᠢᠴᠢᠭ᠂ ︽ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠤᠨ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠴᠥᠮ ᠳᠠᠭᠠᠭᠠᠴᠠ ᠬᠡᠷᠡᠮ ᠢ ᠳᠤᠷ᠎ᠠ ᠪᠠᠷ ᠢᠶᠠᠨ ᠨᠤᠷᠠᠭᠠᠨ ᠥᠭᠡᠷᠡᠴᠢᠯᠡᠬᠦ ᠠᠵᠢᠯᠯᠠᠭ᠎ᠠ ᠶᠢᠨ ᠲᠤᠬᠠᠢ ᠲᠣᠳᠣᠷᠬᠠᠢ ᠲᠣᠭᠲᠠᠭᠠᠯ ᠲᠠᠢ᠃ ᠵᠢᠱᠢᠶᠡᠯᠡᠪᠡᠯ᠂ ᠪᠠᠷᠢᠯᠭ᠎ᠠ ᠶᠢᠨ ᠬᠠᠤᠯᠢ ᠶᠢᠨ ᠳᠠᠯᠠᠳᠤᠭᠠᠷ ᠵᠦᠢᠯ ᠳᠤ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠪᠠᠷᠢᠯᠭ᠎ᠠ ᠶᠢᠨ ᠭᠤᠣᠯ ᠴᠣᠭᠴᠠ ᠪᠤᠶᠤ ᠳᠠᠭᠠᠭᠠᠴᠠ ᠪᠦᠲᠦᠴᠡ ᠲᠠᠢ ᠬᠤᠯᠪᠣᠭᠳᠠᠬᠤ ᠵᠠᠰᠠᠨ ᠴᠢᠮᠡᠭᠯᠡᠬᠦ ᠪᠠᠷᠢᠯᠭ᠎ᠠ ᠶᠢ ᠳᠤᠷ᠎ᠠ ᠪᠠᠷ ᠢᠶᠠᠨ ᠥᠭᠡᠷᠡᠴᠢᠯᠡᠨ ᠨᠤᠷᠠᠭᠠᠭᠰᠠᠨ ᠪᠠᠶᠢᠪᠠᠯ᠂ ᠵᠠᠷᠯᠢᠭᠳᠠᠵᠤ ᠪᠠᠶᠢᠭᠠᠳ ᠵᠠᠯᠠᠷᠠᠭᠤᠯᠵᠤ᠂ ᠵᠣᠭᠤᠰ ᠢᠶᠠᠷ ᠲᠣᠷᠭᠠᠨ᠎ᠠ︔ ᠬᠤᠬᠢᠷᠠᠯ ᠤᠴᠠᠷᠠᠭᠤᠯᠤᠭᠰᠠᠨ ᠪᠠᠶᠢᠪᠠᠯ᠂ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ︔ ᠶᠠᠯ᠎ᠠ ᠪᠣᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ ᠡᠭᠦᠨ ᠤ ᠬᠠᠮᠲᠤ ᠡᠷᠡᠭᠦᠦ ᠶᠢᠨ ᠬᠠᠤᠯᠢ ᠶᠢ ᠦᠨᠳᠦᠰᠦᠯᠡᠪᠡᠯ᠂ ᠳᠠᠭᠠᠭᠠᠴᠠ ᠬᠡᠷᠡᠮ ᠢ ᠳᠤᠷ᠎ᠠ ᠪᠠᠷ ᠢᠶᠠᠨ ᠨᠤᠷᠠᠭᠠᠬᠤ ᠠᠴᠠ ᠪᠣᠯᠵᠤ ᠪᠠᠷᠢᠯᠭ᠎ᠠ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ᠂ ᠡᠳ᠋ ᠬᠥᠷᠥᠩᠭᠡ ᠶᠢᠨ ᠬᠦᠨᠳᠦ ᠶᠡᠭᠡ ᠬᠤᠬᠢᠷᠠᠯ ᠤᠴᠠᠷᠠᠭᠤᠯᠤᠭᠰᠠᠨ ᠪᠠᠶᠢᠪᠠᠯ᠂ ᠠᠶᠤᠯᠲᠠᠢ ᠠᠷᠭ᠎ᠠ ᠪᠠᠷ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠪᠣᠯᠣᠨ᠎ᠠ ᠭᠡᠵᠡᠢ᠃            ᠴᠢᠩᠭ᠎ᠠ ᠰᠢᠢᠳᠬᠡᠯ ᠤᠨ ᠲᠣᠭᠲᠠᠭᠠᠯ ᠢ ᠨᠠᠷᠢᠯᠢᠭᠵᠢᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠬᠡᠪᠰᠢ ᠨᠠᠶᠢᠳᠠᠪᠤᠷᠢᠵᠢᠭᠤᠯᠬᠤ ᠬᠡᠷᠡᠭᠲᠡᠢ            ᠠᠩᠬᠠᠷᠤᠭᠤᠰᠢᠲᠠᠢ ᠨᠢ᠂ ᠳᠠᠭᠠᠭᠠᠴᠠ ᠬᠡᠷᠡᠮ ᠢ ᠨᠤᠷᠠᠭᠠᠭᠰᠠᠨ ᠠᠴᠠ ᠪᠣᠯᠵᠤ ᠠᠳᠡᠯ ᠪᠤᠶᠤ ᠵᠢᠭᠤᠷᠠᠯᠳᠤᠭᠠᠨ ᠡᠭᠦᠰᠦᠭᠰᠡᠨ ᠬᠡᠷᠡᠭ ᠨᠢ ᠴᠥᠭᠡᠨ ᠪᠢᠰᠢ᠂ ᠵᠠᠷᠢᠮ ᠨᠢ ᠨᠡᠩ ᠴᠦ ᠭᠤᠨᠢᠭᠲᠤ ᠵᠦᠴᠦᠭᠡ ᠪᠣᠯᠵᠤ ᠪᠠᠶᠢᠨ᠎ᠠ᠃            2021 ᠣᠨ ᠳᠤ ᠵᠧᠵᠢᠶᠠᠩ ᠮᠤᠵᠢ ᠶᠢᠨ ᠬᠠᠩᠵᠧᠦ ᠬᠤᠲᠠ ᠶᠢᠨ ᠰᠢᠶᠣᠣ ᠱᠠᠨ ᠭᠤᠸᠠ ᠯᠢ ᠪᠠᠯᠭᠠᠰᠤᠨ ᠤ ᠨᠢᠭᠡᠨ ᠠᠰᠠᠷ ᠤᠨ ᠨᠢᠭᠡᠳᠦᠭᠡᠷ ᠳᠠᠪᠬᠤᠷᠯᠢᠭ ᠤᠨ ᠥᠮᠴᠢᠲᠡᠨ ᠬᠦᠨᠳᠦ ᠶᠢ ᠳᠠᠭᠠᠭᠠᠬᠤ ᠬᠡᠷᠡᠮ ᠢ ᠨᠤᠷᠠᠭᠠᠭᠰᠠᠨ ᠠᠴᠠ ᠪᠦᠬᠦᠯᠢ ᠠᠰᠠᠷ ᠨᠢ ︽ᠠᠶᠤᠯ ᠲᠠᠢ ᠭᠡᠷ︾ ᠪᠣᠯᠵᠠᠢ᠃ ᠡᠴᠦᠰ ᠲᠤ᠂ ᠠᠶᠤᠯᠲᠠᠢ ᠠᠷᠭ᠎ᠠ ᠪᠠᠷ ᠤᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠬᠢᠭᠰᠡᠨ ᠢᠶᠠᠷ ᠰᠡᠵᠢᠭᠯᠡᠭᠳᠡᠭᠰᠡᠨ ᠲᠤᠰ ᠡᠷᠦᠬᠡ ᠶᠢᠨ ᠥᠮᠴᠢᠲᠡᠨ᠂ ᠪᠠᠷᠢᠯᠭ᠎ᠠ ᠶᠢᠨ ᠠᠵᠢᠯ ᠢ ᠳᠠᠭᠠᠭᠠᠴᠢᠯᠠᠭᠴᠢ ᠨᠢ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠪᠠᠷ ᠰᠢᠢᠳᠬᠡᠭᠳᠡᠵᠡᠢ᠃            2023 ᠣᠨ ᠤ 5 ᠳ᠋ᠤᠭᠠᠷ ᠰᠠᠷ᠎ᠠ ᠳᠤ᠂ ᠬᠠᠷᠠᠮᠥ᠋ᠷᠡᠨ ᠮᠤᠵᠢ ᠶᠢᠨ ᠬᠠᠷᠪᠢᠨ ᠬᠤᠲᠠ ᠶᠢᠨ ᠰᠥᠩ ᠪᠧᠢ ᠲᠣᠭᠤᠷᠢᠭ ᠤᠨ ᠨᠢᠭᠡᠨ ᠰᠠᠭᠤᠭᠠᠯᠢ ᠠᠷᠠᠳ ᠤᠨ ᠲᠣᠭᠤᠷᠢᠭ ᠤᠨ B ᠠᠰᠠᠷ ᠤᠨ ᠵᠠᠷᠢᠮ ᠬᠥᠮᠥᠨ ᠳᠠᠭᠠᠭᠠᠴᠠ ᠬᠡᠷᠡᠮ ᠢ ᠨᠤᠷᠠᠭᠠᠵᠤ᠂ ᠰᠠᠭᠤᠭᠠᠯᠢ ᠠᠷᠠᠳ ᠤᠨ ᠲᠣᠭᠤᠷᠢᠭ ᠤᠨ ᠪᠥᠬᠦ ᠰᠠᠭᠤᠭᠠᠯᠢ ᠠᠷᠠᠳ ᠤᠨ ᠠᠰᠠᠷ ᠤᠨ ᠳᠣᠲᠣᠷ᠎ᠠ 240 ᠭᠠᠷᠤᠢ ᠡᠷᠦᠬᠡ ᠥᠮᠴᠢᠲᠡᠨ ᠤ ᠠᠮᠢᠳᠤᠷᠠᠯ ᠯᠤᠲᠤ ᠶᠡᠭᠡ ᠨᠥᠯᠥᠭᠡ ᠳᠤ ᠤᠴᠠᠷᠠᠪᠠ᠃ ᠲᠤᠰ ᠵᠢᠯ ᠤᠨ 6 ᠳ᠋ᠤᠭᠠᠷ ᠰᠠᠷ᠎ᠠ ᠳᠤ ᠬᠠᠷᠪᠢᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠰᠥᠩ ᠪᠧᠢ ᠬᠤᠪᠢᠶᠠᠷᠢ ᠲᠣᠪᠴᠢᠶ᠎ᠠ ᠨᠢ  ᠠᠶᠤᠯᠲᠠᠢ ᠠᠷᠭ᠎ᠠ ᠪᠠᠷ ᠣᠯᠠᠨ ᠨᠡᠶᠢᠳᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯ᠎ᠠ ᠳᠤ ᠬᠤᠯᠪᠣᠭᠳᠠᠭᠰᠠᠨ ᠲᠦᠷᠢᠶᠡᠰᠦᠯᠡᠭᠴᠢ ᠵᠠᠩ ᠣᠪᠣᠭᠲᠤ᠂ ᠮᠠ ᠣᠪᠣᠭᠲᠤ᠂ ᠪᠠᠷᠢᠯᠭ᠎ᠠ ᠶᠢᠨ ᠠᠵᠢᠯᠲᠠᠨ ᠴᠠᠩ ᠣᠪᠣᠭᠲᠤ᠂ ᠯᠢᠦ ᠣᠪᠣᠭᠲᠤ ᠵᠢᠴᠢ ᠠᠳᠠᠯ ᠠᠬᠤᠢ ᠶᠢᠨ ᠺᠣᠮᠫᠠᠨᠢ ᠶᠢᠨ ᠳᠠᠭᠠᠭᠠᠮᠠᠯ ᠵᠠᠩ ᠣᠪᠣᠭᠲᠤ 5 ᠬᠥᠮᠥᠨ ᠳᠤ ᠡᠷᠡᠭᠦᠦ ᠶᠢᠨ ᠬᠡᠷᠡᠭ ᠤᠨ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠴᠠᠢ᠃ ᠬᠡᠷᠡᠭ ᠲᠤ ᠬᠤᠯᠪᠣᠭᠳᠠᠭᠰᠠᠨ ᠭᠡᠷ ᠪᠠᠶᠢᠰᠢᠩ ᠤᠨ ᠥᠮᠴᠢᠯᠡᠭᠴᠢ ᠵᠦ ᠣᠪᠣᠭᠲᠤ᠂ ᠠᠳᠠᠯ ᠠᠬᠤᠢ ᠶᠢᠨ ᠺᠣᠮᠫᠠᠨᠢ ᠶᠢ ᠳᠡᠭᠡᠳᠦ ᠬᠢᠵᠠᠭᠠᠷ ᠢᠶᠠᠷ ᠬᠦᠨᠳᠦ ᠪᠠᠷ ᠰᠢᠢᠳᠬᠡᠪᠡ᠃            ᠬᠠᠤᠯᠢ ᠴᠠᠭᠠᠵᠠ ᠬᠠᠤᠯᠢ ᠲᠣᠭᠲᠠᠭᠠᠯ ᠨᠢ ᠠᠯᠢ ᠡᠷᠲᠡ ᠨᠢᠭᠡᠨᠲᠡ ᠳᠠᠭᠠᠭᠠᠴᠠ ᠬᠡᠷᠡᠮ ᠢ ᠳᠤᠷ᠎ᠠ ᠪᠠᠷ ᠢᠶᠠᠨ ᠨᠤᠷᠠᠭᠠᠬᠤ ᠶᠢ ᠴᠠᠭᠠᠵᠠᠯᠠᠭᠰᠠᠨ ᠠᠴᠠ ᠭᠠᠳᠠᠨ᠎ᠠ᠂ ᠣᠶᠢᠷ᠎ᠠ ᠶᠢᠨ ᠵᠢᠯ ᠤᠳ ᠲᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠡᠯ᠎ᠡ ᠭᠠᠵᠠᠷ ᠤᠨ ᠬᠢᠨ ᠪᠠᠰᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠵᠦ᠂ ᠦᠢᠯᠡᠳᠦᠯᠭᠡ ᠶᠢᠨ ᠳᠤᠮᠳᠠ ᠳᠠᠭᠠᠭᠠᠴᠠ ᠬᠡᠷᠡᠮ ᠢ ᠡᠪᠳᠡᠬᠦ ᠵᠡᠷᠭᠡ ᠠᠰᠠᠭᠤᠳᠠᠯ ᠤᠨ ᠲᠤᠬᠠᠢ ᠳᠦᠷᠢᠮ ᠲᠣᠭᠲᠠᠭᠠᠯ ᠢ ᠤᠯᠠᠮ ᠨᠢᠭᠡ ᠠᠯᠬᠤᠮ  ᠨᠠᠷᠢᠯᠢᠭᠵᠢᠭᠤᠯᠪᠠ᠃            2023 ᠣᠨ ᠤ 6 ᠳ᠋ᠤᠭᠠᠷ ᠰᠠᠷ᠎ᠠ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ︽ᠬᠤᠲᠠ ᠶᠢᠨ ᠭᠡᠷ ᠪᠠᠶᠢᠰᠢᠩ ᠤᠨ ᠭᠡᠷ ᠳᠣᠲᠣᠷᠠᠬᠢ ᠵᠠᠰᠠᠯ ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠮᠡᠳᠡᠭᠳᠡᠯ︾ ᠢ ᠨᠡᠶᠢᠲᠡᠯᠡᠵᠦ᠂ ᠵᠠᠰᠠᠨ ᠴᠢᠮᠡᠭᠯᠡᠬᠦ ᠠᠵᠢᠯᠯᠠᠭ᠎ᠠ ᠶᠢᠨ ᠡᠯ᠎ᠡ ᠭᠤᠭᠴᠤᠭ᠎ᠠ ᠳᠤ ᠴᠢᠭᠯᠡᠭᠦᠯᠦᠨ᠂ ᠵᠠᠰᠠᠨ ᠴᠢᠮᠡᠭᠯᠡᠬᠦ ᠠᠵᠢᠯᠯᠠᠭ᠎ᠠ ᠶᠢᠨ ᠳᠤᠮᠳᠠ ᠡᠯ᠎ᠡ ᠲᠠᠯ᠎ᠠ ᠪᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠬᠤᠯᠪᠣᠭᠳᠠᠬᠤ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠵᠠᠰᠠᠨ ᠴᠢᠮᠡᠭᠯᠡᠬᠦ ᠠᠵᠢᠯᠯᠠᠭ᠎ᠠ ᠶᠢ ᠵᠢᠷᠤᠮᠵᠢᠭᠤᠯᠤᠨ᠂ ᠬᠠᠮᠢᠶ᠎ᠠ ᠪᠦᠬᠦᠢ ᠬᠥᠮᠥᠰ ᠪᠠ ᠬᠠᠷᠢᠭᠤᠴᠠᠯᠭᠠᠲᠤ ᠭᠤᠣᠯ ᠴᠣᠭᠴᠠ ᠶᠢᠨ ᠭᠡᠷ ᠪᠠᠶᠢᠰᠢᠩ ᠤᠨ ᠵᠠᠰᠠᠯ ᠴᠢᠮᠡᠭᠯᠡᠯ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠵᠠᠰᠠᠨ ᠴᠢᠮᠡᠭᠯᠡᠬᠦ ᠶᠠᠰᠤ ᠴᠢᠨᠠᠷ ᠤᠨ ᠠᠮᠤᠷ ᠲᠦᠪᠰᠢᠨ ᠪᠠ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠪᠠ᠃            ᠡᠭᠦᠨ ᠠᠴᠠ ᠡᠮᠦᠨ᠎ᠡ᠂ ᠪᠡᠭᠡᠵᠢᠩ᠂ ᠠᠨᠾᠦ᠋ᠢ ᠮᠤᠵᠢ ᠶᠢᠨ ᠹᠦ᠋ ᠶᠠᠩ ᠬᠤᠲᠠ ᠵᠡᠷᠭᠡ ᠭᠠᠵᠠᠷ ᠤᠨ ᠬᠢᠨ ᠨᠢᠭᠡᠨᠲᠡ ᠬᠠᠮᠢᠶ᠎ᠠ ᠪᠦᠬᠦᠢ ᠮᠡᠳᠡᠭᠳᠡᠯ ᠨᠡᠶᠢᠲᠡᠯᠡᠵᠦ᠂ ᠭᠡᠷ ᠪᠠᠶᠢᠰᠢᠩ ᠤᠨ ᠳᠣᠲᠣᠷᠠᠬᠢ ᠵᠠᠰᠠᠯ ᠴᠢᠮᠡᠭᠯᠡᠯ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠢᠨᠠᠨ ᠬᠠᠮᠢᠶᠠᠷᠬᠤ ᠲᠣᠭᠲᠠᠴᠠ ᠪᠠᠶᠢᠭᠤᠯᠤᠯ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠯᠠᠨ ᠨᠡᠶᠢᠲᠡ ᠶᠢᠨ ᠠᠮᠤᠷ ᠲᠦᠪᠰᠢᠨ ᠪᠠ ᠤᠯᠠᠨ ᠨᠡᠶᠢᠲᠡ ᠶᠢᠨ ᠠᠰᠢᠭ ᠲᠤᠰᠠ ᠶᠢ ᠪᠠᠲᠤᠯᠠᠪᠠ᠃ ᠵᠢᠱᠢᠶᠡᠯᠡᠪᠡᠯ᠂ ᠪᠡᠭᠡᠵᠢᠩ 2023 ᠣᠨ ᠤ 5 ᠳ᠋ᠤᠭᠠᠷ ᠰᠠᠷ᠎ᠠ ᠶᠢᠨ ᠰᠡᠭᠦᠯᠴᠢ ᠳᠤ ︽ᠣᠷᠣᠨ ᠰᠠᠭᠤᠴᠠ ᠶᠢᠨ ᠳᠠᠭᠠᠭᠠᠴᠠ ᠪᠦᠲᠦᠴᠡ ᠶᠢ ᠨᠤᠷᠠᠭᠠᠵᠤ ᠥᠭᠡᠷᠡᠴᠢᠯᠡᠬᠦ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠪᠠᠴᠢᠮ ᠮᠡᠳᠡᠭᠳᠡᠯ︾ ᠢ ᠨᠡᠶᠢᠲᠡᠯᠡᠵᠦ᠂ ᠪᠥᠬᠦ ᠬᠤᠲᠠ ᠶᠢᠨ ᠭᠡᠷ ᠪᠠᠶᠢᠰᠢᠩ ᠤᠨ ᠪᠠᠷᠢᠯᠭ᠎ᠠ ᠳᠤ ᠪᠠᠷᠢᠯᠭ᠎ᠠ ᠶᠢᠨ ᠭᠤᠣᠯ ᠴᠣᠭᠴᠠ ᠪᠠ ᠳᠠᠭᠠᠭᠠᠴᠠ ᠪᠦᠲᠦᠴᠡ ᠶᠢ ᠳᠤᠷ᠎ᠠ ᠪᠠᠷ ᠢᠶᠠᠨ ᠬᠤᠪᠢᠷᠠᠭᠤᠯᠬᠤ ᠦᠢᠯᠡ ᠠᠵᠢᠯᠯᠠᠭ᠎ᠠ ᠭᠠᠷᠬᠤ ᠶᠢ ᠴᠢᠩᠭ᠎ᠠ ᠴᠠᠭᠠᠵᠠᠯᠠᠬᠤ ᠶᠢ ᠲᠣᠳᠣᠷᠬᠠᠢ ᠲᠣᠭᠲᠠᠭᠠᠵᠠᠢ᠃ ᠭᠡᠷ ᠪᠠᠶᠢᠰᠢᠩ ᠤᠨ ᠥᠮᠴᠢᠯᠡᠭᠴᠢ᠂ ᠬᠡᠷᠡᠭᠯᠡᠭᠴᠢ ᠭᠡᠷ ᠪᠠᠶᠢᠰᠢᠩ ᠬᠡᠷᠡᠭᠯᠡᠬᠦ ᠶᠠᠪᠤᠴᠠ ᠳᠠᠬᠢ ᠪᠠᠶᠢᠴᠠᠭᠠᠯᠲᠠ᠂ ᠲᠣᠭᠤᠷᠢᠨ ᠪᠠᠶᠢᠴᠠᠭᠠᠯᠲᠠ ᠪᠠᠨ ᠴᠢᠩᠭᠠᠳᠬᠠᠵᠤ᠂ ᠣᠷᠣᠨ ᠰᠠᠭᠤᠴᠠ ᠳᠤ ᠬᠤᠪᠢᠷᠠᠯᠲᠠ ᠭᠠᠷᠤᠭᠰᠠᠨ ᠪᠠᠷᠢᠯᠭ᠎ᠠ ᠶᠢᠨ ᠭᠤᠣᠯ ᠴᠣᠭᠴᠠ ᠪᠠ ᠳᠠᠭᠠᠭᠠᠴᠠ ᠪᠦᠲᠦᠴᠡ ᠶᠢᠨ ᠦᠢᠯᠡ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ ᠴᠠᠭ ᠲᠤᠬᠠᠢ ᠳᠤᠨᠢ ᠢᠳᠬᠠᠨ  ᠬᠤᠷᠢᠭᠯᠠᠨ᠎ᠠ᠂ ᠢᠳᠬᠠᠭᠠᠳ ᠬᠦᠴᠦᠨ ᠦᠭᠡᠢ ᠪᠤᠶᠤ ᠨᠢᠭᠡᠨᠲᠡ ᠤᠷᠰᠢᠭ ᠲᠠᠲᠠᠭᠰᠠᠨ ᠪᠠᠶᠢᠪᠠᠯ᠂ ᠴᠠᠭ ᠲᠤᠬᠠᠢ ᠳᠤᠨᠢ ᠥᠮᠴᠢᠲᠡᠨ ᠤ ᠵᠥᠪᠯᠡᠯ ᠪᠤᠶᠤ ᠰᠠᠭᠤᠭᠠᠯᠢ ᠠᠷᠠᠳ ᠤᠨ ᠵᠥᠪᠯᠡᠯ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠵᠡᠷᠭᠡ ᠳᠤ ᠮᠡᠳᠡᠭᠦᠯᠬᠦ ᠬᠡᠷᠡᠭᠲᠡᠢ᠃            ᠳᠤᠷ᠎ᠠ ᠪᠠᠷ ᠢᠶᠠᠨ ᠥᠭᠡᠷᠡᠴᠢᠯᠡᠵᠦ ᠨᠤᠷᠠᠭᠠᠬᠤ ᠠᠵᠢᠯᠯᠠᠭ᠎ᠠ ᠶᠢ ᠬᠡᠷᠬᠢᠨ ᠵᠠᠰᠠᠬᠤ ᠪᠤᠢ︖ ︽ᠭᠡᠷ ᠪᠠᠶᠢᠰᠢᠩ ᠤᠨ ᠥᠮᠴᠢᠯᠡᠭᠴᠢ᠂ ᠬᠡᠷᠡᠭᠯᠡᠭᠴᠢ᠂ ᠵᠠᠰᠠᠵᠤ ᠴᠢᠮᠡᠭᠯᠡᠬᠦ ᠠᠵᠤ ᠠᠬᠤᠶᠢᠯᠠᠯ ᠪᠠ ᠵᠢᠷᠤᠵᠤ ᠲᠥᠯᠥᠪᠯᠡᠬᠦ ᠨᠢᠭᠡᠴᠢ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠢᠩᠭᠠᠷᠠᠭᠤᠯᠵᠤ᠂ ᠨᠠᠶᠢᠳᠠᠪᠤᠷᠢᠵᠢᠭᠤᠯᠬᠤ︾ ᠬᠡᠷᠡᠭᠲᠡᠢ᠂ ᠭᠡᠷ ᠪᠠᠶᠢᠰᠢᠩ ᠤᠨ ᠥᠮᠴᠢᠯᠡᠭᠴᠢ᠂ ᠬᠡᠷᠡᠭᠯᠡᠭᠴᠢ ᠶᠢᠨ ᠵᠠᠰᠠᠵᠤ ᠴᠢᠮᠡᠭᠯᠡᠬᠦ ᠠᠵᠢᠯᠯᠠᠭ᠎ᠠ ᠥᠷᠨᠢᠭᠦᠯᠬᠦ ᠳᠡᠭᠡᠨ ᠬᠠᠤᠯᠢ ᠲᠣᠭᠲᠠᠭᠠᠯ ᠶᠣᠰᠣᠭᠠᠷ ᠴᠢᠩᠭ᠎ᠠ ᠶᠠᠪᠤᠭᠳᠠᠭᠤᠯᠵᠤ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠲᠣᠭᠲᠠᠭᠠᠯ ᠢ ᠴᠢᠩᠭ᠎ᠠ ᠵᠢᠷᠤᠮᠯᠠᠬᠤ ᠶᠢᠨ ᠬᠠᠮᠲᠤ ᠵᠠᠰᠠᠨ ᠴᠢᠮᠡᠭᠯᠡᠬᠦ ᠠᠵᠤ ᠠᠬᠤᠶᠢᠯᠠᠯ ᠯᠤᠭ᠎ᠠ ᠵᠠᠰᠠᠨ ᠴᠢᠮᠡᠭᠯᠡᠬᠦ ᠬᠠᠮᠢᠶᠠᠷᠤᠯᠲᠠ ᠶᠢᠨ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠪᠠᠷᠢᠯᠭ᠎ᠠ ᠶᠢᠨ ᠭᠤᠣᠯ ᠴᠣᠭᠴᠠ ᠪᠠ ᠳᠠᠭᠠᠭᠠᠴᠠ ᠪᠦᠲᠦᠴᠡ ᠶᠢ ᠨᠥᠯᠥᠭᠡᠯᠡᠬᠦ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠳᠠᠭᠠᠭᠠᠴᠠ ᠬᠡᠷᠡᠮ ᠢ ᠥᠭᠡᠷᠡᠴᠢᠯᠡᠵᠦ ᠨᠤᠷᠠᠭᠠᠬᠤ ᠠᠴᠠ ᠪᠣᠯᠤᠭᠰᠠᠨ ᠪᠠᠷᠢᠯᠭ᠎ᠠ ᠶᠢ ᠰᠡᠷᠭᠦᠭᠡᠬᠦ ᠵᠡᠷᠭᠡ ᠬᠠᠮᠢᠶ᠎ᠠ ᠪᠦᠬᠦᠢ ᠵᠠᠷᠤᠳᠠᠯ ᠢ ᠭᠡᠷ ᠪᠠᠶᠢᠰᠢᠩ ᠤᠨ ᠥᠮᠴᠢᠯᠡᠭᠴᠢ ᠪᠤᠶᠤ ᠭᠡᠷ ᠪᠠᠶᠢᠰᠢᠩ ᠬᠡᠷᠡᠭᠯᠡᠭᠴᠢ᠂ ᠵᠠᠰᠠᠨ ᠴᠢᠮᠡᠭᠯᠡᠬᠦ ᠠᠵᠤ ᠠᠬᠤᠶᠢᠯᠠᠯ ᠠᠴᠠ ᠡᠭᠦᠷᠭᠡᠯᠡᠬᠦ ᠬᠡᠷᠡᠭᠲᠡᠢ︔ ᠵᠠᠰᠠᠨ ᠴᠢᠮᠡᠭᠯᠡᠬᠦ ᠠᠵᠤ ᠠᠬᠤᠶᠢᠯᠠᠯ ᠤᠳ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠪᠠ ᠪᠤᠰᠤᠳ ᠮᠡᠷᠭᠡᠵᠢᠯ ᠤᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠠᠵᠢᠯᠯᠠᠵᠤ᠂ ᠬᠥᠮᠥᠨ ᠪᠠ ᠭᠡᠷ ᠪᠠᠶᠢᠰᠢᠩ ᠤᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠠᠵᠢᠯ ᠤᠨ ᠭᠤᠣᠯ ᠴᠣᠭᠴᠠ ᠪᠣᠯᠣᠨ ᠳᠠᠭᠠᠭᠠᠴᠠ ᠬᠡᠷᠡᠮ ᠢ ᠳᠤᠷ᠎ᠠ ᠪᠠᠷ ᠢᠶᠠᠨ ᠬᠤᠪᠢᠷᠠᠭᠤᠯᠤᠭᠰᠠᠨ ᠵᠡᠷᠭᠡ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠬᠢᠨᠠᠨ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠪᠠᠶᠢᠳᠠᠯ ᠢ ᠨᠢ ᠦᠵᠡᠵᠦ ᠵᠣᠭᠤᠰ ᠢᠶᠠᠷ ᠲᠣᠷᠭᠠᠬᠤ᠂ ᠠᠵᠢᠯ ᠢ ᠨᠢ ᠵᠣᠭᠰᠣᠭᠠᠨ ᠴᠡᠭᠴᠡᠯᠡᠬᠦ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠡᠷᠭᠡ ᠰᠢᠢᠳᠬᠡᠯ ᠥᠭᠬᠦ ᠶᠢᠨ ᠬᠠᠮᠲᠤ᠂ ᠠᠵᠤ ᠠᠬᠤᠶᠢᠯᠠᠯ ᠤᠨ ᠢᠲᠡᠭᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠨ ᠣᠷᠣᠭᠤᠯᠵᠤ᠂ ᠬᠠᠷᠢᠭᠤᠴᠠᠯᠭ᠎ᠠ ᠲᠠᠢ ᠬᠠᠮᠢᠶ᠎ᠠ ᠪᠦᠬᠦᠢ ᠠᠵᠢᠯ ᠡᠷᠬᠢᠯᠡᠭᠰᠡᠳ ᠢ ᠬᠠᠤᠯᠢ ᠶᠣᠰᠣᠭᠠᠷ ᠰᠢᠢᠳᠬᠡᠨ᠎ᠡ︔ ᠵᠢᠷᠤᠵᠤ ᠲᠥᠯᠥᠪᠯᠡᠬᠦ ᠨᠢᠭᠡᠴᠢ ᠶᠢᠨ ᠭᠠᠷᠭᠠᠭᠰᠠᠨ ᠵᠢᠷᠤᠭ ᠲᠥᠯᠥᠪᠯᠡᠭᠡ ᠶᠢᠨ ᠪᠢᠴᠢᠭ ᠵᠡᠷᠭᠡ ᠳᠤ ᠨᠤᠷᠠᠭᠠᠬᠤ ᠪᠠᠯᠪᠠᠴᠢᠬᠤ᠂ ᠳᠠᠭᠠᠭᠠᠴᠠ ᠬᠡᠷᠡᠮ ᠢ ᠨᠣᠷᠭᠠᠵᠤ ᠥᠭᠡᠷᠡᠴᠢᠯᠡᠬᠦ ᠠᠭᠤᠯᠭ᠎ᠠ ᠪᠠᠶᠢᠪᠠᠯ᠂ ᠬᠢᠨᠠᠨ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠳᠠᠯ ᠢ ᠦᠵᠡᠵᠦ ᠵᠣᠭᠤᠰ ᠢᠶᠠᠷ ᠲᠣᠷᠭᠠᠬᠤ᠂ ᠠᠵᠢᠯ ᠢ ᠨᠢ ᠵᠣᠭᠰᠣᠭᠠᠨ ᠴᠡᠭᠴᠡᠯᠡᠬᠦ᠂ ᠬᠢᠷᠢ ᠬᠡᠮ ᠤᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠦᠭᠡᠢ ᠪᠣᠯᠭᠠᠬᠤ ᠵᠡᠷᠭᠡ ᠰᠢᠢᠳᠬᠡᠯ ᠥᠭᠴᠦ᠂ ᠬᠠᠤᠯᠢ ᠶᠣᠰᠣᠭᠠᠷ ᠬᠠᠷᠢᠭᠤᠴᠠᠯᠭ᠎ᠠ ᠲᠠᠢ ᠠᠵᠢᠯ ᠡᠷᠬᠢᠯᠡᠭᠰᠡᠳ ᠢ ᠵᠠᠯᠬᠠᠭᠠᠨ ᠰᠢᠢᠳᠬᠡᠬᠦ ᠬᠡᠷᠡᠭᠲᠡᠢ᠃          ᠢᠷᠡᠯᠲᠡ᠄ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠰᠣᠨᠢᠨ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号