| | ︽ᠠᠮᠤᠭᠤᠯᠠᠩ ᠰᠠᠭᠤᠴᠠ ᠶᠢᠨ ᠬᠦᠰᠡᠯ ᠵᠡᠭᠦᠳᠦ︾ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠮᠠᠨ ᠤ | ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠤᠨ ᠠᠰᠢᠭ | ᠦᠷᠭᠦᠯᠵᠢᠯᠡᠨ ᠢᠯᠡᠷᠡᠵᠦ᠂ ᠠᠰᠢᠭ ᠭᠦᠷᠲᠡᠭᠴᠢᠳ ᠤᠨ ᠲᠤᠭ᠎ᠠ ᠲᠠᠰᠤᠷᠠᠯᠲᠠ ᠦᠭᠡᠢ ᠨᠡᠮᠡᠭᠳᠡᠪᠡ᠃ | 5 ᠰᠠᠷ᠎ᠠ ᠶᠢᠨ 31 ᠤ ᠡᠳᠦᠷ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ | ᠬᠠᠮᠲᠤᠷᠠᠨ ᠨᠡᠶᠢᠲᠡᠯᠡᠭᠰᠡᠨ︽ᠪᠦᠭᠦ ᠤᠯᠤᠰ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢᠨ 2023 ᠣᠨ ᠤ ᠮᠡᠳᠡᠭᠦᠯᠦᠯᠲᠡ︾ ᠳᠤ ᠢᠯᠡᠷᠡᠭᠦᠯᠦᠭᠰᠡᠨ ᠢᠶᠠᠷ᠂ 2023 ᠣᠨ ᠳᠤ ᠪᠦᠭᠦ ᠤᠯᠤᠰ ᠤᠨ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠲᠤᠭ᠎ᠠ | 34697 . 69 ᠳ᠋ᠦᠩᠰᠢᠭᠤᠷ ᠲᠥᠭᠦᠷᠢᠭ ᠲᠤ ᠬᠦᠷᠴᠦ᠂ ᠬᠤᠪᠢ ᠬᠥᠮᠥᠨ ᠤ ᠣᠷᠣᠨ ᠰᠠᠭᠤᠴᠠ ᠶᠢᠨ ᠵᠢᠭᠡᠯᠡᠯᠭᠡ | ᠶᠢ 14713 . 06 ᠳ᠋ᠦᠩᠰᠢᠭᠤᠷ ᠲᠥᠭᠦᠷᠢᠭ ᠲᠠᠷᠬᠠᠭᠠᠵᠠᠢ᠃ | ᠳᠤᠮᠳᠠ ᠳᠣᠣᠷ᠎ᠠ ᠣᠷᠣᠯᠭ᠎ᠠ ᠲᠠᠢ ᠬᠥᠮᠥᠰ ᠲᠤ ᠳᠣᠣᠷ᠎ᠠ ᠬᠦᠦ ᠲᠠᠢ ᠭᠡᠷ ᠪᠠᠶᠢᠰᠢᠩ ᠬᠤᠳᠠᠯᠳᠤᠨ ᠠᠪᠬᠤ | ᠵᠢᠭᠡᠯᠡᠯᠭᠡ ᠬᠠᠩᠭᠠᠬᠤ ᠪᠣᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠭᠤᠣᠯ︽ | ᠡᠭᠦᠷᠭᠡ︾ ᠶᠢᠨ ᠨᠢᠭᠡ ᠪᠣᠯᠣᠨ᠎ᠠ᠃ ᠬᠤᠳᠠᠯᠳᠤᠭᠠᠨ ᠤ ᠵᠢᠭᠡᠯᠡᠯᠭᠡ ᠲᠠᠢ ᠬᠠᠷᠢᠴᠠᠭᠤᠯᠪᠠᠯ᠂ ᠨᠡᠶᠢᠲᠡ ᠶᠢᠨ | ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠨᠢ ᠨᠠᠩ ᠳᠣᠣᠷ᠎ᠠ᠂ ᠬᠥᠮᠥᠰ ᠨᠠᠩ | ᠳᠣᠣᠷ᠎ᠠ ᠥᠪᠡᠷ ᠤᠨ ᠥᠷᠲᠡᠭᠲᠦ ᠵᠢᠭᠡᠯᠡᠯᠭᠡ ᠪᠠᠷ ᠭᠡᠷ ᠬᠤᠳᠠᠯᠳᠤᠨ ᠠᠪᠴᠤ ᠪᠣᠯᠣᠨ᠎ᠠ᠃ | ᠠᠩᠬᠠᠨ ᠤ ᠣᠷᠣᠨ ᠰᠠᠭᠤᠴᠠ᠂ ᠡᠩ ᠤᠨ ᠣᠷᠣᠨ ᠰᠠᠭᠤᠴᠠ ᠬᠤᠳᠠᠯᠳᠤᠨ ᠠᠪᠬᠤ ᠶᠢ ᠭᠤᠣᠯᠳᠠᠯᠭ᠎ᠠ ᠲᠠᠢ | ᠳᠡᠮᠵᠢᠵᠦ᠂ ᠵᠢᠭᠡᠯᠡᠯᠭᠡ ᠵᠢᠭᠡᠯᠡᠭᠰᠡᠨ ᠠᠵᠢᠯᠲᠠᠨ ᠠᠵᠢᠯᠴᠢᠨ ᠤ ᠭᠡᠷ ᠪᠠᠶᠢᠰᠢᠩ ᠬᠤᠳᠠᠯᠳᠤᠨ ᠠᠪᠬᠤ ᠵᠠᠷᠤᠯᠭ᠎ᠠ ᠶᠢᠨ | ᠳᠠᠷᠤᠭᠠᠰᠤ ᠶᠢ ᠪᠦᠲᠦᠮᠵᠢᠲᠡᠶ ᠬᠥᠩᠭᠡᠷᠡᠭᠦᠯᠪᠡ᠃ 2023 ᠣᠨ ᠳᠤ᠂ 40 ᠨᠠᠰᠤᠨ ︵ᠪᠠᠭᠲᠠᠭᠠᠨ᠎ᠠ︶ ᠠᠴᠠ | ᠳᠣᠷᠣᠭᠰᠢᠬᠢ ᠵᠢᠭᠡᠯᠡᠯᠭᠡ ᠠᠪᠤᠭᠰᠠᠨ ᠠᠵᠢᠯᠲᠠᠨ ᠠᠵᠢᠯᠴᠢᠨ ᠤ ᠡᠵᠡᠯᠡᠬᠦ ᠬᠠᠷᠢᠴᠠᠯ ᠨᠢ 80 % ᠶᠢ ᠳᠠᠪᠠᠪᠠ᠃ | ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠳᠦᠯ ᠨᠢ ᠵᠢᠭᠡᠯᠡᠯᠭᠡ ᠪᠠᠷ | ᠳᠡᠮᠵᠢᠨ ᠭᠡᠷ ᠪᠠᠶᠢᠰᠢᠩ ᠬᠤᠳᠠᠯᠳᠤᠨ ᠠᠪᠬᠤ ᠶᠢ ᠳᠡᠮᠵᠢᠬᠦ ᠲᠡᠳᠦᠢ ᠪᠢᠰᠢ᠂ ᠲᠡᠭᠦᠨ ᠢ ᠪᠠᠰᠠ ᠭᠡᠷ ᠪᠠᠶᠢᠰᠢᠩ | ᠲᠦᠷᠢᠶᠡᠰᠦᠯᠡᠬᠦ᠂ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠵᠡᠷᠭᠡ ᠲᠠᠯ᠎ᠠ ᠳᠤ ᠭᠠᠷᠭᠠᠨ | ᠬᠡᠷᠡᠭᠯᠡᠵᠦ ᠪᠣᠯᠣᠨ᠎ᠠ᠃ | ᠭᠡᠷ ᠪᠠᠶᠢᠰᠢᠩ ᠲᠦᠷᠢᠶᠡᠰᠦᠯᠡᠬᠦ ᠳᠤ ᠭᠠᠷᠭᠠᠨ ᠠᠪᠴᠤ ᠬᠡᠷᠡᠭᠯᠡᠬᠦ ᠳᠤ ᠳᠡᠮᠵᠢᠯᠭᠡ ᠦᠵᠡᠭᠦᠯᠭᠦ ᠡᠷᠴᠢᠮ ᠢᠶᠠᠨ | ᠴᠢᠩᠭᠠᠷᠠᠭᠤᠯᠵᠤ᠂ ᠶᠡᠭᠡ ᠬᠤᠲᠠ ᠶᠢᠨ ᠬᠢᠨ ᠤ ᠰᠢᠨ᠎ᠡ ᠬᠤᠲᠠ ᠶᠢᠨ ᠠᠷᠠᠳ᠂ ᠵᠠᠯᠠᠭᠤᠴᠤᠳ ᠤᠨ ᠰᠠᠷ᠎ᠠ ᠪᠦᠷᠢ | ᠲᠤᠰᠢᠶᠠᠨ ᠬᠠᠳᠠᠭᠠᠯᠠᠭᠤᠯᠬᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠪᠠᠨ ᠭᠠᠷᠭᠠᠨ | ᠠᠪᠴᠤ ᠭᠡᠷ ᠤᠨ ᠲᠦᠷᠢᠶᠡᠰᠦ ᠪᠠᠨ ᠲᠥᠯᠥᠬᠦ ᠶᠢ ᠵᠣᠷᠢᠭᠵᠢᠭᠤᠯᠵᠤ᠂ ᠪᠦᠭᠦ ᠵᠢᠯ ᠳᠤ ᠨᠡᠶᠢᠲᠡ 1846 . 09 | ᠲᠦᠮᠡᠨ ᠬᠥᠮᠥᠨ 2031 . 28 ᠳ᠋ᠦᠩᠰᠢᠭᠤᠷ ᠲᠥᠭᠦᠷᠢᠭ ᠭᠠᠷᠭᠠᠨ ᠠᠪᠴᠤ ᠲᠦᠷᠢᠶᠡᠰᠦᠨ ᠣᠷᠣᠨ | ᠰᠠᠭᠤᠴᠠ ᠳᠤ ᠬᠡᠷᠡᠭᠯᠡᠵᠦ᠂ ᠲᠦᠷᠦᠭᠦᠦ ᠵᠢᠯ ᠤᠨ ᠬᠢ ᠠᠴᠠ ᠲᠣᠰ ᠲᠣᠰ 20 . 04 %᠂ 33 . 52 % ᠢᠶᠠᠷ | ᠨᠡᠮᠡᠭᠳᠡᠪᠡ᠃ | ᠲᠤᠰᠢᠶᠠᠨ ᠬᠠᠳᠠᠭᠠᠯᠠᠭᠤᠯᠤᠭᠴᠢ ᠶᠢᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢ | ᠳᠡᠮᠵᠢᠵᠦ᠂ ᠴᠠᠭᠢᠯᠭᠠᠨ ᠱᠠᠲᠤ ᠨᠡᠮᠡᠵᠦ ᠤᠭᠰᠠᠷᠠᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠭᠠᠷᠭᠠᠨ ᠠᠪᠬᠤ ᠲᠥᠷᠥ ᠶᠢᠨ ᠪᠣᠳᠣᠯᠭ᠎ᠠ ᠶᠢᠨ ᠳᠡᠮᠵᠢᠬᠦ ᠬᠡᠪᠴᠢᠶ᠎ᠡ ᠶᠢ ᠲᠣᠰ ᠬᠥᠮᠥᠨ ᠵᠢᠴᠢ ᠬᠤᠯᠪᠤᠰᠤ | ᠬᠤᠶᠠᠷ ᠲᠠᠯ᠎ᠠ ᠶᠢᠨ ᠡᠴᠢᠭᠡ ᠡᠬᠡ ᠶᠢᠨ ᠥᠪᠡᠷ ᠢᠶᠠᠨ ᠰᠠᠭᠤᠬᠤ ᠣᠷᠣᠨ ᠰᠠᠭᠤᠴᠠ ᠭᠦᠷᠲᠡᠯ᠎ᠡ ᠥᠷᠭᠡᠳᠬᠡᠵᠦ᠂ ᠪᠦᠭᠦ | ᠵᠢᠯ ᠳᠤ ᠨᠡᠶᠢᠲᠡ 4 . 42 ᠲᠦᠮᠡᠨ ᠬᠥᠮᠥᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ | ᠮᠥᠩᠭᠦ ᠶᠢ 8 . 26 ᠳ᠋ᠦᠩᠰᠢᠭᠤᠷ ᠲᠥᠭᠦᠷᠢᠭ ᠭᠠᠷᠭᠠᠨ ᠠᠪᠴᠤ᠂ ᠴᠠᠭᠢᠯᠭᠠᠨ ᠱᠠᠲᠤ ᠨᠡᠮᠡᠵᠦ ᠤᠭᠰᠠᠷᠠᠬᠤ ᠵᠡᠷᠭᠡ | ᠥᠪᠡᠷ ᠢᠶᠠᠨ ᠰᠠᠭᠤᠬᠤ ᠣᠷᠣᠨ ᠰᠠᠭᠤᠴᠠ ᠶᠢ ᠥᠭᠡᠷᠡᠴᠢᠯᠡᠬᠦ ᠳᠤ ᠬᠡᠷᠡᠭᠯᠡᠵᠦ᠂ ᠭᠠᠷᠭᠠᠨ ᠠᠪᠤᠭᠰᠠᠨ ᠬᠥᠮᠥᠨ ᠤ | ᠲᠤᠭ᠎ᠠ ᠨᠢ ᠲᠦᠷᠦᠭᠦᠦ ᠵᠢᠯ ᠤᠨ ᠬᠢ ᠠᠴᠠ 313 . 08 % ᠪᠠᠷ ᠨᠡᠮᠡᠭᠳᠡᠪᠡ᠃ | ᠣᠳᠣᠬᠠᠨ ᠳᠤ ᠠᠵᠢᠯ ᠣᠯᠭᠤᠯᠲᠠ ᠶᠢᠨ ᠭᠡᠯᠪᠡᠷᠢ ᠨᠠᠩ ᠣᠯᠠᠨ ᠶᠠᠩᠵᠤ ᠶᠢᠨ ᠪᠣᠯᠵᠤ᠂ ᠠᠮᠢᠳᠤᠯᠢᠭ ᠢᠶᠠᠷ | ᠠᠵᠢᠯ ᠣᠯᠣᠭᠰᠠᠳ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠳᠦᠷᠢᠮ ᠳᠤ | ᠣᠷᠤᠯᠴᠠᠬᠤ ᠲᠤᠷᠰᠢᠯᠲᠠ ᠶᠢᠨ ᠬᠡᠪᠴᠢᠶ᠎ᠡ ᠶᠢ ᠶᠠᠭ ᠲᠣᠭᠲᠠᠭᠤᠨ ᠢᠶᠠᠷ ᠥᠷᠭᠡᠳᠬᠡᠵᠦ ᠪᠠᠶᠢᠨ᠎ᠠ᠃ | 2023 ᠣᠨ ᠳᠤ᠂ ᠵᠢᠨᠠᠨ᠂ ᠦᠬᠠᠨ᠂ ᠴᠢᠩᠳᠣᠣ᠂ ᠺᠦᠨᠮᠢᠩ᠂ ᠪᠤᠭᠤᠲᠤ᠂ ᠵᠢᠨᠴᠧᠩ᠂ ᠬᠤᠵᠸᠤ ᠵᠡᠷᠭᠡ 7 | ᠲᠤᠷᠰᠢᠯᠲᠠ ᠶᠢᠨ ᠴᠡᠭ ᠤᠨ ᠬᠤᠳᠠ ᠶᠢ ᠨᠡᠮᠡᠭᠳᠡᠭᠦᠯᠵᠦ᠂ ᠨᠡᠩ ᠤᠯᠠᠨ ᠠᠮᠢᠳᠤᠯᠢᠭ ᠢᠶᠠᠷ ᠠᠵᠢᠯ ᠣᠯᠣᠭᠰᠠᠳ ᠤᠨ | ᠲᠣᠭᠲᠠᠭᠤᠨ ᠢᠶᠠᠷ ᠠᠵᠢᠯᠯᠠᠵᠤ ᠠᠮᠤᠭᠤᠯᠠᠩ ᠰᠠᠭᠤᠷᠢᠰᠢᠬᠤ ᠳᠤ ᠬᠦᠴᠦᠨ ᠨᠡᠮᠡᠷᠢᠯᠡᠪᠡ᠃ | ᠮᠡᠳᠡᠭᠦᠯᠦᠯᠲᠡ ᠳᠤ ᠢᠯᠡᠷᠡᠭᠦᠯᠦᠭᠰᠡᠨ ᠢᠶᠠᠷ᠂ 2023 ᠣᠨ ᠤ ᠡᠴᠦᠰ ᠪᠤᠯᠲᠠᠯ᠎ᠠ᠂ 13 ᠲᠤᠷᠰᠢᠯᠲᠠ ᠶᠢᠨ | ᠴᠡᠭ ᠤᠨ ᠬᠤᠲᠠ ᠳᠤ 49 . 37 ᠲᠦᠮᠡᠨ ᠠᠮᠢᠳᠤᠯᠢᠭ ᠢᠶᠠᠷ ᠠᠵᠢᠯ ᠣᠯᠣᠭᠰᠠᠳ ᠣᠷᠣᠨ ᠰᠠᠭᠤᠴᠠ ᠶᠢᠨ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠲᠤᠰᠢᠶᠠᠨ ᠬᠠᠳᠠᠭᠠᠯᠠᠵᠤ᠂ ᠲᠦᠷᠦᠭᠦᠦ ᠵᠢᠯ ᠤᠨ ᠡᠴᠦᠰ ᠤᠨ ᠬᠢ ᠠᠴᠠ | 124 . 10 % ᠪᠠᠷ ᠨᠡᠮᠡᠭᠳᠡᠪᠡ᠃ | ᠴᠦᠩᠴᠢᠩ ᠳᠤ᠂ ᠠᠮᠢᠳᠤᠯᠢᠭ ᠢᠶᠠᠷ ᠠᠵᠢᠯ ᠣᠯᠣᠭᠰᠠᠳ ᠴᠢᠯᠦᠭᠡᠲᠡᠢ ᠪᠠᠷ ᠲᠤᠰᠢᠶᠠᠨ ᠬᠠᠳᠠᠭᠠᠯᠠᠭᠤᠯᠬᠤ᠂ | ᠰᠠᠷ᠎ᠠ ᠪᠠᠷ ᠲᠤᠰᠢᠶᠠᠨ ᠬᠠᠳᠠᠭᠠᠯᠠᠭᠤᠯᠬᠤ᠂ ᠨᠢᠭᠡ ᠯᠡ ᠤᠳᠠᠭ᠎ᠠ ᠳᠤ ᠲᠤᠰᠢᠶᠠᠨ ᠬᠠᠳᠠᠭᠠᠯᠠᠭᠤᠯᠬᠤ ᠵᠡᠷᠭᠡ ᠣᠯᠠᠨ | ᠵᠦᠢᠯ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠦᠢᠯᠡᠳᠬᠦᠨ ᠢ ᠰᠣᠩᠭᠤᠵᠤ | ᠪᠣᠯᠣᠨ᠎ᠠ᠃ | ᠰᠦᠵᠧᠦ ᠳᠤ᠂ ᠲᠤᠬᠠᠢ ᠶᠢᠨ ᠭᠠᠵᠠᠷ ᠲᠤ ᠠᠵᠢᠯᠯᠠᠵᠤ ᠪᠠᠶᠢᠭ᠎ᠠ ᠪᠤᠰᠤᠳ ᠭᠠᠵᠠᠷ ᠤᠨ ᠬᠥᠮᠥᠨ᠂ ᠪᠤᠰᠤᠳ | ᠭᠠᠵᠠᠷ ᠲᠤ ᠠᠵᠢᠯᠯᠠᠵᠤ ᠪᠠᠶᠢᠭ᠎ᠠ ᠰᠦᠵᠧᠦ ᠶᠢᠨ ᠬᠥᠮᠥᠨ᠂ ᠠᠮᠢᠳᠤᠯᠢᠭ ᠢᠶᠠᠷ ᠠᠵᠢᠯ ᠣᠯᠣᠭᠰᠠᠳ ᠴᠥᠮ ᠲᠤᠰᠢᠶᠠᠨ | ᠬᠠᠳᠠᠭᠠᠯᠠᠭᠤᠯᠵᠤ ᠪᠤᠯᠬᠤ ᠪᠥᠭᠡᠳ ︽ᠠᠮᠢᠳᠤᠯᠢᠭ ᠢᠶᠠᠷ ᠲᠤᠰᠢᠶᠠᠵᠤ᠂ ᠴᠠᠭ ᠲᠤᠬᠠᠢ ᠳᠤᠨᠢ ᠲᠣᠬᠢᠷᠠᠭᠤᠯᠵᠤ︾ ᠪᠣᠯᠣᠨ᠎ᠠ᠂ | ᠰᠠᠷ᠎ᠠ ᠶᠢᠨ ᠲᠤᠰᠢᠶᠠᠨ ᠬᠠᠳᠠᠭᠠᠯᠠᠭᠤᠯᠬᠤ ᠲᠤᠭ᠎ᠠ ᠬᠡᠮᠵᠢᠶ᠎ᠡ ᠳᠤ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ | ᠪᠤᠯᠬᠤ ᠮᠥᠷᠲᠡᠭᠡᠨ ᠬᠢᠨᠠᠨ ᠬᠠᠷᠭᠤᠭᠤᠯᠬᠤ ᠴᠢᠬᠤᠯᠠ ᠦᠭᠡᠢ᠂ ᠲᠠᠷᠡ ᠳᠠᠷᠤᠢ ᠬᠦᠴᠦᠨ ᠲᠠᠢ ᠪᠣᠯᠣᠨ᠎ᠠ᠃᠁ | ᠡᠯ᠎ᠡ ᠭᠠᠵᠠᠷ ᠤᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ | ᠲᠤᠬᠠᠶᠢᠯᠠᠭᠰᠠᠨ ᠠᠵᠢᠯ ᠤᠨ ᠭᠦᠢᠴᠡᠳᠬᠡᠬᠦ ᠭᠤᠭᠴᠤᠭ᠎ᠠ ᠶᠢ ᠪᠠᠭᠠᠰᠬᠠᠵᠤ᠂ ᠴᠢᠬᠤᠯᠠ ᠨᠥᠬᠦᠴᠡᠯ ᠢ ᠪᠠᠭᠠᠰᠬᠠᠵᠤ᠂ | ᠴᠠᠭ ᠤᠨ ᠬᠢᠵᠠᠭᠠᠷ ᠢ ᠪᠠᠭᠠᠰᠬᠠᠵᠤ᠂ ᠨᠥᠬᠦᠴᠡᠯ ᠲᠠᠢ ᠭᠠᠵᠠᠷ ᠣᠷᠣᠨ ᠨᠢ ︽ᠪᠦᠭᠦ ᠶᠠᠪᠤᠴᠠ ᠳᠤ ᠰᠦᠯᠵᠢᠶ᠎ᠡ ᠪᠠᠷ | ᠭᠦᠢᠴᠡᠳᠬᠡᠬᠦ︾ ᠶᠢ ᠪᠡᠶᠡᠯᠡᠭᠦᠯᠵᠦ᠂ ᠮᠤᠵᠢ ᠠᠯᠤᠰᠯᠠᠨ ᠨᠡᠶᠢᠳᠡᠮ ᠭᠦᠢᠴᠡᠳᠬᠡᠬᠦ ᠵᠦᠢᠯᠡᠰ ᠢ ᠲᠠᠰᠤᠷᠠᠯᠲᠠ ᠦᠭᠡᠢ | ᠨᠡᠮᠡᠭᠳᠡᠭᠦᠯᠵᠦ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠳᠤ | ᠬᠦᠴᠦᠨ ᠨᠡᠮᠡᠷᠢᠯᠡᠪᠡ᠃ |