ᠬᠥᠬᠡᠬᠤᠲᠠ ᠶᠢᠨ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2024/6/7
     5 ᠰᠠᠷ᠎ᠠ ᠶᠢᠨ 6 ᠤ ᠡᠳᠦᠷ᠂ ᠯᠢ ᠢᠦᠢ ᠵᠢᠶᠣᠣ ᠲᠣᠭᠤᠷᠢᠭ ᠤᠨ ᠳᠠᠷᠤᠭ᠎ᠠ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃            ᠨᠢᠭᠡ᠂ ᠬᠤᠷᠠᠯ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠢ ᠠᠬᠢᠭᠤᠯᠬᠤ ᠬᠠᠤᠯᠢ︾ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃            ᠬᠤᠷᠠᠯ ᠠᠴᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠢᠭᠡ ᠳᠤ ᠭᠦᠨᠵᠡᠭᠡᠢ ᠰᠤᠷᠤᠯᠴᠠᠬᠤ ᠶᠢ ᠵᠣᠬᠢᠶᠠᠨ ᠪᠠᠶᠢᠭᠤᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠣᠯᠠᠨ ᠠᠷᠭ᠎ᠠ ᠵᠠᠮ ᠢᠶᠠᠷ ᠰᠤᠷᠤᠯᠴᠠᠨ ᠤᠬᠠᠭᠤᠯᠬᠤ ᠪᠠᠨ ᠴᠢᠩᠭᠠᠳᠬᠠᠵᠤ᠂ ᠥᠷᠭᠡᠨ ᠣᠯᠠᠨ ᠳᠤᠮᠳᠠ ᠪᠠᠭ᠎ᠠ ᠠᠵᠤ ᠠᠬᠤᠶᠢᠯᠠᠯ ᠢ ᠬᠠᠪᠰᠤᠷᠤᠨ ᠬᠠᠤᠯᠢ ᠶᠢ ᠰᠤᠷᠴᠤ᠂ ᠬᠠᠤᠯᠢ ᠶᠢ ᠰᠠᠬᠢᠵᠤ᠂ ᠬᠠᠤᠯᠢ ᠶᠢ ᠬᠡᠷᠡᠭᠯᠡᠭᠦᠯᠵᠦ᠂ ᠡᠯ᠎ᠡ ᠵᠦᠢᠯ ᠤᠨ ᠳᠡᠮᠵᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠂ ᠳᠤᠮᠳᠠ ᠪᠠᠭ᠎ᠠ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠬᠠᠤᠯᠢ ᠶᠣᠰᠣᠭᠠᠷ ᠡᠵᠡᠩᠨᠡᠭᠦᠯᠵᠦ᠂ ᠳᠤᠮᠳᠠ ᠪᠠᠭ᠎ᠠ ᠠᠵᠤ ᠠᠬᠤᠶᠢᠯᠠᠯ ᠤᠨ ᠬᠠᠤᠯᠢ ᠶᠣᠰᠣᠭᠠᠷ ᠬᠥᠭᠵᠢᠬᠦ ᠦᠵᠡᠯ ᠤᠬᠠᠮᠰᠠᠷ ᠪᠣᠯᠣᠨ ᠴᠢᠳᠠᠪᠤᠷᠢ ᠶᠢ ᠨᠢ ᠨᠡᠮᠡᠭᠳᠡᠭᠦᠯᠦᠨ᠎ᠡ᠃ ᠬᠤᠶᠠᠷ ᠲᠤ᠂ ᠰᠢᠨ᠎ᠡ ᠶᠢ ᠡᠭᠦᠳᠬᠦ ᠳᠤ ᠦᠢᠯᠡᠴᠢᠯᠡᠬᠦ ᠴᠢᠳᠠᠪᠤᠷᠢ ᠣᠯᠭᠤᠬᠤ ᠶᠢ ᠭᠦᠨᠵᠡᠭᠡᠶᠢᠷᠡᠭᠦᠯᠬᠦ ᠬᠡᠷᠡᠭᠲᠡᠢ᠃ ᠳᠤᠮᠳᠠ ᠵᠢᠵᠢᠭ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠴᠠᠭ ᠲᠤᠬᠠᠢ ᠳᠤᠨᠢ ᠰᠢᠢᠳᠪᠦᠷᠢᠯᠡᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠲᠣᠮᠣ ᠳᠤᠮᠳᠠ ᠵᠢᠵᠢᠭ ᠠᠵᠤ ᠠᠬᠤᠶᠢᠯᠠᠯ ᠤᠨ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠬᠥᠭᠵᠢᠯᠲᠡ ᠳᠤ ᠨᠡᠩ ᠰᠠᠶᠢᠨ ᠦᠢᠯᠡᠴᠢᠯᠡᠨ᠎ᠡ᠃ ᠭᠤᠷᠪᠠ ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠨ ᠵᠥᠪᠰᠢᠶᠡᠷᠡᠬᠦ ᠶᠠᠪᠤᠴᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠣᠷᠴᠢᠨ ᠲᠣᠭᠤᠷᠢᠨ ᠨᠢ ᠨᠠᠩ ᠰᠢᠯᠢᠳᠡᠭ᠂ ᠦᠷ᠎ᠡ ᠪᠦᠲᠦᠮᠵᠢ ᠨᠢ ᠨᠠᠩ ᠥᠨᠳᠥᠷ᠂ ᠠᠮᠢᠵᠢᠷᠠᠯ ᠤᠨ ᠬᠦᠴᠦᠨ ᠢᠶᠠᠷ ᠨᠠᠩ ᠭᠦᠢᠴᠡᠳ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠴᠢᠷᠮᠠᠶᠢᠨ ᠪᠣᠶ ᠪᠣᠯᠭᠠᠵᠤ᠂ ᠥᠷᠭᠡᠨ ᠣᠯᠠᠨ ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢᠨ ᠢᠲᠡᠭᠡᠯ ᠢ ᠦᠨᠡᠨᠬᠦ ᠬᠥᠭᠵᠢᠭᠡᠨ᠂ ᠠᠷᠠᠳ ᠤᠨ ᠳᠤᠮᠳᠠᠬᠢ ᠪᠦᠲᠦᠮᠵᠢᠲᠡᠶ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠠᠵᠠ ᠲᠣᠬᠢᠶᠠᠯ ᠢ ᠠᠮᠵᠢᠨ ᠬᠥᠭᠵᠢᠭᠦᠯᠵᠦ᠂ ᠰᠢᠨ᠎ᠡ ᠶᠢ ᠡᠭᠦᠳᠬᠦ ᠶᠢ ᠬᠡᠷᠡᠭᠵᠢᠭᠦᠯᠦᠨ᠂ ᠪᠡᠯᠡ ᠮᠥᠩᠭᠦ ᠶᠢ ᠨᠡᠮᠡᠭᠳᠡᠭᠦᠯᠦᠨ ᠦᠢᠯᠡᠳᠪᠦᠷᠢᠯᠡᠯ ᠢ ᠥᠷᠭᠡᠳᠬᠡᠵᠦ᠂ ᠵᠠᠬ᠎ᠠ ᠳᠡᠯᠭᠡᠭᠦᠷ ᠢ ᠥᠷᠭᠡᠳᠬᠡᠨ᠂ ᠮᠠᠨ ᠤ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃      ᠬᠤᠶᠠᠷ᠂ ᠬᠤᠷᠠᠯ ᠢ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠣᠶᠢᠷ᠎ᠠ ᠶᠢᠨ ᠬᠤᠭᠤᠴᠠᠭᠠᠨ ᠤ ᠲᠤᠭ᠎ᠠ ᠪᠦᠷᠢᠳᠬᠡᠯ ᠤᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠡ᠃         ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡ ᠳᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠲᠤᠭ᠎ᠠ ᠪᠦᠷᠢᠳᠬᠡᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠤᠭ᠎ᠠ ᠪᠦᠷᠢᠳᠬᠡᠯ ᠤᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠡᠷᠬᠡ ᠰᠦᠷᠲᠦ ᠴᠢᠨᠠᠷ ᠢ ᠦᠨᠡᠨ ᠬᠦ ᠴᠢᠩᠭᠠᠳᠬᠠᠵᠤ᠂ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠤᠯᠠᠨ ᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠠᠵᠢᠯ ᠢᠶᠠᠷ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠬᠡᠷᠡᠭᠲᠡᠢ᠃ ᠬᠤᠶᠠᠷ ᠲᠤ᠂ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠤᠨ ᠴᠢᠬᠤᠯᠠ ᠠᠭᠤᠯᠭ᠎ᠠ ᠪᠣᠯᠭᠠᠵᠤ᠂ ᠺᠠᠳ᠋ᠷ ᠤᠨ ᠬᠠᠤᠯᠢ ᠪᠠᠷ ᠵᠠᠰᠠᠬᠤ ᠤᠬᠠᠮᠰᠠᠷ ᠢ ᠦᠨᠡᠨ ᠬᠦ ᠴᠢᠩᠭᠠᠳᠬᠠᠵᠤ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠬᠠᠤᠯᠢ ᠶᠣᠰᠣᠭᠠᠷ ᠲᠤᠭ᠎ᠠ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠢ ᠵᠠᠰᠠᠬᠤ ᠶᠢ ᠭᠦᠨᠵᠡᠭᠡᠢ ᠠᠬᠢᠭᠤᠯᠵᠤ᠂ ᠲᠤᠭ᠎ᠠ ᠪᠠᠷᠢᠮᠲᠠ ᠶᠢᠨ ᠦᠨᠡᠨ ᠪᠣᠳᠠᠲᠠᠢ ᠣᠨᠣᠪᠴᠢᠲᠠᠶ ᠪᠠᠶᠢᠬᠤ ᠶᠢ ᠦᠨᠡᠨ ᠬᠦ ᠪᠠᠲᠤᠯᠠᠵᠤ᠂ ᠲᠤᠭ᠎ᠠ ᠪᠦᠷᠢᠳᠬᠡᠯ ᠤᠨ ᠠᠵᠢᠯ ᠤᠨ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ︔ ᠡᠭᠦᠨ ᠤ ᠬᠠᠮᠲᠤ᠂ ᠤᠬᠠᠭᠤᠯᠭ᠎ᠠ ᠶᠢᠨ ᠠᠵᠢᠯ ᠢ ᠥᠷᠭᠡᠨ ᠢᠶᠠᠷ ᠥᠷᠨᠢᠭᠦᠯᠵᠦ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠥᠷᠭᠡᠳᠬᠡᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠬᠠᠯᠠᠮᠵᠢᠯᠠᠬᠤ᠂ ᠳᠡᠮᠵᠢᠬᠦ᠂ ᠬᠠᠮᠵᠢᠯᠴᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠭᠤᠷᠪᠠ ᠳᠤ᠂ ᠵᠣᠬᠢᠴᠠᠭᠤᠯᠤᠨ ᠬᠠᠮᠲᠤᠷᠠᠯᠴᠠᠬᠤ ᠶᠢ ᠴᠢᠩᠭᠠᠳᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠨᠡᠪᠲᠡᠷᠡᠯᠴᠡᠨ ᠬᠠᠮᠵᠢᠯᠴᠠᠬᠤ ᠲᠣᠭᠲᠠᠴᠠ ᠶᠢ ᠪᠠᠶᠢᠭᠤᠯᠵᠤ᠂ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠬᠦᠴᠦᠨ ᠢ ᠪᠦᠷᠢᠨ ᠭᠦᠢᠴᠡᠳ ᠴᠢᠩᠭ᠎ᠠ ᠲᠣᠬᠢᠷᠠᠭᠤᠯᠵᠤ᠂ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠵᠤ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠢ ᠵᠠᠰᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠳᠥᠷᠪᠡ ᠳᠤ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠪᠠᠶᠢᠬᠤ ᠶᠢ ᠰᠡᠷᠭᠡᠶᠢᠯᠡᠬᠦ ᠬᠢᠨᠠᠯᠲᠠ ᠲᠠᠯᠪᠢᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠂ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠬᠢᠭᠡᠳ ᠪᠤᠰᠤᠳ ᠬᠢᠨᠠᠯᠲᠠ ᠲᠠᠯᠪᠢᠯᠲᠠ ᠶᠢᠨ ᠨᠡᠪᠲᠡᠷᠡᠯᠴᠡᠨ ᠬᠠᠮᠵᠢᠯᠴᠠᠬᠤ ᠶᠢ ᠲᠦᠯᠬᠢᠨ ᠠᠬᠢᠭᠤᠯᠵᠤ᠂ ᠲᠤᠭ᠎ᠠ ᠪᠦᠷᠢᠳᠬᠡᠯ ᠤᠨ ᠰᠢᠰᠲ᠋ᠧᠮ ᠤᠨ ᠪᠦᠷᠢᠨ ᠪᠦᠲᠦᠨ᠂ ᠬᠠᠮᠵᠢᠯᠴᠠᠭ᠎ᠠ ᠨᠢ ᠥᠨᠳᠥᠷ ᠪᠦᠲᠦᠮᠵᠢᠲᠡᠶ᠂ ᠬᠢᠵᠠᠭᠠᠷᠯᠠᠯ ᠨᠢ ᠬᠦᠴᠦᠨ ᠲᠡᠭᠦᠯᠳᠡᠷ ᠲᠤᠭ᠎ᠠ ᠪᠦᠷᠢᠳᠬᠡᠯ ᠤᠨ ᠬᠢᠨᠠᠯᠲᠠ ᠲᠠᠯᠪᠢᠯᠲᠠ ᠶᠢᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠪᠤᠰᠤᠳᠴᠢ ᠪᠥᠭᠡᠳ ᠦᠨᠡᠨ ᠪᠣᠳᠠᠲᠠᠢ ᠪᠠᠷ ᠲᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠢ᠃          ᠭᠤᠷᠪᠠ᠂ ᠬᠤᠷᠠᠯ ᠢ ᠲᠣᠭᠤᠷᠢᠭ ᠤᠨ ᠬᠤᠲᠠ ᠶᠢᠨ ᠬᠥᠭᠵᠢᠯᠲᠡ ᠶᠢᠨ ᠪᠡᠯᠡ ᠣᠷᠣᠭᠤᠯᠤᠯᠲᠠ ᠶᠢᠨ ᠺᠣᠮᠫᠠᠨᠢ ᠠᠴᠠ ᠵᠠᠯᠠᠭᠤᠴᠤᠳ ᠤᠨ ᠨᠡᠶᠢᠭᠡᠮ ᠲᠣᠭᠤᠷᠢᠭ ᠤᠨ ᠲᠥᠷᠥᠯ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠪᠡ᠃          ᠬᠤᠷᠠᠯ ᠠᠴᠠ᠂ ᠵᠠᠯᠠᠭᠤᠴᠤᠳ ᠨᠡᠶᠢᠭᠡᠮ ᠲᠣᠭᠤᠷᠢᠭ ᠤᠨ ᠲᠦᠷᠦᠯ ᠵᠦᠢᠯ ᠪᠣᠯ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠠᠷ ᠪᠠᠷᠠᠬᠤ ᠦᠭᠡᠢ ᠨᠡᠩ ᠴᠤ ᠬᠥᠭᠵᠢᠯᠲᠡ ᠶᠢᠨ ᠢᠨᠵᠧᠨᠧᠷᠢᠩ ᠪᠣᠯᠣᠨ᠎ᠠ᠂ ︽ᠭᠤᠷᠪᠠᠨ ᠵᠢᠯ ᠳᠤ ᠠᠷᠪᠠᠨ ᠲᠦᠮᠡᠨ ᠣᠶᠤᠲᠠᠨ ᠢ ᠬᠥᠬᠡᠬᠤᠲᠠ ᠳᠤ ᠦᠯᠡᠳᠡᠭᠡᠬᠦ︾ ᠢᠨᠵᠧᠨᠧᠷᠢᠩ ᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ᠂ ᠬᠤᠳᠠ ᠶᠢᠨ ᠵᠠᠰᠠᠭ ᠤᠨ ᠣᠷᠳᠣᠨ ᠤ ᠭᠤᠣᠯᠳᠠᠯᠭ᠎ᠠ ᠲᠠᠢ ᠠᠬᠢᠭᠤᠯᠬᠤ ᠲᠦᠷᠦᠯ ᠵᠦᠢᠯ ᠪᠣᠯᠣᠨ᠎ᠠ᠃ ᠲᠥᠷᠥᠯ ᠵᠦᠢᠯ ᠢ ᠬᠡᠷᠡᠭᠵᠢᠭᠦᠯᠦᠭᠰᠡᠨ ᠤ ᠳᠠᠷᠠᠭ᠎ᠠ᠂ ᠬᠥᠮᠥᠨ ᠠᠮᠠ ᠶᠢ ᠲᠥᠪᠯᠡᠷᠡᠭᠦᠯᠬᠦ᠂ ᠴᠢᠳᠠᠪᠤᠷᠢᠲᠠᠨ ᠢ ᠰᠢᠩᠭᠡᠬᠡᠨ ᠠᠪᠬᠤ ᠪᠠ ᠬᠥᠭᠵᠢᠯᠲᠡ ᠶᠢᠨ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠬᠤᠲᠠ ᠶᠢᠨ ᠡᠨᠧᠷᠭᠢ ᠶᠢᠨ ᠳᠡᠰ ᠢ ᠳᠡᠭᠡᠭᠰᠢᠯᠡᠭᠦᠯᠬᠦ ᠵᠡᠷᠭᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠠᠷᠢᠶ᠎ᠠ ᠭᠠᠵᠠᠷ ᠵᠡᠷᠭᠡ ᠳᠤ᠂ ᠬᠠᠮᠵᠢᠯᠴᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠵᠡᠷᠭᠡ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ᠃      ᠳᠥᠷᠪᠡ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠲᠤᠬᠠᠢ ᠶᠠᠪᠤᠳᠠᠯ᠃            ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠡᠷᠦᠩᠬᠡᠢ ᠬᠠᠷᠢᠭᠤᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠪᠣᠳᠠᠲᠠᠢ ᠬᠠᠷᠢᠭᠤᠴᠠᠵᠤ᠂ ᠨᠢᠭᠡ ᠳᠤ ︽ᠲᠣᠭᠤᠷᠢᠭ ᠤᠨ ᠦᠨᠡᠯᠡᠯᠲᠡ︾ ᠶᠢᠨ ᠴᠡᠭᠴᠡᠯᠡᠨ ᠰᠠᠶᠢᠵᠢᠷᠠᠭᠤᠯᠬᠤ ᠠᠵᠢᠯ ᠵᠡᠷᠭᠡ ᠶᠢᠨ ᠲᠣᠭᠤᠷᠢᠨ ᠳᠤ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠵᠣᠬᠢᠴᠠᠯᠳᠤᠨ ᠬᠠᠮᠲᠤᠷᠠᠯᠴᠠᠬᠤ ᠶᠢ ᠴᠢᠩᠭᠠᠳᠬᠠᠵᠤ᠂ ︽ᠲᠣᠭᠤᠷᠢᠭ ᠤᠨ ᠦᠨᠡᠯᠡᠯᠲᠡ︾ ᠶᠢᠨ ᠴᠡᠭᠴᠡᠯᠡᠨ ᠰᠠᠶᠢᠵᠢᠷᠠᠭᠤᠯᠬᠤ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠬᠠᠷᠢᠭᠤᠴᠠᠯᠭᠠᠲᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠲᠣᠬᠢᠷᠠᠭᠤᠯᠤᠨ᠂ ︽ᠥᠪᠥᠷ ᠮᠣᠩᠭᠤᠯ ᠤᠨ ᠠᠵᠤ ᠠᠬᠤᠶᠢᠯᠠᠯ ᠳᠤ ᠨᠡᠪᠲᠡᠷᠡᠬᠦ︾︽12345︾ ᠣᠯᠠᠨ ᠲᠦᠮᠡᠨ ᠤ ᠬᠠᠷᠢᠭᠤ ᠲᠤᠰᠬᠠᠭᠰᠠᠨ ᠠᠰᠠᠭᠤᠳᠠᠯ ᠳᠤ ᠴᠢᠭᠯᠡᠭᠦᠯᠦᠨ᠂ ᠠᠵᠢᠯ ᠤᠨ ᠠᠶᠢᠵᠠᠮ ᠢᠶᠠᠨ ᠲᠦᠷᠭᠡᠳᠬᠡᠨ᠂ ᠳᠤᠲᠠᠭᠤᠳᠠᠯ ᠢᠶᠠᠨ ᠨᠥᠬᠦᠪᠦᠷᠢᠯᠡᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠬᠦ ᠶᠢ ᠦᠨᠡᠨᠬᠦ ᠠᠬᠢᠭᠤᠯᠪᠠ᠃ ᠬᠤᠶᠠᠷ ᠲᠤ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠬᠡᠷᠡᠭᠲᠡᠢ᠃ ᠵᠥᠪ ᠴᠢᠭᠯᠡᠯ ᠢᠶᠠᠷ ᠤᠷᠮᠠᠰᠢᠭᠤᠯᠬᠤ ᠪᠠ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠵᠥᠪᠳᠡᠯᠴᠡᠵᠦ ᠰᠤᠳᠤᠯᠤᠨ ᠮᠠᠭᠠᠳᠯᠠᠵᠤ᠂ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠬᠢᠷᠢ ᠲᠦᠪᠰᠢᠨ ᠪᠠ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃ ᠭᠤᠷᠪᠠ ᠳᠤ᠂ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠠᠵᠢᠯ ᠢ ᠠᠬᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠴᠤᠭᠯᠠᠭᠤᠯᠬᠤ ᠪᠠ ᠮᠡᠳᠡᠭᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠴᠠᠭ ᠲᠤᠬᠠᠢ ᠳᠤᠨᠢ ᠬᠢᠨᠠᠨ ᠬᠡᠮᠵᠢᠵᠦ᠂ ᠡᠭᠦᠷᠭᠡ ᠶᠢ ᠬᠥᠳᠡᠯᠦᠩᠭᠦᠢ ᠪᠠᠷ ᠬᠢᠨᠠᠨ ᠵᠢᠯᠤᠭᠤᠳᠴᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠬᠦᠴᠢᠷᠳᠡᠯ ᠲᠠᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠬᠦ ᠶᠢ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃         ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃     ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号