ᠬᠡᠲᠦᠷᠡᠭᠦᠯᠦᠨ ᠮᠠᠯᠵᠢᠬᠤ ᠶᠢ ᠴᠡᠭᠴᠡᠯᠡᠬᠦ ᠲᠤᠰᠬᠠᠢ ᠠᠵᠢᠯᠯᠠᠭ᠎ᠠ ᠶᠢ ᠡᠬᠢᠯᠡᠭᠦᠯᠪᠡ
ᠨᠡᠶᠢᠲᠡᠯᠡᠭᠰᠡᠨ ᠴᠠᠭ᠄
2024/6/5
    ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠤᠲᠤᠭ ᠪᠡᠯᠴᠢᠭᠡᠷ ᠢ ᠰᠡᠯᠭᠦᠨ ᠰᠡᠷᠭᠦᠭᠡᠬᠦ ᠶᠢ ᠠᠬᠢᠭᠤᠯᠵᠤ᠂ ︽ᠤᠮᠠᠷᠠᠲᠤ  ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠭᠦ ᠶᠢᠨ ᠲᠥᠯᠥᠭᠡ᠂ 5 ᠰᠠᠷ᠎ᠠ ᠠᠴᠠ 11 ᠰᠠᠷ᠎ᠠ ᠪᠤᠯᠲᠠᠯ᠎ᠠ᠂ ᠮᠠᠨ ᠤ ᠣᠷᠣᠨ 7 ᠰᠠᠷ᠎ᠠ ᠶᠢᠨ ᠬᠤᠭᠤᠴᠠᠭ᠎ᠠ ᠲᠠᠢ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠶᠢ ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ ᠥᠷᠨᠢᠭᠦᠯᠬᠦ ᠪᠠᠷ ᠪᠤᠢ᠃     ᠥᠪᠥᠷ ᠮᠣᠩᠭᠤᠯ ᠤᠨ ᠲᠠᠯ᠎ᠠ ᠨᠤᠲᠤᠭ ᠪᠣᠯ ᠠᠽᠢᠶ᠎ᠠ ᠡᠸᠦ᠋ᠷᠦᠫᠡ ᠶᠢᠨ ᠲᠠᠯ᠎ᠠ ᠨᠤᠲᠤᠭ ᠤᠨ ᠴᠢᠬᠤᠯᠠ ᠪᠦᠷᠢᠯᠳᠦᠭᠦᠨ ᠬᠡᠰᠡᠭ ᠮᠥᠨ᠂ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢ ᠪᠦᠲᠦᠭᠡᠨ ᠪᠠᠶᠢᠭᠤᠯᠬᠤ ᠶᠢᠨ ᠭᠤᠣᠯ ᠵᠢᠭᠰᠠᠭᠠᠯ ᠤᠨ ᠭᠠᠵᠠᠷ ᠮᠥᠨ᠂ ᠪᠠᠰᠠ ᠴᠤ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠭᠤᠣᠯ ᠲᠡᠶᠢᠨ ᠤ ᠲᠠᠯᠠᠪᠤᠷ ᠮᠥᠨ᠃ ᠲᠤᠰᠬᠠᠢ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠬᠢᠨ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠰᠡᠷᠭᠦᠭᠡᠬᠦ ᠲᠣᠭᠤᠷᠢᠨ ᠪᠠᠶᠢᠴᠠᠭᠠᠯᠲᠠ ᠥᠷᠨᠢᠭᠦᠯᠬᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠳᠦᠷᠢᠮ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠪᠠ ᠵᠢᠷᠤᠮᠵᠢᠭᠤᠯᠬᠤ᠂ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ ᠪᠠᠷ ᠳᠠᠮᠵᠢᠭᠤᠯᠤᠨ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠵᠠᠰᠠᠬᠤ ᠲᠤᠰᠬᠠᠢ ᠠᠵᠢᠯᠯᠠᠭ᠎ᠠ ᠶᠢᠨ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠨ᠎ᠠ᠃     ᠡᠯ᠎ᠡ ᠭᠠᠵᠠᠷ ᠤᠨ ᠬᠢᠨ ᠨᠤᠲᠤᠭ ᠪᠡᠯᠴᠢᠭᠡᠷ ᠤᠨ ᠪᠡᠯᠴᠢᠭᠡᠷᠯᠡᠭᠦᠯᠬᠦ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠲᠣᠭᠤᠷᠢᠨ ᠪᠠᠶᠢᠴᠠᠭᠠᠯᠲᠠ ᠶᠢ ᠴᠢᠩᠭᠠᠳᠬᠠᠬᠤ ᠶᠢᠨ ᠲᠥᠯᠥᠭᠡ᠂ 9.7 ᠳ᠋ᠦᠩᠰᠢᠭᠤᠷ ᠮᠦ ᠨᠤᠲᠤᠭ ᠪᠡᠯᠴᠢᠭᠡᠷ ᠢ ᠲᠤᠤᠷᠵᠢᠭᠤᠯᠤᠬᠰᠠᠨ ᠨᠢᠭᠡ ᠴᠣᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠳᠤ ᠣᠷᠣᠭᠤᠯᠵᠤ᠂ ᠲᠣᠭᠲᠠᠭᠠᠯ ᠠᠴᠠ ᠵᠥᠷᠢᠴᠡᠨ ᠮᠠᠯᠵᠢᠬᠤ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠢᠯᠡᠷᠡᠭᠦᠯᠬᠦ ᠪᠠ ᠬᠤᠷᠢᠭᠯᠠᠨ ᠵᠣᠭᠰᠤᠭᠠᠬᠤ ᠶᠢᠨ ᠬᠠᠮᠲᠤ ᠲᠣᠭᠤᠷᠢᠨ ᠪᠠᠶᠢᠴᠠᠭᠠᠭᠰᠠᠨ ᠦᠷ᠎ᠡ ᠳ᠋ᠦᠩ ᠢ 2024 ᠣᠨ ᠤ ᠣᠶ ᠶᠢᠨ ᠳᠠᠷᠤᠭ᠎ᠠ ᠶᠢᠨ ᠳᠦᠷᠢᠮ ᠤᠨ ᠬᠢᠨᠠᠨ ᠰᠢᠯᠭᠠᠯᠲᠠ ᠳᠤ ᠣᠷᠣᠭᠤᠯᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠵᠦ ᠪᠠᠶᠢᠭ᠎ᠠ ᠭᠡᠷ ᠤᠨ ᠲᠡᠵᠢᠭᠡᠪᠦᠷᠢ ᠶᠢᠨ ᠲᠤᠭ᠎ᠠ ᠬᠡᠮᠵᠢᠶ᠎ᠡ ᠪᠣᠯᠣᠨ ᠪᠡᠯᠴᠢᠭᠡᠷᠯᠡᠭᠦᠯᠵᠦ ᠪᠠᠶᠢᠭ᠎ᠠ ᠡᠷᠴᠢᠮ ᠢ ᠵᠦᠢ ᠵᠣᠬᠢᠰᠲᠠᠢ ᠬᠢᠵᠠᠭᠠᠷᠯᠠᠨ᠂ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ ᠮᠥᠩᠭᠦ ᠭᠠᠷᠭᠠᠵᠤ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠭᠴᠢ ᠶᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠲᠥᠷᠥ ᠶᠢᠨ ᠪᠣᠳᠣᠯᠭ᠎ᠠ ᠶᠢᠨ ᠡᠷᠬᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ  ᠯᠤᠭ᠎ᠠ ᠬᠤᠯᠪᠣᠭᠳᠠᠭᠤᠯᠵᠤ᠂ ᠮᠠᠯᠴᠢᠨ ᠲᠠᠷᠢᠶᠠᠴᠢᠳ ᠤᠨ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠡᠭᠦᠷᠭᠡ ᠶᠢ ᠠᠯᠬᠤᠮ ᠠᠯᠬᠤᠮ ᠢᠶᠠᠷ ᠪᠣᠳᠠᠲᠠᠶᠢᠵᠢᠭᠤᠯᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠤᠳ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠲᠠᠢ ᠬᠤᠯᠪᠤᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠶᠢ ᠪᠠᠶᠢᠩᠭᠤ ᠵᠠᠰᠠᠬᠤ ᠠᠵᠢᠯ ᠢ ᠬᠠᠮᠵᠢᠯᠴᠠᠨ ᠠᠬᠢᠭᠤᠯᠬᠤ ᠲᠣᠭᠲᠠᠴᠠ ᠪᠠ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠪᠠᠶᠢᠭᠤᠯᠬᠤ ᠶᠢ ᠲᠦᠯᠬᠢᠨ ᠠᠬᠢᠭᠤᠯᠵᠤ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠶᠢ ᠵᠠᠰᠠᠬᠤ ᠪᠠ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠨᠢᠭᠲᠠ ᠵᠣᠯᠭᠠᠯᠳᠤᠭᠤᠯᠵᠤ᠂ ︽ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠰᠢᠯᠤᠭᠤᠳᠬᠠᠵᠤ ᠬᠤᠷᠢᠭᠯᠠᠬᠤ ᠶᠢ ᠤᠶᠠᠯᠳᠤᠭᠤᠯᠬᠤ︾ ᠪᠠ ︽ᠮᠠᠯ ᠢ ᠴᠥᠭᠡᠳᠬᠡᠵᠦ ᠡᠪᠡᠰᠦ ᠪᠡᠯᠴᠢᠭᠡᠷ ᠢ ᠨᠡᠮᠡᠭᠳᠡᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ︾ ᠵᠡᠷᠭᠡ ᠠᠷᠭ᠎ᠠ ᠮᠠᠶ᠋ᠢᠭ ᠢ ᠠᠪᠴᠤ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠪᠡᠯᠴᠢᠭᠡᠷ ᠢᠶᠠᠷ ᠮᠠᠯ ᠢ ᠬᠡᠮᠵᠢᠶᠡᠯᠡᠬᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠪᠣᠯᠭᠠᠨ᠎ᠠ᠃     ᠲᠤᠰᠬᠠᠢ ᠠᠵᠢᠯᠯᠠᠭ᠎ᠠ ᠶᠢᠨ ᠬᠤᠭᠤᠴᠠᠭᠠᠨ ᠳᠤ᠂ ᠡᠯ᠎ᠡ ᠭᠠᠵᠠᠷ ᠤᠨ ᠬᠢᠨ ᠪᠠᠰᠠ ᠨᠤᠲᠤᠭ ᠪᠡᠯᠴᠢᠭᠡᠷ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠡᠷᠭᠢᠯᠡᠵᠦ᠂ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯ ᠮᠠᠯᠵᠢᠬᠤ ᠶᠢ ᠵᠠᠰᠠᠬᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠪᠠ ᠦᠨᠳᠦᠰᠦᠨ ᠱᠠᠲᠤᠨ ᠤ ᠨᠢᠭᠡᠴᠢ ᠶᠢᠨ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠬᠤ ᠤᠬᠠᠮᠰᠠᠷ ᠢ ᠳᠡᠭᠡᠭᠰᠢᠯᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠳᠦᠷᠢᠮ ᠢ ᠨᠠᠶᠢᠳᠠᠪᠤᠷᠢᠵᠢᠭᠤᠯᠬᠤ ᠤᠬᠠᠮᠰᠠᠷᠲᠤ ᠴᠢᠨᠠᠷ ᠪᠠ ᠰᠠᠨᠠᠭᠠᠴᠢᠯᠠᠭᠠᠲᠤ ᠴᠢᠨᠠᠷ ᠢ ᠦᠨᠡᠨ ᠬᠦ ᠴᠢᠩᠭᠠᠳᠬᠠᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号