ᠮᠠᠨ ᠤ ᠣᠷᠣᠨ ᠦᠷ᠎ᠡ ᠶᠢᠨ ᠦᠢᠯᠡᠰ ᠤᠨ ᠬᠠᠮᠲᠤᠷᠠᠭᠰᠠᠨ ᠰᠢᠨ᠎ᠡ ᠶᠢ ᠡᠭᠦᠳᠬᠦ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ
ᠨᠡᠶᠢᠲᠡᠯᠡᠭᠰᠡᠨ ᠴᠠᠭ᠄
2024/6/7
     ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ ᠣᠷᠣᠨ  ᠤ ᠲᠢᠩᠬᠢᠮ ᠠᠴᠠ ᠣᠶᠢᠯᠠᠭᠠᠭᠰᠠᠨ ᠢᠶᠠᠷ᠂ ᠣᠳᠣᠬᠠᠨ ᠪᠤᠯᠳᠠᠯ᠎ᠠ ᠮᠠᠨ ᠤ ᠣᠷᠣᠨ ᠤᠯᠤᠰ ᠤᠨ ᠲᠠᠰ ᠤᠨ ᠦᠷ᠎ᠡ ᠪᠣᠶᠢᠵᠢᠭᠤᠯᠬᠤ 9 ᠲᠣᠮᠣ ᠰᠢᠶᠠᠨ ᠪᠣᠯᠣᠨ ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠪᠣᠶᠢᠵᠢᠭᠤᠯᠬᠤ 2 ᠲᠣᠮᠣ ᠰᠢᠶᠠᠨ ᠢ ᠡᠭᠦᠳᠦᠨ ᠪᠠᠶᠢᠭᠤᠯᠵᠤ᠂ ᠡᠷᠳᠡᠨᠢ ᠰᠢᠰᠢ᠂ ᠲᠥᠮᠥᠰᠥ᠂ ᠢᠳᠡᠰᠢᠨ ᠨᠣᠭᠤᠭ᠎ᠠ ᠵᠡᠷᠭᠡ ᠥᠪᠡᠷᠲᠡᠭᠡᠨ ᠵᠠᠰᠠᠬᠤ ᠣᠷᠣᠨ ᠤ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ 7 ᠪᠠᠶᠢᠭᠤᠯᠤᠨ ᠲᠦᠷᠦ ᠶᠢᠨ ᠪᠣᠳᠣᠯᠭ᠎ᠠ᠂ ᠵᠢᠭᠠᠨ ᠰᠤᠷᠭᠠᠯᠲᠠ᠂ ᠦᠢᠯᠡᠳᠪᠦᠷᠢᠯᠡᠯ᠂ ᠰᠤᠳᠤᠯᠭᠠᠨ ᠪᠠ ᠬᠡᠷᠡᠭᠯᠡᠯᠲᠡ ᠶᠢ ᠤᠶᠠᠯᠳᠤᠭᠤᠯᠤᠭᠰᠠᠨ ᠦᠷ᠎ᠡ ᠶᠢᠨ ᠦᠢᠯᠡᠰ  ᠤᠨ ᠬᠠᠮᠲᠤᠷᠠᠭᠰᠠᠨ ᠰᠢᠨ᠎ᠡ ᠶᠢ ᠡᠭᠦᠳᠬᠦ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠡ᠃      ᠣᠶᠢᠷ᠎ᠠ ᠶᠢᠨ ᠵᠢᠯ ᠳᠤ ᠮᠠᠨ ᠤ ᠣᠷᠣᠨ ᠰᠢᠷ᠎ᠠ ᠪᠤᠷᠴᠠᠭ᠂ ᠨᠡᠷᠡᠨ ᠬᠤᠸᠠᠷ᠂ ᠴᠠᠷᠭᠠᠰᠤ ᠵᠡᠷᠭᠡ ᠬᠠᠷᠢᠴᠠᠩᠭᠤᠢ ᠳᠠᠪᠠᠭᠤᠯᠢᠭ ᠪᠦᠬᠦᠢ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠦᠷ᠎ᠡ ᠶᠢᠨ ᠦᠢᠯᠡᠰ ᠤᠨ ᠬᠠᠮᠲᠤᠷᠠᠭᠰᠠᠨ ᠪᠣᠭᠤᠮᠲᠠ ᠰᠢᠪᠲᠤᠯᠬᠤ ᠪᠠ ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ ᠵᠡᠷᠭᠡ ᠢᠨᠵᠧᠨᠧᠷᠢᠩ ᠢ ᠬᠡᠷᠡᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠡᠷᠴᠢᠮ ᠢ ᠲᠠᠰᠤᠷᠠᠯᠲᠠ ᠦᠭᠡᠢ ᠴᠢᠩᠭᠠᠷᠠᠭᠤᠯᠤᠬᠰᠨ ᠪᠠᠶᠢᠨ᠎ᠠ᠃ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ  ᠤ ᠬᠦᠷᠢᠶᠡᠯᠡᠩ ᠤᠨ ᠰᠢᠷ᠎ᠠ ᠪᠤᠷᠴᠠᠭ ᠤᠨ ᠰᠤᠳᠤᠯᠭᠠᠨ ᠤ ᠪᠦᠯᠭᠦᠮ ᠤᠨ ᠬᠢᠨ ᠬᠥᠯᠥᠨ ᠪᠤᠶᠢᠷ ᠬᠤᠲᠠ ᠶᠢᠨ ᠡᠷᠲᠡ ᠪᠣᠯᠪᠠᠰᠤᠷᠠᠬᠤ ᠣᠷᠣᠨ ᠤ ᠰᠢᠷ᠎ᠠ ᠪᠤᠷᠴᠠᠭ ᠤᠨ ᠦᠢᠯᠡᠳᠪᠦᠷᠢᠯᠡᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠥᠨᠳᠥᠷ ᠤᠨᠠᠯᠲᠠ ᠲᠠᠢ᠂ ᠴᠢᠨᠠᠷ ᠰᠠᠶᠢᠲᠠᠢ 6 ᠰᠢᠷ᠎ᠠ ᠪᠤᠷᠴᠠᠭ ᠤᠨ ᠰᠢᠨ᠎ᠡ ᠡᠭᠦᠯᠳᠡᠷ ᠢ ᠪᠣᠶᠢᠵᠢᠭᠤᠯᠵᠤ᠂ ᠪᠠᠶᠠᠨᠨᠠᠭᠤᠷ ᠬᠤᠲᠠ ᠶᠢᠨ ᠦᠶᠦᠸᠠᠨ ᠰᠢᠶᠠᠨ ᠤ ᠰᠠᠨ ᠷᠦᠢ ᠲᠠᠷᠢᠶᠠᠯᠠᠩ ᠤᠨ ᠰᠢᠨᠵᠢᠯᠡᠬᠦ ᠤᠬᠠᠭᠠᠨ ᠤ ᠨᠡᠷᠡᠨ ᠬᠤᠸᠠᠷ ᠤᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠬᠢᠨ ᠦᠷ᠎ᠡ ᠶᠢᠨ ᠦᠢᠯᠡᠰ ᠤᠨ ᠰᠤᠳᠤᠯᠭᠠᠨ ᠤ ᠪᠡᠯᠡ ᠣᠷᠣᠭᠤᠯᠤᠯᠲᠠ ᠪᠠᠨ ᠦᠷᠭᠦᠯᠵᠢᠯᠡᠨ ᠨᠡᠮᠡᠭᠳᠡᠭᠦᠯᠵᠦ᠂ ᠰᠤᠳᠤᠯᠤᠨ ᠪᠣᠶᠢᠵᠢᠭᠤᠯᠵᠤ ᠵᠠᠬ᠎ᠠ ᠳᠡᠯᠭᠡᠭᠦᠷ ᠲᠤ ᠭᠠᠷᠭᠠᠭᠰᠠᠨ SH361 ᠪᠠ SH363 ᠵᠡᠷᠭᠡ ᠨᠡᠷᠡᠨ ᠬᠤᠸᠠᠷ ᠤᠨ ᠡᠭᠦᠯᠳᠡᠷ ᠨᠢ ᠮᠠᠨ ᠤ ᠤᠯᠤᠰ ᠤᠨ ᠨᠡᠷᠡᠨ ᠬᠤᠸᠠᠷ ᠤᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠴᠠᠭ ᠦᠶ᠎ᠡ ᠶᠢ ᠨᠡᠭᠡᠭᠡᠪᠡ᠃      ᠡᠨᠡ ᠵᠢᠯ ᠮᠠᠨ ᠤ ᠣᠷᠣᠨ ᠣᠨᠴᠠᠯᠢᠭ ᠳᠠᠪᠠᠭᠤᠯᠢᠭ ᠤᠨ ᠢᠶᠠᠨ ᠲᠣᠭᠤᠷᠢᠨ ᠳᠤ ᠨᠡᠷᠡᠨ ᠬᠤᠸᠠᠷ᠂ ᠨᠠᠷᠢᠮᠤ᠂ ᠰᠢᠷ᠎ᠠ ᠪᠤᠷᠴᠠᠭ ᠵᠡᠷᠭᠡ ᠶᠢᠨ ᠦᠷ᠎ᠡ ᠶᠢᠨ ᠦᠢᠯᠡᠰ ᠤᠨ ᠳᠠᠪᠠᠭᠤᠯᠢᠭ ᠢ ᠪᠠᠲᠤᠯᠠᠬᠤ ᠶᠢᠨ ᠬᠠᠮᠲᠤ᠂ ᠦᠷ᠎ᠡ ᠪᠣᠶᠢᠵᠢᠭᠤᠯᠬᠤ ᠲᠣᠮᠣ ᠰᠢᠶᠠᠨ᠂ ᠭᠤᠣᠯ ᠪᠤᠯᠬᠤ ᠦᠷ᠎ᠡ ᠪᠣᠶᠢᠵᠢᠭᠤᠯᠬᠤ ᠲᠠᠯᠠᠪᠠᠢ᠂ ᠰᠠᠶᠢᠨ ᠦᠷ᠎ᠡ ᠪᠣᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠡᠷᠦᠭᠡ ᠶᠢᠨ ᠬᠤᠯᠪᠤᠭ᠎ᠠ ᠶᠢ ᠭᠦᠨᠵᠡᠭᠡᠶᠢᠷᠡᠭᠦᠯᠦᠨ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠠᠬᠢᠭᠤᠯᠵᠤ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠤᠯᠭᠠᠬᠰᠠᠨ ᠦᠷ᠎ᠡ ᠶᠢᠨ ᠦᠢᠯᠡᠰ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠵᠦ ᠪᠠᠶᠢᠨ᠎ᠠ᠃ ᠡᠭᠦᠨ ᠤ ᠬᠠᠮᠲᠤ ︽ᠲᠠᠷᠢᠶᠠᠨ ᠴᠢᠬᠢ ᠶᠢ ᠦᠵᠡᠵᠦ ᠲᠠᠷᠢᠶᠠᠨ ᠦᠷ᠎ᠡ ᠰᠣᠩᠭᠤᠬᠤ︾ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ᠂ ᠮᠥᠷᠳᠡᠨ ᠦᠨᠡᠯᠡᠬᠦ᠂ ᠪᠣᠳᠠᠲᠠᠢ ᠬᠤᠷᠢᠶᠠᠯᠲᠠ ᠶᠢ ᠦᠵᠡᠬᠦ ᠵᠡᠷᠭᠡ ᠠᠷᠭ᠎ᠠ ᠭᠡᠯᠪᠡᠷᠢ ᠪᠠᠷ ᠳᠠᠮᠵᠢᠨ ᠲᠠᠷᠢᠶᠠᠴᠢᠳ ᠢ ᠬᠠᠪᠰᠤᠷᠴᠤ ᠰᠠᠶᠢᠨ ᠲᠠᠷᠢᠶᠠᠨ ᠦᠷ᠎ᠡ ᠶᠢ ᠰᠣᠩᠭᠤᠨ ᠬᠡᠷᠡᠭᠯᠡᠭᠦᠯᠵᠦ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号