ᠮᠠᠨ ᠤ ᠣᠷᠣᠨ ᠤ 16.3 ᠲᠦᠮᠡᠨ ᠰᠣᠷᠣᠬᠴᠢ ᠤᠯᠤᠰ ᠤᠨ ᠨᠢᠭᠡᠳᠦᠯᠲᠡᠢ ᠰᠢᠯᠭᠠᠯᠲᠠ ᠳᠤ ᠣᠷᠣᠯᠴᠠᠨ᠎ᠠ
ᠨᠡᠶᠢᠲᠡᠯᠡᠭᠰᠡᠨ ᠴᠠᠭ᠄
2024/6/7
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ 2024 ᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ ᠮᠠᠨ ᠤ ᠣᠷᠣᠨ ᠤ 21.8 ᠲᠦᠮᠡᠨ ᠰᠤᠷᠤᠬᠴᠢ ᠨᠡᠷ᠎ᠡ ᠮᠡᠳᠡᠭᠦᠯᠵᠦ᠂ 2023 ᠣᠨ ᠤ ᠬᠢ ᠠᠴᠠ ᠪᠠᠷᠤᠭ 0.7 ᠲᠦᠮᠡᠨ ᠬᠥᠮᠥᠨ ᠨᠡᠮᠡᠭᠳᠡᠵᠦ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠲᠤᠰᠠᠭᠠᠷ ᠡᠯᠰᠡᠬᠦ ᠰᠢᠯᠭᠠᠭᠤᠯᠤᠭᠴᠢ ᠪᠣᠯᠣᠨ ᠳᠤᠮᠳᠠ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠴᠠ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠳᠤ ᠵᠣᠯᠭᠠᠭᠤᠯᠤᠨ ᠡᠯᠰᠡᠬᠦ ᠪᠤᠰᠤᠳ ᠲᠤᠰᠠᠭᠠᠷ ᠰᠣᠷᠣᠬᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠦᠭᠰᠡᠨ ᠰᠢᠯᠭᠠᠭᠤᠯᠤᠭᠴᠢ ᠶᠢ ᠭᠠᠷᠭᠠᠪᠠᠯ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠳᠤ 16.3 ᠲᠦᠮᠡᠨ ᠰᠤᠷᠤᠬᠴᠢ ᠣᠷᠣᠯᠴᠠᠨ᠎ᠠ᠃ ᠪᠦᠭᠦ ᠣᠷᠣᠨ ᠤ 12 ᠠᠶᠢᠮᠠᠭ ᠬᠤᠲᠠ ᠳᠤ ᠨᠡᠶᠢᠲᠡ 104 ᠰᠢᠯᠭᠠᠯᠲᠠ ᠶᠢᠨ ᠲᠣᠭᠤᠷᠢᠭ᠂ 194 ᠰᠢᠯᠭᠠᠯᠲᠠ ᠶᠢᠨ ᠴᠡᠭ᠂ 5693 ᠰᠢᠯᠭᠠᠯᠲᠠ ᠶᠢᠨ ᠲᠠᠯᠠᠪᠠᠶ ᠪᠠ 565 ᠪᠡᠯᠡᠳᠬᠡᠯ ᠰᠢᠯᠭᠠᠯᠲᠠ ᠶᠢᠨ ᠲᠠᠯᠠᠪᠠᠶ ᠭᠠᠷᠭᠠᠵᠤ᠂ ᠰᠢᠯᠭᠠᠯᠲᠠ ᠶᠢ ᠴᠥᠮ ᠪᠠᠷᠢᠮᠵᠢᠶᠠᠵᠢᠭᠤᠯᠤᠭᠰᠠᠨ ᠰᠢᠯᠭᠠᠯᠲᠠ ᠶᠢᠨ ᠲᠠᠯᠠᠪᠠᠶ ᠳᠤ ᠶᠠᠪᠤᠭᠳᠠᠭᠤᠯᠤᠨ᠎ᠠ᠃      ᠣᠶᠢᠯᠠᠭᠠᠭᠰᠠᠨ ᠢᠶᠠᠷ ᠰᠢᠯᠭᠠᠯᠲᠠ ᠶᠢᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠰᠣᠷᠣᠬᠴᠢ ᠡᠯᠰᠡᠬᠦ ᠰᠢᠯᠭᠠᠯᠲᠠ ᠶᠢᠨ ᠵᠥᠪᠯᠡᠯ ᠤᠨ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠶᠠᠪᠤᠳᠠᠯ ᠤᠨ ᠵᠢᠯᠤᠭᠤᠳᠬᠤ ᠲᠥᠪ ︵ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ︶ ᠲᠤ ᠲᠥᠪᠯᠡᠷᠡᠩᠭᠦᠢ ᠠᠵᠢᠯᠯᠠᠵᠤ᠂ ᠰᠢᠯᠭᠠᠯᠲᠠ ᠶᠢᠨ ᠬᠤᠭᠤᠴᠠᠭᠠᠨ ᠳᠠᠬᠢ ᠴᠢᠬᠤᠯᠠ ᠶᠡᠭᠡ᠂ ᠤᠨᠴᠠᠭᠠᠢ ᠭᠡᠨᠡᠳᠲᠡ ᠶᠢᠨ ᠬᠡᠷᠡᠭ ᠢ ᠲᠣᠬᠢᠲᠠᠢ ᠰᠢᠢᠳᠪᠦᠷᠢᠯᠡᠨ᠎ᠡ᠃ ᠡᠯ᠎ᠡ ᠠᠶᠢᠮᠠᠭ ᠬᠤᠲᠠ ᠶᠢᠨ ᠰᠣᠷᠣᠬᠴᠢ ᠡᠯᠰᠡᠬᠦ ᠰᠢᠯᠭᠠᠯᠲᠠ ᠶᠢᠨ ᠵᠥᠪᠯᠡᠯ ᠴᠦ ᠬᠠᠮᠲᠤᠷᠠᠨ ᠠᠵᠢᠯᠯᠠᠬᠤ ᠳᠦᠷᠢᠮ ᠢ ᠪᠠᠶᠢᠭᠤᠯᠵᠤ᠂ ᠡᠯ᠎ᠡ ᠭᠠᠵᠠᠷ ᠤᠨ ᠡᠯ᠎ᠡ ᠰᠢᠯᠭᠠᠯᠲᠠ ᠶᠢᠨ ᠴᠡᠭ ᠰᠢᠯᠭᠠᠯᠲᠠ ᠶᠢᠨ ᠠᠮᠤᠷ ᠲᠦᠪᠰᠢᠨ ᠤ ᠠᠵᠢᠯ ᠤᠨ ᠳᠤᠮᠳᠠ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠴᠢᠩᠭ᠎ᠠ ᠠᠩᠬᠠᠷᠴᠤ᠂ ᠭᠠᠷ ᠤᠲᠠᠰᠤ ᠪᠠᠷ  ᠭᠡᠮ ᠬᠢᠬᠦ ᠶᠢ ᠰᠡᠷᠭᠡᠶᠢᠯᠡᠬᠦ ᠶᠢ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠤ ᠭᠤᠣᠯᠳᠠᠯᠭ᠎ᠠ ᠶᠢᠨ ᠭᠤᠣᠯᠳᠠᠯᠭ᠎ᠠ ᠪᠤᠯᠭᠠᠵᠤ᠂ ᠰᠢᠯᠭᠠᠯᠲᠠ ᠶᠢᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃      ᠡᠭᠦᠨ ᠠᠴᠠ ᠭᠠᠳᠠᠨ᠎ᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠠᠴᠠ ᠡᠯ᠎ᠡ ᠠᠶᠢᠮᠠᠭ ᠬᠤᠲᠠ ᠳᠤ 35 ᠲᠣᠭᠤᠷᠢᠨ ᠪᠠᠶᠢᠴᠠᠭᠠᠭᠴᠢ ᠲᠣᠮᠢᠯᠠᠵᠤ᠂ ᠨᠡᠭᠦᠳᠡᠯ ᠪᠠ ᠲᠣᠭᠲᠠᠭᠰᠠᠨ ᠴᠡᠭ ᠢ ᠤᠶᠠᠯᠳᠤᠭᠤᠯᠬᠤ ᠠᠷᠭ᠎ᠠ ᠭᠡᠯᠪᠡᠷᠢ ᠪᠠᠷ ᠡᠯ᠎ᠡ ᠭᠠᠵᠠᠷ ᠤᠨ ᠰᠢᠯᠭᠠᠯᠲᠠ ᠶᠢᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠵᠤ᠂ ᠲᠣᠰ ᠤᠳᠠᠭᠠᠨ ᠤ ᠨᠢᠭᠡᠳᠦᠯᠲᠡᠢ ᠰᠢᠯᠭᠠᠯᠲᠠ ᠶᠢᠨ ᠡᠷᠬᠡ ᠲᠡᠭᠰᠢ᠂ ᠲᠥᠪ ᠭᠤᠤᠯᠴᠢ᠂ ᠡᠮᠬᠢ ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠨ᠎ᠠ᠃      6 ᠰᠠᠷ᠎ᠠ ᠶᠢᠨ 6 ᠤ ᠦᠳᠡ ᠶᠢᠨ ᠬᠤᠶᠢᠨ᠎ᠠ ᠡᠯ᠎ᠡ ᠱᠠᠲᠤᠨ ᠤ ᠰᠢᠯᠭᠠᠯᠲᠠ ᠶᠢᠨ ᠶᠠᠪᠤᠳᠠᠯ ᠤᠨ ᠠᠵᠢᠯᠲᠠᠳ ᠰᠢᠯᠭᠠᠭᠤᠯᠤᠭᠴᠢ ᠶᠢᠨ ᠰᠢᠯᠭᠠᠯᠲᠠ ᠶᠢᠨ ᠲᠠᠯᠠᠪᠤᠷ ᠦᠵᠡᠬᠦ ᠴᠠᠭ ᠢ ᠠᠰᠢᠭᠯᠠᠨ᠂ ᠰᠢᠯᠭᠠᠭᠤᠯᠤᠭᠴᠢ ᠶᠢ ᠵᠣᠬᠢᠶᠠᠨ ᠪᠠᠶᠢᠭᠤᠯᠵᠤ ᠠᠮᠤᠷ ᠲᠦᠪᠰᠢᠨ ᠤ ᠪᠠᠶᠢᠴᠠᠭᠠᠯᠲᠠ ᠶᠢᠨ ᠰᠣᠷᠢᠯᠲᠠ ᠬᠢᠵᠦ᠂ ᠣᠶᠤᠨᠴᠢ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠳᠡᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号