ᠨᠢᠭᠡ ᠬᠡᠰᠡᠭ ᠲᠠᠷᠢᠶ᠎ᠠ ᠶᠢᠨ ᠳᠠᠩᠰᠤᠭ ᠬᠤᠷᠢᠶᠠᠯᠲᠠ ᠶᠢᠨ ᠨᠢᠭᠤᠴᠠ
ᠨᠡᠶᠢᠲᠡᠯᠡᠭᠰᠡᠨ ᠴᠠᠭ᠄
2024/6/7
    ᠢᠮ ᠰᠡᠮᠭᠡᠨ ᠣᠨ ᠴᠠᠭ ᠤᠨ ᠰᠣᠯᠢᠭᠳᠠᠯ ᠢᠶᠠᠷ ᠡᠪᠡᠰᠦ ᠮᠣᠳᠣ ᠤᠷᠭᠤᠨ ᠲᠥᠯᠵᠢᠵᠦ᠂ ᠤᠮᠠᠷᠠᠲᠤ ᠬᠢᠯᠢ ᠶᠢᠨ ᠰᠢᠮᠡᠲᠦ ᠬᠥᠷᠦᠰᠦᠨ᠎ᠡ ᠤᠷᠭᠤᠮᠠᠯ ᠲᠠᠷᠢᠶ᠎ᠠ ᠠᠮᠢᠵᠢᠷᠠᠯ ᠢᠶᠠᠷ ᠪᠢᠯᠬᠠᠨ᠎ᠠ᠄ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠠᠴᠠ ᠳᠤᠯᠠᠭᠠᠨ ᠲᠣᠮᠣ ᠬᠦᠯᠡᠮᠵᠢ ᠶᠢ ᠥᠭᠡᠷᠡᠴᠢᠯᠡᠨ ᠪᠠᠶᠢᠭᠤᠯᠬᠤ ᠭᠦᠷᠳᠡᠯ᠎ᠡ᠂ ᠤᠳᠤ ᠦᠶ᠎ᠡ ᠶᠢᠨ ᠲᠠᠷᠢᠶᠠᠯᠠᠩ ᠤᠨ ᠲᠦᠷᠦᠯ ᠵᠦᠢᠯ ᠲᠦᠷᠭᠡᠨ ᠭᠦᠭᠵᠢᠨ᠎ᠠ; ᠦᠷ᠎ᠡ ᠪᠣᠶᠢᠵᠢᠭᠤᠯᠬᠤ ᠠᠴᠠ ᠲᠠᠷᠢᠮᠠᠯ ᠲᠠᠷᠢᠬᠤ ᠭᠦᠷᠲᠡᠯ᠎ᠡ᠂ ᠪᠠᠷᠢᠮᠵᠢᠶᠠᠵᠢᠭᠰᠠᠨ ᠤᠳᠤ ᠦᠶ᠎ᠡ ᠶᠢᠨ ᠠᠵᠤ ᠦᠢᠯᠡᠰ ᠤᠨ ᠬᠦᠷᠢᠶᠡᠯᠡᠩ ᠤᠳ ᠤᠨ ᠲᠡᠰ ᠳᠡᠪᠰᠢᠨ ᠭᠦᠭᠵᠢᠨ᠎ᠠ; ᠲᠠᠷᠠᠬᠠᠢ ᠪᠤᠲᠠᠷᠬᠠᠢ ᠠᠴᠠ ᠬᠡᠪᠴᠢᠶᠡᠵᠢᠭᠰᠡᠨ ᠦᠢᠯᠡᠳᠪᠦᠷᠢᠯᠡᠯ ᠭᠦᠷᠲᠡᠯ᠎ᠡ᠂ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠨᠠᠷᠠᠲᠤ ᠲᠡᠮᠳᠡᠭ ᠤᠳ ᠰᠢᠨ᠎ᠡ ᠲᠥᠷᠬᠦ ᠰᠢᠯᠢᠳᠡᠭ ᠴᠢᠨᠠᠷ ᠢᠶᠠᠷ ᠤᠯᠠᠨ ᠲᠠᠢ ᠵᠣᠯᠭᠠᠨ᠎ᠠ ᠁     2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠠᠵᠢᠯ ᠪᠠᠶᠢᠴᠠᠭᠠᠬᠤ ᠳᠠᠭᠠᠨ᠂  ᠮᠠᠯ ᠠᠵᠤ ᠠᠬᠤᠢ ᠲᠠᠷᠢᠶᠠᠯᠠᠩ ᠤᠨ ᠳᠠᠪᠠᠭᠤᠯᠢᠭ ᠢ ᠰᠠᠶᠢᠲᠤᠷ ᠪᠠᠳᠠᠷᠠᠭᠤᠯᠵᠤ᠂ ᠭᠠᠵᠠᠷ ᠰᠢᠷᠣᠢ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠡᠭᠦᠯᠳᠡᠷ ᠤᠨ ᠢᠷᠡᠯᠲᠡ᠂ ᠤᠰᠤ᠂ ᠡᠪᠡᠰᠦ ᠵᠡᠷᠭᠡ ᠲᠠᠯ᠎ᠠ ᠠᠴᠠ ᠭᠠᠷᠳᠠᠵᠤ᠂ ᠮᠠᠯ ᠠᠵᠤ ᠠᠬᠤᠢ ᠲᠠᠷᠢᠶᠠᠯᠠᠩ ᠤᠨ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠦᠷᠢᠯᠡᠯ ᠤᠨ ᠪᠦᠲᠦᠴᠡ ᠶᠢ ᠯᠠᠪᠳᠠᠭᠤᠨ ᠢᠶᠠᠷ ᠰᠢᠯᠢᠳᠡᠭᠵᠢᠭᠦᠯᠦᠨ᠂  ᠮᠠᠯ ᠠᠵᠤ ᠠᠬᠤᠢ ᠲᠠᠷᠢᠶᠠᠯᠠᠩ ᠤᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠠᠮᠢ ᠠᠬᠤᠢ ᠶᠢᠨ  ᠮᠠᠯ ᠠᠵᠤ ᠠᠬᠤᠢ ᠲᠠᠷᠢᠶᠠᠯᠠᠩ ᠢ ᠶᠡᠭᠡ ᠪᠠᠷ ᠬᠥᠭᠵᠢᠭᠦᠯᠵᠦ᠂  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠪᠠ ᠪᠣᠬᠢᠷᠳᠤᠯ ᠦᠭᠡᠢ ᠣᠷᠭᠠᠨᠢᠭ ᠨᠠᠷᠠᠲᠤ ᠲᠥᠷᠥᠯ ᠲᠡᠮᠳᠡᠭᠲᠦ ᠶᠢ ᠪᠤᠶ ᠪᠤᠯᠭᠠᠬᠤ ᠶᠢ ᠰᠠᠶᠢᠲᠤᠷ ᠠᠳᠬᠤᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂  ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠶᠤᠮ᠃ ᠡᠨᠡ ᠨᠢ ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠳᠤ ᠴᠢᠭᠯᠡᠯ ᠢ ᠵᠢᠭᠠᠨ ᠥᠭᠴᠦ᠂ ᠵᠢᠷᠤᠮᠯᠠᠯ ᠬᠠᠩᠭᠠᠵᠤ᠂ ᠬᠦᠴᠦᠨ ᠴᠢᠳᠠᠯ ᠢ ᠨᠢᠭᠲᠠᠷᠠᠭᠤᠯᠵᠠᠢ᠃
     ᠤᠯᠠᠭᠠᠨᠴᠠᠪ ᠬᠤᠳᠠ ᠶᠢᠨ ᠳᠥᠷᠪᠡᠳ ᠬᠤᠰᠢᠭᠤᠨ ᠳᠠᠬᠢ ᠥᠪᠥᠷ ᠮᠣᠩᠭᠤᠯ ᠤᠨ ᠵᠦᠩ ᠵᠢᠶᠠ ᠲᠠᠷᠢᠶᠠᠯᠠᠩ ᠤᠨ ᠠᠮᠢᠳᠤ ᠪᠣᠳᠠᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠶᠢᠨ ᠲᠤᠷᠰᠢᠯᠲᠠ ᠶᠢᠨ ᠲᠠᠷᠢᠶᠠᠨ ᠳᠤ ᠠᠵᠢᠯᠲᠠᠨ ᠠᠵᠢᠯᠯᠠᠵᠤ ᠪᠠᠶᠢᠭ᠎ᠠ ᠨᠢ  ᠃                               ︵ᠵᠠᠩ ᠱᠸ ᠶᠠᠨ ᠰᠡᠭᠦᠳᠡᠷᠯᠡᠪᠡ︶      ᠨᠢᠭᠡ ᠵᠢᠯ ᠤᠨ ᠲᠤᠷᠰᠢ᠂ ᠥᠪᠥᠷ ᠮᠣᠩᠭᠤᠯ ︽ᠭᠠᠵᠠᠷ᠂ ᠤᠰᠤ᠂ ᠡᠭᠦᠯᠳᠡᠷ︾᠂ ︽ᠠᠮᠤ᠂ ᠮᠢᠬ᠎ᠠ᠂ ᠰᠦ︾ ᠵᠡᠷᠭᠡ 6 ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠠᠵᠤ ᠦᠢᠯᠡᠳᠪᠦᠷᠢᠵᠢᠯᠲᠡ ᠶᠢᠨ ᠰᠡᠳᠬᠢᠬᠦᠢ᠂ ᠬᠡᠯᠬᠢᠶᠡᠵᠢᠭᠰᠡᠨ ᠰᠡᠳᠬᠢᠬᠦᠢ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ ᠶᠢ ᠪᠠᠲᠤ ᠪᠠᠬᠢ ᠪᠤᠶ ᠪᠤᠯᠭᠠᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠣᠯᠠᠨ ᠡᠰᠢᠲᠦ ᠣᠷᠣᠭᠤᠯᠤᠯᠲᠠ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠲᠣᠨᠤᠭ ᠲᠥᠬᠦᠭᠡᠷᠦᠮᠵᠢ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠪᠠᠲᠤᠯᠠᠭ᠎ᠠ ᠶᠢ ᠴᠢᠩᠭᠠᠳᠬᠠᠵᠤ᠂ ᠠᠮᠢ ᠠᠬᠤᠢ ᠶᠢᠨ ᠮᠠᠯ ᠠᠵᠤ ᠠᠬᠤᠢ ᠲᠠᠷᠢᠶᠠᠯᠠᠩ ᠢᠶᠠᠷ ᠵᠢᠯᠣᠭᠤᠳᠤᠯᠭ᠎ᠠ ᠪᠤᠯᠭᠠᠬᠰᠠᠨ᠂ ᠮᠠᠯ ᠠᠵᠤ ᠠᠬᠤᠢ ᠲᠠᠷᠢᠶᠠᠯᠠᠩ ᠤᠨ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠪᠠ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢ ᠣᠯᠠᠨ ᠡᠰᠢᠵᠢᠭᠦᠯᠦᠨ ᠬᠥᠭᠵᠢᠭᠦᠯᠦᠭᠰᠡᠨ ᠲᠠᠷᠢᠶᠠᠯᠠᠩ ᠤᠨ ᠰᠢᠰᠲ᠋ᠧᠮ ᠢ ᠪᠠᠶᠢᠭᠤᠯᠪᠠ᠃      ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠬᠥᠲᠥᠯᠥᠨ ᠳᠠᠭᠠᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠳᠠᠪᠲᠠᠨ ᠪᠣᠯᠪᠠᠰᠤᠷᠠᠭᠤᠯᠤᠨ᠎ᠠ      ᠥᠷᠭᠡᠨ ᠠᠭᠤᠳᠠᠮ ᠥᠪᠥᠷ ᠮᠣᠩᠭᠤᠯ ᠤᠨ ᠲᠠᠯ᠎ᠠ ᠨᠤᠲᠤᠭ ᠲᠤ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠮᠡᠷᠭᠡᠵᠢᠯ ᠤᠨ ᠬᠡᠷᠡᠭᠯᠡᠯᠲᠡ ᠨᠢ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠤᠢ ᠪᠣᠯᠭᠠᠪᠠ᠃ ᠬᠥᠯᠥᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠰᠦ᠋ ᠴᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠺᠤᠮᠫᠠᠨᠢ ᠶᠢᠨ ᠣᠶᠤᠨᠴᠢ ᠲᠠᠷᠢᠶᠠᠯᠠᠩ ᠤᠨ ᠮᠡᠳᠡᠭᠡ ᠵᠠᠩᠭᠢ ᠶᠢᠨ ᠲᠠᠰᠤᠭ ᠲᠤ ᠣᠷᠣᠬᠤ ᠳᠤ᠂ ᠨᠢᠭᠡᠨ LED ᠲᠣᠮᠣ ᠳᠡᠯᠭᠡᠴᠡ ᠨᠢ ︽ᠨᠢᠳᠦ ᠭᠢᠯᠠᠰᠬᠠᠵᠤ︾ ᠪᠠᠶᠢᠯ᠎ᠠ᠃ ᠲᠡᠷᠡ ᠨᠢ ᠲᠠᠷᠢᠶᠠᠨ ᠭᠠᠵᠠᠷ ᠲᠤ ᠤᠭᠰᠠᠷᠠᠭᠰᠠᠨ ᠣᠶᠤᠨᠲᠤ ᠬᠢᠨᠠᠨ ᠬᠡᠮᠵᠢᠬᠦ ᠰᠢᠰᠲ᠋ᠧᠮ ᠲᠠᠢ ᠬᠤᠯᠪᠤᠭᠠᠯᠠᠨ ᠬᠥᠳᠡᠯᠦᠯᠴᠡᠵᠦ᠂ ᠡᠯ᠎ᠡ ᠲᠠᠷᠢᠶᠠᠨ ᠭᠠᠵᠠᠷ ᠤᠨ ᠴᠢᠭᠢᠭ ᠤᠨ ᠪᠠᠶᠢᠳᠠᠯ᠂ ᠲᠠᠷᠢᠮᠠᠯ ᠤᠨ ᠤᠷᠭᠤᠯᠲᠠ ᠶᠢᠨ ᠪᠠᠶᠢᠳᠠᠯ᠂ ᠠᠵᠢᠯᠯᠠᠬᠤ ᠲᠡᠷᠭᠡᠨ ᠤ ᠠᠶᠠᠯᠠᠯ ᠤᠨ ᠵᠠᠮ ᠮᠥᠷ ᠵᠡᠷᠭᠡ ᠲᠠᠷᠢᠶᠠᠯᠠᠩ ᠤᠨ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠴᠤᠭᠯᠠᠭᠤᠯᠵᠤ᠂ ᠲᠠᠷᠢᠶᠠᠨ ᠭᠠᠵᠠᠷ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠬᠠᠳᠠᠭᠠᠯᠠᠵᠤ ᠪᠤᠶ᠃      ᠲᠤᠰ ᠲᠠᠷᠢᠶᠠᠯᠠᠩ ᠮᠠᠯᠵᠢᠯ ᠤᠨ ᠲᠠᠯᠠᠪᠠᠢ ᠨᠢ ᠲᠠᠷᠢᠶᠠᠨ ᠭᠠᠵᠠᠷ ᠢ ᠬᠢᠨᠠᠨ ᠬᠡᠮᠵᠢᠬᠦ᠂ ᠠᠦ᠋ᠲ᠋ᠣᠴᠢᠯᠠᠭᠰᠠᠨ ᠤᠰᠤᠯᠠᠯᠲᠠ᠂ ᠲᠠᠷᠢᠶᠠᠯᠠᠩ ᠤᠨ ᠮᠠᠰᠢᠨ ᠤ ᠬᠠᠮᠢᠶᠠᠷᠤᠯᠲᠠ᠂ ᠲᠠᠷᠢᠶᠠᠯᠠᠩ ᠤᠨ ᠪᠦᠲᠦᠭᠡᠭᠳᠡᠬᠦᠨ ᠤ ᠡᠬᠢ ᠶᠢ ᠮᠥᠷᠳᠡᠬᠦ ᠵᠡᠷᠭᠡ ᠲᠠᠷᠢᠶᠠᠯᠠᠩ ᠤᠨ ᠶᠠᠪᠤᠳᠠᠯ ᠤᠨ ᠠᠵᠢᠯᠯᠠᠭ᠎ᠠ ᠪᠣᠯᠣᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ ᠣᠶᠤᠨᠲᠤ ᠲᠠᠷᠢᠶᠠᠯᠠᠩ ᠤᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠠᠰᠢᠭ ᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠨᠠᠷᠢᠮᠤ ᠶᠢᠨ ᠰᠤᠳᠤᠯᠭᠠᠨ ᠤ ᠲᠥᠰᠥᠯ ᠤᠨ ᠠᠵᠢᠯᠲᠠᠳ ᠨᠠᠷᠢᠮᠤ ᠶᠢᠨ ᠤᠷᠭᠤᠯᠲᠠ ᠶᠢ ᠰᠢᠨᠵᠢᠯᠡᠨ ᠦᠵᠡᠵᠦ ᠪᠤᠢ᠃      ᠲᠠᠷᠢᠶᠠᠨ ᠭᠠᠵᠠᠷ ᠲᠤ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠡᠷᠡᠭᠯᠡᠯᠲᠡ ᠣᠯᠠᠰᠢᠷᠠᠭᠰᠠᠨ ᠨᠢ ᠨᠢᠭᠡᠨᠲᠡ ᠰᠢᠨ᠎ᠡ ᠰᠡᠪᠡᠭᠦᠨ ᠶᠠᠪᠤᠳᠠᠯ ᠪᠢᠰᠢ ᠪᠣᠯᠵᠠᠢ᠃ ᠣᠳᠣᠬᠠᠨ ᠳᠤ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ᠂ ᠨᠠᠷᠢᠯᠢᠭ ᠣᠨᠣᠴᠠᠲᠠᠢ ᠪᠠᠷ ᠤᠰᠤᠯᠠᠬᠤ᠂ ᠵᠢᠯᠣᠭᠤᠴᠢ ᠦᠭᠡᠢ ᠨᠢᠰᠬᠡᠯ ᠤᠨ ᠤᠷᠭᠤᠮᠠᠯ ᠤᠨ ᠬᠠᠮᠠᠭᠠᠯᠠᠯᠲᠠ ᠵᠡᠷᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠡᠷᠡᠭᠯᠡᠯᠲᠡ ᠪᠠᠷ ᠲᠡᠭᠦᠯᠳᠡᠷ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠮᠠᠶ᠋ᠢᠭ ᠤᠮᠠᠷᠠᠲᠤ ᠬᠢᠯᠢ ᠶᠢᠨ ᠰᠢᠮᠡᠲᠦ ᠬᠥᠷᠥᠰᠥᠨ ᠳᠡᠭᠡᠷ᠎ᠡ ᠨᠡᠶᠢᠳᠡᠮ ᠳᠡᠯᠭᠡᠷᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠨ᠂ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠵᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠷ᠎ᠡ ᠠᠰᠢᠭ ᠪᠠ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠠᠷᠢᠶᠠᠯᠠᠩ ᠤᠨ ᠪᠣᠬᠢᠷᠳᠤᠯ ᠦᠭᠡᠢ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠪᠡ᠃      2023 ᠣᠨ ᠳᠤ᠂ ᠥᠪᠥᠷ ᠮᠣᠩᠭᠤᠯ 11 ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠪᠠ 13 ᠲᠦᠷᠦᠯ ᠤᠨ︽ᠲᠤᠩᠬᠠᠭ ᠨᠡᠶᠢᠲᠡᠯᠡᠨ ᠮᠠᠩᠯᠠᠶᠢᠯᠠᠭᠴᠢ ᠡᠯᠰᠡᠬᠦ︾ᠢᠨᠵᠧᠨᠧᠷᠢᠩ ᠢ ᠡᠬᠢᠯᠡᠭᠦᠯᠵᠦ᠂ ᠦᠵᠦᠮᠦᠴᠢᠨ ᠬᠤᠨᠢ᠂ ᠮᠣᠩᠭᠤᠯ ᠮᠣᠷᠢ᠂ ᠵᠢᠵᠢᠭ ᠶᠠᠯᠦ ᠵᠢᠭᠠᠰᠤ ᠲᠤᠰ ᠲᠤᠰ ᠤᠯᠤᠰ ᠤᠨ ᠠᠷᠪᠠᠨ ᠶᠡᠭᠡ ᠰᠢᠯᠢᠳᠡᠭ ᠮᠠᠯ ᠵᠢᠭᠦᠷᠲᠡᠨ ᠪᠠ ᠤᠰᠤᠨ ᠭᠠᠷᠤᠯᠲᠠ ᠶᠢᠨ ᠡᠭᠦᠯᠳᠡᠷ ᠤᠨ ᠡᠬᠢ ᠪᠠᠶᠠᠯᠢᠭ ᠤᠨ ᠨᠡᠷᠡᠰ ᠤᠨ ᠵᠢᠭᠰᠠᠭᠠᠯᠲᠠ ᠳᠤ ᠣᠷᠣᠵᠤ᠂ ᠲᠥᠮᠥᠰᠥ᠂ ᠰᠢᠷ᠎ᠠ ᠪᠤᠷᠴᠠᠭ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠤᠭᠰᠠᠨ ᠲᠠᠯᠠᠪᠠᠢ ᠲᠤᠰ ᠲᠤᠰ ᠪᠦᠭᠦ ᠤᠯᠤᠰ ᠤᠨ ᠨᠢᠭᠡᠳᠦᠭᠡᠷ ᠪᠠ ᠭᠤᠷᠪᠠᠳᠤᠭᠠᠷ ᠲᠤ ᠣᠷᠣᠵᠠᠢ; ᠤᠯᠤᠰ ᠤᠨ ᠮᠢᠬᠠᠨ ᠤ ᠬᠤᠨᠢᠨ ᠤ ᠤᠳᠤᠮᠰᠢᠯ ᠢ ᠦᠨᠡᠯᠡᠨ ᠵᠢᠱᠢᠬᠦ ᠲᠥᠪ ᠪᠠ ᠮᠢᠬᠠᠨ ᠤ ᠦᠬᠡᠷ᠂ ᠮᠢᠬᠠᠨ ᠤ ᠬᠤᠨᠢᠨ ᠤ ᠦᠢᠯᠡᠳᠪᠦᠷᠢᠯᠡᠯ ᠤᠨ ᠴᠢᠨᠠᠷ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠢ ᠥᠪᠥᠷ ᠮᠣᠩᠭᠤᠯ ᠳᠤ ᠨᠤᠲᠤᠭᠰᠢᠭᠤᠯᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠪᠦᠲᠦᠮᠵᠢᠲᠡᠶ ᠴᠢᠩᠭᠠᠳᠬᠠᠪᠠ᠃
     ᠥᠪᠥᠷ ᠮᠣᠩᠭᠤᠯ ᠤᠨ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠬᠡᠷᠡᠭᠯᠡᠭᠴᠢᠳ ᠤᠨ ᠬᠦᠷᠢᠶᠡᠯᠡᠯ ᠢ ᠣᠯᠵᠤ ᠪᠤᠢ᠃      2023 ᠣᠨ ᠳᠤ᠂ ᠥᠪᠥᠷ ᠮᠣᠩᠭᠤᠯ 8  ᠮᠠᠯ ᠠᠵᠤ ᠠᠬᠤᠢ ᠲᠠᠷᠢᠶᠠᠯᠠᠩ ᠤᠨ ᠠᠵᠤ ᠠᠬᠤᠶᠢᠯᠠᠯ ᠤᠨ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠡᠭᠦᠳᠦᠨ ᠪᠠᠶᠢᠭᠤᠯᠵᠤ᠂ ᠣᠷᠳᠣ ᠬᠤᠭᠤᠴᠠᠭᠠᠨ ᠤ ᠲᠣᠭᠲᠠᠪᠤᠷᠢᠲᠠᠢ  ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠵᠢᠱᠢᠶ᠎ᠡ ᠦᠵᠡᠭᠦᠯᠭᠦ ᠰᠠᠭᠤᠷᠢᠨ ᠢ 186 ᠪᠠᠶᠢᠭᠤᠯᠪᠠ᠃ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠭᠰᠠᠨ ᠪᠥᠭᠡᠳ 70 ᠵᠦᠢᠯ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠦᠢᠯᠡᠰ ᠢ ᠥᠷᠨᠢᠭᠦᠯᠵᠦ᠂ 97 ᠵᠦᠢᠯ ᠤᠨ ᠲᠤᠰᠬᠠᠢ ᠠᠰᠢᠭ ᠢ ᠭᠤᠶᠤᠴᠢᠯᠠᠵᠤ᠂ 12 ᠵᠦᠢᠯ ᠤᠨ ᠪᠠᠷᠢᠮᠵᠢᠶ᠎ᠠ ᠶᠢ ᠨᠡᠶᠢᠲᠡᠯᠡᠪᠡ᠃ ᠥᠪᠥᠷ ᠮᠣᠩᠭᠤᠯ ᠪᠠᠰᠠ  ᠮᠠᠯ ᠠᠵᠤ ᠠᠬᠤᠢ ᠲᠠᠷᠢᠶᠠᠯᠠᠩ ᠤᠨ ︽ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ 110︾ ᠦᠢᠯᠡᠴᠢᠯᠡᠭᠡᠨ ᠤ ᠵᠠᠭᠪᠤᠷ ᠢ ᠠᠩᠬ᠎ᠠ ᠡᠭᠦᠳᠴᠦ᠂ ᠲᠠᠷᠢᠶᠠᠯᠠᠩ ᠢ ᠲᠤᠰᠠᠯᠠᠬᠤ ᠦᠢᠯᠡᠴᠢᠯᠡᠭᠡᠨ ᠤ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠢᠶᠠᠷ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠨᠢᠭᠡ ᠤᠳᠠᠭᠠᠨ ᠤ ᠬᠤᠪᠢᠰᠤᠯᠲᠠ ᠥᠪᠥᠷ ᠮᠣᠩᠭᠤᠯ ᠤᠨ ᠡᠬᠡ ᠭᠠᠵᠠᠷ ᠲᠤ ᠥᠷᠭᠡᠨ ᠢᠶᠠᠷ ᠳᠡᠯᠭᠡᠷᠡᠵᠦ ᠪᠠᠶᠢᠨ᠎ᠠ᠃      ᠭᠤᠷᠪᠠᠨ ᠠᠵᠤ ᠦᠢᠯᠡᠰ ᠠᠭᠤᠰᠤᠯᠴᠠᠵᠤ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶᠡᠵᠢᠯ ᠪᠦᠷᠢᠯᠳᠦᠪᠡ      ᠡᠨᠡ ᠵᠢᠯ ᠤᠨ 4 ᠰᠠᠷ᠎ᠠ ᠳᠤ᠂ ︽2024 ᠣᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠪᠠᠶᠢᠳᠠᠯ ᠤᠨ ᠲᠤᠬᠠᠢ ᠮᠡᠳᠡᠭᠳᠡᠯ︾ ᠢ ᠨᠡᠶᠢᠲᠡᠯᠡᠵᠦ᠂ ᠪᠦᠭᠦ ᠤᠯᠤᠰ ᠤᠨ 49 ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠯᠲᠡ ᠳᠤ᠂ ᠥᠪᠥᠷ ᠮᠣᠩᠭᠤᠯ ᠤᠨ ᠬᠤᠷᠢᠨᠭᠡᠷ ᠰᠢᠶᠠ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠩᠭᠢᠨ ᠬᠤᠶᠢᠲᠤ ᠬᠤᠰᠢᠭᠤ ᠵᠡᠷᠭᠡ ᠤᠯᠤᠰ ᠤᠨ ᠲᠠᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠰ ᠲᠣᠰ ᠳᠥᠷᠪᠡᠳᠦᠭᠡᠷ᠂ ᠠᠷᠪᠠᠨ ᠨᠢᠭᠡᠳᠦᠭᠡᠷ ᠪᠠ ᠠᠷᠪᠠᠨ ᠲᠠᠪᠤᠳᠤᠭᠠᠷ ᠲᠤ ᠵᠢᠭᠰᠠᠭᠠᠭᠳᠠᠭᠰᠠᠨ ᠪᠥᠭᠡᠳ ᠲᠥᠪ ᠤᠨ ᠡᠳ᠋ ᠤᠨ ᠵᠠᠰᠠᠭ ᠤᠨ ᠠᠵᠤ ᠦᠢᠯᠡᠰ ᠤᠨ ᠬᠦᠷᠢᠶᠡᠯᠡᠩ ᠤᠨ ᠳᠤᠮᠳᠠ ᠬᠤᠭᠤᠴᠠᠭᠠᠨ ᠤ ᠡᠭᠦᠳᠦᠨ ᠪᠠᠶᠢᠭᠤᠯᠬᠤ ᠱᠠᠩᠨᠠᠯ ᠨᠥᠬᠦᠪᠦᠷᠢ ᠶᠢᠨ ᠪᠡᠯᠡ ᠮᠥᠩᠭᠦ ᠶᠢ 6000 ᠲᠦᠮᠡᠨ ᠲᠥᠭᠦᠷᠢᠭ ᠣᠯᠵᠠᠢ᠃      ᠬᠤᠷᠢᠨᠭᠡᠷ ᠰᠢᠶᠠᠨ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠩᠭᠢᠨ ᠬᠤᠶᠢᠲᠤ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠷ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠱᠠᠲᠤᠴᠢ ᠴᠢᠨᠠᠷᠲᠠᠢ ᠡᠭᠦᠳᠦᠨ ᠪᠠᠶᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃      ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠯᠤᠰ ᠤᠨ ᠲᠠᠷᠢᠶᠠᠯᠠᠩ ᠤᠨ ᠠᠵᠤ ᠦᠢᠯᠡᠰ ᠢ ᠠᠭᠤᠰᠤᠯᠴᠠᠭᠤᠯᠬᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠭᠠᠷᠳᠠᠴᠠ ᠪᠤᠯᠭᠠᠵᠤ᠂ ᠤᠯᠤᠰ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ᠤ ᠳᠡᠭᠡᠳᠦ ᠳᠣᠣᠷᠠᠳᠤ ᠱᠠᠲᠤ ᠬᠤᠯᠪᠤᠭᠠᠯᠠᠨ ᠬᠥᠳᠡᠯᠦᠯᠴᠡᠬᠦ᠂ ᠴᠡᠭ ᠢᠶᠠᠷ ᠨᠡᠶᠢᠳᠡᠮ ᠢ ᠳᠠᠶᠢᠴᠢᠯᠠᠬᠤ᠂ ᠱᠠᠲᠤᠴᠢ ᠴᠢᠨᠠᠷᠲᠠᠢ ᠠᠬᠢᠭᠤᠯᠬᠤ ᠪᠦᠲᠦᠭᠡᠨ ᠪᠠᠶᠢᠭᠤᠯᠤᠯᠲᠠ ᠶᠢᠨ ᠪᠠᠶᠢᠷᠢᠰᠢᠯ ᠢ ᠪᠠᠶᠢᠭᠤᠯᠪᠠ᠃ ᠣᠳᠣᠬᠠᠨ ᠳᠤ᠂ ᠥᠪᠥᠷ ᠮᠣᠩᠭᠤᠯ ᠨᠢᠭᠡᠨᠲᠡ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ 11 ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢ 41 ᠪᠠᠶᠢᠭᠤᠯᠵᠤ᠂ ᠡᠯ᠎ᠡ ᠭᠠᠵᠠᠷ ᠢ ᠳᠠᠶᠢᠴᠢᠯᠠᠨ ᠠᠵᠤ ᠦᠢᠯᠡᠰ ᠤᠨ ᠣᠨᠴᠠᠯᠢᠭ ᠢᠶᠠᠷ ᠢᠯᠡ ᠲᠣᠳᠣ᠂ ᠬᠦᠴᠦᠨ ᠵᠦᠢᠯ ᠲᠥᠪᠯᠡᠷᠡᠭᠰᠡᠨ᠂ ᠦᠢᠯᠡᠳᠪᠦᠷᠢᠯᠡᠯ ᠤᠨ ᠠᠷᠭ᠎ᠠ ᠭᠡᠯᠪᠡᠷᠢ ᠪᠣᠬᠢᠷᠳᠤᠯ ᠦᠭᠡᠢ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠭᠦᠨᠵᠡᠭᠡᠢ ᠠᠭᠤᠰᠤᠯᠴᠠᠭᠰᠠᠨ ᠠᠶᠢᠮᠠᠭ ᠬᠤᠲᠠ᠂ ᠬᠤᠰᠢᠭᠤ ᠰᠢᠶᠠᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ 50 ᠪᠠᠶᠢᠭᠤᠯᠪᠠ᠃      ᠥᠪᠥᠷ ᠮᠣᠩᠭᠤᠯ ᠰᠦ ᠶᠢᠨ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ︽ᠨᠢᠭᠡ ᠰᠢᠷᠬᠡᠭ ᠡᠪᠡᠰᠦ ᠠᠴᠠ ᠨᠢᠭᠡ ᠴᠣᠮᠣ ᠰᠦ ᠭᠦᠷᠲᠡᠯ᠎ᠡ︾ ᠪᠦᠭᠦ ᠬᠡᠯᠬᠢᠶ᠎ᠡ ᠪᠠᠷ ᠬᠦᠴᠦᠯᠡᠵᠦ ᠪᠤᠶ; ᠮᠢᠬᠠᠨ ᠤ ᠦᠬᠡᠷ᠂ ᠮᠢᠬᠠᠨ ᠤ ᠬᠤᠨᠢᠨ ᠤ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠬᠡᠮᠵᠢᠶ᠎ᠡ ᠪᠠ ᠬᠥᠭᠵᠢᠯᠲᠡ ᠶᠢᠨ ᠲᠥᠪᠯᠡᠷᠡᠯ ᠤᠨ ᠬᠡᠮᠵᠢᠶ᠎ᠡ ᠶᠢ ᠳᠡᠭᠡᠭᠰᠢᠯᠡᠭᠦᠯᠦᠨ᠂ ᠳᠠᠷᠢᠵᠤ ᠲᠡᠵᠢᠭᠡᠬᠦ ᠡᠳ᠋ᠰᠢᠭᠦᠯᠬᠦ ᠪᠣᠷᠣᠯᠠᠭᠤᠯᠬᠤ ᠪᠦᠭᠦ ᠬᠡᠯᠬᠢᠶ᠎ᠡ ᠶᠢᠨ ᠬᠥᠭᠵᠢᠯᠲᠡ ᠶᠢ ᠠᠭᠢᠭᠤᠯᠵᠠᠢ; ᠣᠶ ᠡᠪᠡᠰᠦ ᠶᠢᠨ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠨᠢᠭᠡ ᠲᠠᠯ᠎ᠠ ᠪᠠᠷ︽ᠲᠡᠵᠢᠭᠡᠬᠦ ᠶᠢᠨ ᠲᠥᠯᠥᠭᠡ ᠳᠠᠷᠢᠬᠤ︾ ᠶᠢ ᠠᠳᠬᠤᠵᠤ᠂ ᠨᠥᠭᠦᠭᠡ ᠲᠠᠯ᠎ᠠ ᠪᠠᠷ︽ᠠᠮᠢ ᠠᠬᠤᠢ ᠪᠠᠷ ᠮᠠᠯᠴᠢᠳ ᠲᠤ ᠠᠰᠢᠭ ᠬᠦᠷᠲᠡᠭᠡᠬᠦ︾ ᠶᠢ ᠠᠳᠬᠤᠵᠤ᠂ ᠠᠮᠢ ᠠᠬᠤᠢ ᠡᠪᠡᠰᠦᠨ ᠤ ᠦᠢᠯᠡᠰ ᠢ ᠶᠡᠭᠡ ᠪᠠᠷ ᠬᠥᠭᠵᠢᠭᠦᠯᠦᠨ᠎ᠡ ᠁ ᠵᠢᠷᠤᠭ ᠲᠥᠯᠥᠪᠯᠡᠭᠡ ᠠᠴᠠ ᠦᠢᠯᠡᠳᠦᠯᠭᠡᠵᠢᠭᠦᠯᠬᠦ ᠭᠦᠷᠲᠡᠯ᠎ᠡ᠂ ᠮᠠᠯ ᠠᠵᠤ ᠠᠬᠤᠢ ᠲᠠᠷᠢᠶᠠᠯᠠᠩ ᠤᠨ ᠠᠵᠤ ᠦᠢᠯᠡᠰ ᠤᠨ ᠬᠡᠯᠬᠢᠶ᠎ᠡ ᠡᠳᠦᠷ ᠢᠷᠡᠬᠦᠶ᠎ᠡ ᠪᠦᠷᠢᠯᠳᠦᠪᠡ᠃      ᠥᠪᠥᠷ ᠮᠣᠩᠭᠤᠯ ᠰᠦ ᠶᠢᠨ ᠦᠢᠯᠡᠰ᠂ ᠮᠢᠬᠠᠨ ᠤ ᠬᠤᠨᠢ᠂ ᠮᠢᠬᠠᠨ ᠤ ᠦᠬᠡᠷ᠂ ᠲᠥᠮᠥᠰᠥ᠂ ᠢᠮᠠᠭᠠᠨ ᠨᠣᠣᠯᠣᠭᠤᠷ ᠵᠡᠷᠭᠡ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠰᠦ ᠶᠢᠨ ᠦᠢᠯᠡᠰ᠂ ᠡᠷᠳᠡᠨᠢ ᠰᠢᠰᠢ ᠭᠡᠬᠦ ᠮᠢᠩᠭᠠᠨ ᠳ᠋ᠦᠩᠰᠢᠭᠤᠷ ᠤᠨ ᠲᠠᠰ ᠤᠨ 2 ᠠᠵᠤ ᠦᠢᠯᠡᠰ ᠪᠠ ᠮᠢᠬᠠᠨ ᠤ ᠬᠤᠨᠢ᠂ ᠮᠢᠬᠠᠨ ᠤ ᠦᠬᠡᠷ᠂ ᠲᠥᠮᠥᠰᠥ᠂ ᠪᠤᠭᠤᠳᠠᠢ ᠵᠡᠷᠭᠡ ᠵᠠᠭᠤᠨ ᠳ᠋ᠦᠩᠰᠢᠭᠤᠷ ᠤᠨ ᠲᠠᠰ ᠤᠨ 10 ᠠᠵᠤ ᠦᠢᠯᠡᠰ ᠤᠨ ᠰᠦᠷᠦᠭᠵᠢᠯ ᠢ ᠬᠦᠴᠦᠷᠬᠡᠭᠵᠢᠭᠦᠯᠦᠨ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ᠂ ᠡᠵᠡᠩᠨᠡᠯᠲᠡ ᠶᠢᠨ ᠰᠢᠰᠲ᠋ᠧᠮ ᠪᠠ ᠦᠢᠯᠡᠳᠪᠦᠷᠢᠯᠡᠯ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠢᠨᠠᠷ ᠰᠠᠶᠢᠲᠠᠢ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠦᠲᠦᠮᠵᠢᠲᠡᠶ ᠨᠡᠮᠡᠭᠳᠡᠭᠦᠯᠪᠡ᠃      ᠲᠥᠷᠥᠯ ᠲᠡᠮᠳᠡᠭ ᠬᠦᠴᠦᠨ ᠨᠡᠮᠡᠷᠢᠯᠡᠵᠦ᠂ ︽ᠥᠪᠥᠷ ᠮᠣᠩᠭᠤᠯ ᠤᠨ ᠦᠨᠦᠷ ᠠᠮᠲᠠ︾ ᠳᠡᠯᠡᠬᠡᠢ ᠳ᠋ᠠᠬᠢᠨ ᠳᠤ ᠠᠯᠳᠠᠷᠰᠢᠨ᠎ᠠ      ᠰᠢᠯᠢ ᠶᠢᠨ ᠭᠤᠣᠯ ᠤᠨ ᠬᠤᠨᠢᠨ ᠮᠢᠬ᠎ᠠ᠂ ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠮᠢᠬ᠎ᠠ᠂ ᠬᠤᠷᠴᠢᠨ ᠦᠬᠡᠷ᠂ ᠤᠯᠠᠭᠠᠨᠴᠠᠪ ᠤᠨ ᠲᠥᠮᠥᠰᠥ᠂ ᠬᠢᠩᠭᠠᠨ ᠤ ᠲᠤᠲᠤᠷᠭ᠎ᠠ᠂ ᠠᠤᠬᠠᠨ ᠤ ᠨᠠᠷᠢᠮᠤ᠂ ᠦᠬᠠᠢ ᠶᠢᠨ ᠦᠵᠦᠮ᠂ ᠪᠣᠷᠣᠳᠣᠬᠤᠢ ᠶᠢᠨ ᠨᠡᠷᠡᠨ ᠬᠤᠸᠠᠷ᠂ ᠳᠠᠷᠬᠠᠨ ᠮᠤᠤᠮᠢᠩᠭᠠᠨ ᠤ ᠲᠠᠯ᠎ᠠ ᠨᠤᠲᠤᠭ ᠤᠨ ᠬᠤᠨᠢᠨ ᠮᠢᠬ᠎ᠠ ᠵᠡᠷᠭᠡ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠨᠢ ᠢᠳᠡᠭᠡᠨ ᠤᠮᠳᠠᠭᠠᠨ ᠤ ᠦᠢᠯᠡᠰ ᠲᠠᠬᠢ︽ᠥᠪᠥᠷ ᠮᠣᠩᠭᠤᠯ ᠤᠨ ᠦᠨᠦᠷ ᠠᠮᠲᠠ︾ ᠶᠢ ᠴᠣᠭᠴᠠᠯᠠᠪᠠ᠃      ᠡᠨᠡ ᠵᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ᠂ ᠪᠣᠬᠢᠷᠳᠤᠯ ᠦᠭᠡᠢ ᠠᠮᠢ ᠠᠬᠤᠢ ᠶᠢᠨ ︽ᠥᠪᠥᠷ ᠮᠣᠩᠭᠤᠯ︾ ᠲᠦᠷᠦᠯ ᠲᠡᠮᠳᠡᠭ ᠢ ᠰᠢᠯᠢᠳᠡᠭᠵᠢᠭᠦᠯᠬᠦ ᠶᠢ ᠳᠤᠷᠠᠳᠤᠨ ᠭᠠᠷᠭᠠᠪᠠ᠃ ︽ᠮᠢᠩᠭᠠᠨ ᠭᠠᠵᠠᠷ ᠤᠨ ᠲᠠᠯ᠎ᠠ ᠨᠤᠲᠤᠭ᠂ ᠲᠦᠮᠡᠨ ᠾᠧᠺᠲ᠋ᠠᠷ ᠤᠨ ᠮᠠᠯᠵᠢᠯ ᠤᠨ ᠲᠠᠯᠠᠪᠠᠶ᠂ ᠠᠮᠢ ᠠᠬᠤᠢ ᠶᠢᠨ ᠥᠪᠥᠷ ᠮᠣᠩᠭᠤᠯ᠂ ᠪᠣᠬᠢᠷᠳᠤᠯ ᠦᠭᠡᠢ ᠰᠠᠶᠢᠬᠠᠨ ᠦᠨᠦᠷ ᠠᠮᠲᠠ︾ ᠶᠢ ᠠᠯᠳᠠᠷᠰᠢᠭᠤᠯᠵᠤ᠂ ᠲᠠᠸᠠᠷ ᠤᠨ ᠲᠡᠮᠳᠡᠭ ᠤᠨ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠭᠦ ᠪᠠ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠬᠡᠷᠡᠭᠯᠡᠯᠲᠡ ᠶᠢ ᠠᠬᠢᠭᠤᠯᠬᠤ ᠢᠨᠵᠧᠨᠧᠷᠢᠩ ᠢ ᠬᠡᠷᠡᠭᠵᠢᠭᠦᠯᠵᠦ᠂ ᠨᠠᠩ ᠣᠯᠠᠨ ᠲᠥᠷᠥᠯ ᠲᠡᠮᠳᠡᠭ ᠢ ᠨᠡᠷ᠎ᠡ ᠠᠯᠳᠠᠷ ᠲᠠᠢ᠂ ᠣᠷᠣᠰᠢᠨ ᠲᠣᠭᠲᠠᠨᠢᠵᠤ ᠳᠡᠶᠢᠯᠭᠦ᠂ ᠥᠷᠢᠰᠦᠯᠳᠦᠬᠦ ᠬᠦᠴᠦᠨ ᠭᠦᠢᠴᠡᠳ᠂ ᠥᠨᠢ ᠤᠳᠠᠭᠠᠨ ᠪᠠᠶᠢᠵᠤ ᠳᠡᠶᠢᠯᠭᠦ ᠪᠤᠯᠭᠠᠵᠤ᠂ ᠲᠠᠯ᠎ᠠ ᠨᠤᠲᠤᠭ ᠤᠨ ᠦᠨᠦᠷ ᠠᠮᠲᠠ ᠶᠢ ᠳᠡᠯᠡᠬᠡᠢ ᠳ᠋ᠠᠬᠢᠨ ᠳᠤ ᠠᠯᠳᠠᠷᠰᠢᠭᠤᠯᠤᠨ᠎ᠠ᠃      4 ᠰᠠᠷ᠎ᠠ ᠶᠢᠨ 12 ᠤᠨ ᠡᠳᠦᠷ᠂ 12 ᠠᠶᠢᠮᠠᠭ ᠬᠤᠲᠠ ᠠᠴᠠ ᠢᠷᠡᠭᠰᠡᠨ 80 ᠭᠠᠷᠤᠢ ᠠᠵᠤ ᠠᠬᠤᠶᠢᠯᠠᠯ 300 ᠭᠠᠷᠤᠢ ᠵᠦᠢᠯ ᠤᠨ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ᠂ ᠪᠡᠯᠡᠨ ᠵᠠᠭᠤᠰᠢ᠂ ᠢᠳᠡᠰᠢᠨ ᠨᠣᠭᠤᠭ᠎ᠠ  ᠨᠢ ᠢᠳᠡᠭᠡᠨ ᠤ ᠦᠵᠡᠰᠭᠦᠯᠡᠩ ᠤᠨ ᠴᠤᠭᠯᠠᠭᠠᠨ ᠳᠤ ᠤᠷᠤᠯᠴᠠᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠷᠠᠯ ᠳᠤ ᠣᠷᠣᠯᠴᠠᠭᠰᠠᠳ ᠲᠤ︽ᠲᠠᠯ᠎ᠠ ᠨᠤᠲᠤᠭ ᠤᠨ ᠦᠪᠡᠳᠡᠭᠰᠢ ᠳᠠᠶᠢᠯᠠᠯᠭ᠎ᠠ︾ ᠶᠢ ᠭᠦᠷᠳᠡᠭᠡᠪᠡ; 4 ᠰᠠᠷ᠎ᠠ ᠶᠢᠨ 25 ᠤ ᠡᠳᠦᠷ᠂ ︽ᠪᠣᠬᠢᠷᠳᠤᠯ ᠦᠭᠡᠢ ᠪᠦᠲᠦᠭᠡᠭᠳᠡᠬᠦᠨ ᠢ ᠭᠠᠳᠠᠭᠰᠢ ᠭᠠᠷᠭᠠᠬᠤ - ᠥᠪᠥᠷ ᠮᠣᠩᠭᠤᠯ ᠤᠨ ᠴᠢᠨᠠᠷ ᠰᠠᠶᠢᠲᠠᠢ ᠣᠨᠴᠠᠯᠢᠭᠲᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠬᠤ︾ ᠠᠵᠢᠯᠯᠠᠭ᠎ᠠ ᠶᠢ ᠪᠡᠭᠡᠵᠢᠩ ᠳᠤ ᠡᠷᠭᠢᠯᠡᠨ᠂ 2024 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠰᠠᠨ ᠬᠡᠷᠡᠭᠯᠡᠭᠡ ᠪᠠᠷ ᠬᠠᠪᠰᠤᠷᠤᠨ ᠲᠡᠳᠬᠦᠵᠦ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠰᠢᠷᠢᠰ ᠠᠵᠢᠯᠯᠠᠭ᠎ᠠ ᠡᠬᠢᠯᠡᠵᠦ᠂ ᠲᠤᠬᠠᠢ ᠶᠢᠨ ᠲᠠᠯᠠᠪᠠᠶ ᠳᠤ 8000 ᠲᠦᠮᠡᠨ ᠲᠥᠭᠦᠷᠢᠭ ᠤᠨ ᠭᠡᠷ᠎ᠡ ᠲᠣᠭᠲᠠᠪᠠ᠃      ᠮᠠᠯ ᠠᠵᠤ ᠠᠬᠤᠢ ᠲᠠᠷᠢᠶᠠᠯᠠᠩ ᠤᠨ ᠲᠥᠷᠥᠯ ᠲᠡᠮᠳᠡᠭ ᠤᠨ ᠪᠠᠶᠢᠭᠤᠯᠤᠯᠲᠠ ᠨᠢ ᠤᠳᠤ ᠦᠶ᠎ᠡ ᠶᠢᠨ  ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠴᠢᠬᠤᠯᠠ ᠬᠥᠳᠡᠯᠭᠡᠭᠦᠷ ᠪᠤᠯᠬᠤ ᠪᠠᠷ ᠪᠠᠷᠠᠬᠤ ᠦᠭᠡᠢ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠳᠡᠰ ᠳᠡᠪᠰᠢᠬᠦ ᠳᠤ ᠵᠣᠬᠢᠴᠠᠬᠤ ᠲᠤᠯᠭᠠᠮ ᠬᠡᠷᠡᠭᠴᠡᠭᠡ ᠪᠣᠯᠣᠨ᠎ᠠ᠃ ᠥᠪᠥᠷ ᠮᠣᠩᠭᠤᠯ ᠲᠥᠷᠥᠯ ᠲᠡᠮᠳᠡᠭ ᠤᠨ ᠪᠠᠶᠢᠭᠤᠯᠤᠯᠲᠠ ᠶᠢᠨ ᠰᠢᠰᠲ᠋ᠧᠮ ᠪᠠ ᠦᠨᠡᠯᠡᠬᠦ ᠲᠣᠭᠲᠠᠴᠠ ᠶᠢ ᠪᠦᠷᠢᠨᠰᠢᠭᠦᠯᠵᠦ᠂ ᠮᠠᠯ ᠠᠵᠤ ᠠᠬᠤᠢ ᠲᠠᠷᠢᠶᠠᠯᠠᠩ ᠤᠨ ᠲᠥᠷᠥᠯ ᠲᠡᠮᠳᠡᠭ ᠤᠨ ᠭᠠᠷᠴᠠᠭ ᠤᠨ ᠳᠦᠷᠢᠮ ᠢ ᠲᠡᠭᠦᠯᠳᠡᠷᠵᠢᠭᠦᠯᠦᠨ᠂  ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ ᠪᠤᠶ᠃      ᠣᠷᠣᠨ ᠪᠦᠰᠡ ᠶᠢᠨ ᠲᠥᠷᠥᠯ ᠲᠡᠮᠳᠡᠭ ᠢᠶᠠᠷ ᠳᠠᠶᠢᠴᠢᠯᠠᠯᠲᠠ ᠪᠤᠯᠭᠠᠵᠤ᠂ ᠠᠵᠤ ᠠᠬᠤᠶᠢᠯᠠᠯ ᠤᠨ ᠲᠥᠷᠥᠯ ᠲᠡᠮᠳᠡᠭ ᠢᠶᠠᠷ ᠭᠤᠣᠯ ᠴᠣᠭᠴᠠ ᠪᠣᠯᠭᠠᠨ᠂ ᠦᠢᠯᠡᠳᠬᠦᠨ ᠤ ᠲᠥᠷᠥᠯ ᠲᠡᠮᠳᠡᠭ ᠢᠶᠠᠷ ᠰᠠᠭᠤᠷᠢ ᠪᠤᠯᠭᠠᠵᠤ᠂ ᠥᠪᠥᠷ ᠮᠣᠩᠭᠤᠯ ᠳᠡᠭᠡᠳᠦ ᠳᠣᠣᠷᠠᠳᠤ ᠱᠠᠲᠤ ᠲᠠᠰ ᠳᠠᠪᠬᠤᠷᠭ᠎ᠠ ᠲᠠᠢ᠂ ᠣᠷᠣᠨ ᠪᠦᠰᠡ ᠶᠢᠨ ᠣᠨᠴᠠᠯᠢᠭ ᠲᠠᠢ᠂ ᠪᠦᠬᠦᠯᠢ ᠴᠣᠭᠴᠠ ᠶᠢᠨ ᠳᠠᠪᠠᠭᠤᠯᠢᠭ ᠲᠠᠢ ᠲᠥᠷᠥᠯ ᠲᠡᠮᠳᠡᠭ ᠤᠨ ᠪᠠᠶᠢᠭᠤᠯᠤᠯᠲᠠ ᠶᠢᠨ ᠶᠡᠷᠦᠩᠬᠡᠢ ᠪᠠᠶᠢᠷᠢᠰᠢᠭᠤᠯᠤᠯᠲᠠ ᠶᠣᠰᠣᠭᠠᠷ᠂ ᠣᠷᠣᠨ ᠪᠦᠰᠡ ᠶᠢᠨ ᠳᠠᠪᠠᠭᠤᠯᠢᠭ᠂ ᠡᠬᠢ ᠪᠠᠶᠠᠯᠢᠭ ᠤᠨ ᠳᠠᠪᠠᠭᠤᠯᠢᠭ᠂ ᠠᠮᠢ ᠠᠬᠤᠢ ᠶᠢᠨ ᠳᠠᠪᠠᠭᠤᠯᠢᠭ᠂ ᠶᠠᠰᠤ ᠴᠢᠨᠠᠷ ᠤᠨ ᠳᠠᠪᠠᠭᠤᠯᠢᠭ᠂ ᠰᠣᠶᠣᠯ ᠢᠷᠭᠡᠨᠰᠢᠯ ᠤᠨ ᠳᠠᠪᠠᠭᠤᠯᠢᠭ ᠢ ᠲᠥᠷᠥᠯ ᠲᠡᠮᠳᠡᠭ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ︽ᠥᠪᠥᠷ ᠮᠣᠩᠭᠤᠯ︾ᠲᠡᠮᠳᠡᠭᠲᠦ ᠶᠢ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠥᠯᠥᠭᠡᠨ ᠤ ᠨᠡᠷ᠎ᠡ ᠪᠣᠯᠭᠠᠯ᠎ᠠ᠃      ᠥᠪᠥᠷ ᠮᠣᠩᠭᠤᠯ ᠤᠨ 720 ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠦᠭᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠵᠢᠭᠰᠠᠭᠠᠭᠳᠠᠵᠤ᠂ ᠲᠤᠭ᠎ᠠ ᠬᠡᠮᠵᠢᠶ᠎ᠡ ᠨᠢ ᠪᠦᠭᠦ ᠤᠯᠤᠰ ᠲᠤ ᠲᠡᠷᠢᠭᠦᠯᠡᠪᠡ; ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠠᠮᠤᠷ ᠲᠦᠪᠰᠢᠨ ᠤ ᠬᠢᠷᠢ ᠲᠡᠩᠴᠡᠭᠰᠡᠨ ᠨᠣᠷᠮ᠎ᠠ 5 ᠵᠢᠯ ᠳᠠᠷᠠᠭᠠᠯᠠᠨ 97% ᠠᠴᠠ ᠳᠡᠭᠡᠭᠰᠢ ᠪᠠᠶᠢᠬᠤ ᠶᠢ ᠪᠠᠲᠤᠯᠠᠪᠠ; 2023 ᠣᠨ ᠳᠤ ᠰᠢᠨ᠎ᠡ ᠪᠠᠷ ᠭᠡᠷᠡᠴᠢᠯᠡᠭᠳᠡᠭᠰᠡᠨ ᠪᠣᠬᠢᠷᠳᠤᠯ ᠦᠭᠡᠢ ᠢᠳᠡᠭᠡᠨ ᠤ ᠵᠦᠢᠯ 319 ᠪᠠᠶᠢᠵᠤ᠂ ᠭᠠᠷᠤᠯᠲᠠ ᠨᠢ 44.46 ᠲᠦᠮᠡᠨ ᠲᠣᠨ ᠳᠠᠪᠠᠵᠤ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ 342 ᠪᠠᠶᠢᠵᠤ᠂ ᠭᠠᠷᠤᠯᠲᠠ ᠨᠢ 304.88 ᠲᠦᠮᠡᠨ ᠲᠣᠨ ᠳᠠᠪᠠᠵᠠᠢ᠃      ᠪᠣᠬᠢᠷᠳᠤᠯ ᠦᠭᠡᠢ ᠬᠥᠭᠵᠢᠯᠲᠡ ᠶᠢᠨ ᠵᠠᠮ ᠢᠶᠠᠷ ᠵᠠᠮᠨᠠᠵᠤ᠂ ᠴᠢᠨᠠᠷ ᠰᠠᠶᠢᠲᠠᠢ ᠲᠦᠷᠦᠯ ᠲᠡᠮᠳᠡᠭ ᠢ ᠡᠭᠦᠳᠴᠦ᠂ ᠥᠪᠥᠷ ᠮᠣᠩᠭᠤᠯ ᠤᠨ ᠴᠢᠨᠠᠷ ᠰᠠᠶᠢᠲᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ︽ᠰᠣᠳᠣᠨ ᠲᠦᠷᠦᠯ ᠲᠡᠮᠳᠡᠭ︾ ᠶᠠᠭ ᠠᠯᠳᠠᠷ ᠮᠠᠨᠳᠤᠵᠤ᠂ ᠬᠥᠳᠡᠭᠡ ᠲᠣᠰᠬᠤᠨ ᠠᠴᠠ ᠢᠳᠡᠭᠡᠨ ᠤᠮᠳᠠᠭᠠᠨ ᠤ ᠦᠢᠯᠡᠰ ᠭᠦᠷᠳᠡᠯ᠎ᠠ᠂ ᠥᠪᠥᠷ ᠮᠣᠩᠭᠤᠯ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠪᠦᠭᠦ ᠤᠯᠤᠰ᠂ ᠳᠡᠯᠡᠬᠡᠢ ᠵᠦᠭ ᠤᠷᠤᠭᠰᠢᠯᠠᠵᠤ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号