ᠰᠠᠶᠢᠬᠠᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠢᠭᠡᠳ ᠮᠥᠩᠭᠦᠨ ᠭᠦᠢᠯᠭᠡᠭᠡᠨ ᠤ ᠪᠠᠶᠢᠭᠤᠯᠤᠮᠵᠢ ᠭᠡᠷ᠎ᠡ ᠲᠣᠭᠲᠠᠵᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2024/7/1
      6 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠥᠷᠥᠯ ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠶᠠᠪᠤᠭᠳᠠᠪᠠ᠃ ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠬᠥᠬᠡᠬᠤᠲᠠ ᠶᠢᠨ ᠾᠦᠢ ᠵᠥᠩ ᠬᠠᠩᠭᠠᠯᠭ᠎ᠠ ᠶᠢᠨ ᠬᠡᠯᠬᠢᠶ᠎ᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠰᠠᠶᠢᠬᠠᠨ ᠲᠣᠭᠤᠷᠢᠭ ᠤᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠺᠣᠮᠫᠠᠨᠢ ᠶᠢᠨ ᠪᠥᠬᠦ ᠬᠥᠷᠥᠩᠭᠡ ᠶᠢᠨ ᠬᠤᠪᠢᠶᠠᠷᠢ ᠺᠣᠮᠫᠠᠨᠢ ᠪᠣᠯᠤᠭᠰᠠᠨ ᠤ ᠬᠤᠪᠢ ᠳᠤ᠂ ᠬᠥᠬᠡᠬᠤᠲᠠ ᠶᠢᠨ ᠶᠢᠨ ᠴᠢᠶᠣᠤ ᠪᠣᠷᠣᠳᠣᠬᠤᠢ ᠶᠢᠨ ᠲᠣᠰᠬᠤᠨ ᠪᠠᠯᠭᠠᠰᠤ ᠶᠢᠨ ᠪᠠᠩᠬᠢ ᠲᠠᠢ ᠲᠥᠷᠥᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠵᠢᠩᠬᠢᠨᠢ ᠪᠠᠷ ᠭᠠᠷ ᠤᠨ ᠥᠰᠥᠭ ᠵᠢᠷᠤᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠨᠡᠭᠡᠭᠡᠪᠡ᠃
     ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠺᠣᠮᠫᠠᠨᠢ ᠶᠢᠨ ᠪᠥᠬᠦ ᠬᠥᠷᠥᠩᠭᠡ ᠶᠢᠨ ᠬᠤᠪᠢᠶᠠᠷᠢ ᠺᠣᠮᠫᠠᠨᠢ ᠪᠣᠯᠤᠭᠰᠠᠨ ᠤ ᠬᠤᠪᠢ ᠳᠤ᠂ ᠾᠦᠢ ᠵᠥᠩ ᠬᠠᠩᠭᠠᠯᠭ᠎ᠠ ᠶᠢᠨ ᠬᠡᠯᠬᠢᠶ᠎ᠡ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠺᠣᠮᠫᠠᠨᠢ ᠶᠢᠨ ᠬᠡᠯᠪᠡᠷᠢ ᠪᠠᠨ ᠬᠤᠪᠢᠷᠠᠭᠤᠯᠬᠤ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠳᠦᠷᠢ ᠲᠥᠷᠬᠦ ᠶᠢ ᠡᠭᠦᠷᠭᠡᠯᠡᠵᠦ᠂ ᠭᠤᠣᠯᠳᠠᠭᠤ ᠡᠳ᠋ ᠬᠥᠷᠥᠩᠭᠡ ᠶᠢ ᠬᠤᠳᠠᠯᠳᠤᠨ ᠠᠪᠬᠤ᠂ ᠡᠳ᠋ ᠬᠥᠷᠥᠩᠭᠡ ᠶᠢ ᠭᠥᠯᠢᠶᠡᠨ ᠠᠪᠬᠤ᠂ ᠪᠣᠬᠢᠷᠲᠤᠯ ᠦᠭᠡᠢ ᠡᠨᠧᠷᠭᠢ᠂ ᠬᠤᠳᠠᠯᠳᠤᠭᠠᠨ ᠤ ᠦᠢᠯᠡᠴᠢᠯᠡᠭᠡ ᠵᠡᠷᠭᠡ ᠬᠦᠷᠢᠶᠡᠨ ᠳᠤ ᠵᠠᠬ᠎ᠠ ᠳᠡᠯᠭᠡᠭᠦᠷ ᠢ ᠨᠡᠭᠡᠭᠡᠵᠡᠢ᠃            ᠲᠣᠰ ᠤᠳᠠᠭᠠᠨ ᠤ ᠬᠠᠮᠲᠤᠷᠠᠯᠴᠠᠭ᠎ᠠ ᠡᠳ᠋ ᠬᠥᠷᠥᠩᠭᠡ ᠶᠢ ᠰᠢᠯᠵᠢᠭᠦᠯᠦᠨ ᠥᠭᠬᠦ ᠪᠠ ᠥᠷᠢ ᠥᠭᠴᠡᠭᠡ ᠶᠢ ᠳᠠᠬᠢᠨ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠪᠠ ᠨᠡᠶᠢᠭᠡᠮᠴᠢᠯᠡᠭᠰᠡᠨ ᠡᠵᠡᠩᠨᠡᠯᠲᠡ ᠳᠤ ᠴᠢᠨᠠᠷ ᠰᠠᠶᠢᠲᠠᠢ ᠡᠬᠢ ᠪᠠᠶᠠᠯᠢᠭ ᠬᠠᠩᠭᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠪᠦᠲᠦᠮᠵᠢᠲᠡᠶ ᠥᠷᠭᠡᠳᠬᠡᠨ᠂ ᠣᠷᠣᠨ ᠨᠤᠲᠤᠭ ᠤᠨ ᠡᠳ᠋ ᠤᠨ ᠵᠠᠰᠠᠭ ᠤᠨ ᠥᠷᠢ ᠥᠭᠴᠡᠭᠡ ᠶᠢᠨ ᠳᠠᠷᠤᠯᠲᠠ ᠶᠢ ᠬᠥᠩᠭᠡᠷᠡᠭᠦᠯᠬᠦ ᠶᠢᠨ ᠬᠠᠮᠲᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢᠨ ᠬᠠᠷᠢᠴᠠᠯ ᠢ ᠪᠠᠭᠤᠷᠠᠭᠤᠯᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠲᠦᠯᠬᠢᠨ ᠠᠬᠢᠭᠤᠯᠪᠠ᠃ ᠬᠤᠶᠢᠰᠢᠳᠠ ᠶᠢᠨ ᠬᠠᠮᠲᠤᠷᠠᠯᠴᠠᠭᠠᠨ ᠳᠤ᠂ ᠰᠠᠶᠢᠬᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠦᠢᠯᠡᠴᠢᠯᠡᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠵᠤ᠂ ᠪᠠᠩᠬᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠳᠤ ᠬᠦᠴᠦᠲᠡᠢ ᠪᠠᠲᠤᠯᠠᠭ᠎ᠠ ᠬᠠᠩᠭᠠᠨ᠎ᠠ᠃            ᠲᠣᠰ ᠤᠳᠠᠭᠠᠨ ᠤ ᠭᠡᠷ᠎ᠡ ᠲᠣᠭᠲᠠᠭᠰᠠᠨ ᠬᠠᠮᠲᠤᠷᠠᠯᠴᠠᠭ᠎ᠠ ᠰᠠᠶᠢᠬᠠᠨ ᠲᠣᠭᠤᠷᠢᠭ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠮᠲᠤᠷᠠᠯᠴᠠᠭ᠎ᠠ ᠪᠠᠲᠤ ᠪᠠᠬᠢ ᠨᠢᠭᠡ ᠠᠯᠬᠤᠮ ᠢ ᠠᠯᠬᠤᠭᠰᠠᠨ ᠢ ᠬᠠᠷᠠᠭᠤᠯᠠᠨ᠎ᠠ᠃ ᠬᠤᠵᠢᠮ᠂ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠴᠦ᠂ ᠪᠠᠩᠬᠢ ᠵᠠᠰᠠᠭ ᠠᠵᠤ ᠠᠬᠤᠶᠢᠯᠠᠯ ᠭᠤᠷᠪᠠᠨ ᠲᠠᠯ᠎ᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠪᠠᠩᠬᠢ ᠠᠵᠤ ᠠᠬᠤᠶᠢᠯᠠᠯ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠪᠠᠶᠢᠳᠠᠯ ᠢ ᠪᠡᠶᠡᠯᠡᠭᠦᠯᠵᠦ᠂ ᠰᠠᠶᠢᠬᠠᠨ ᠲᠣᠭᠤᠷᠢᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠠᠮᠲᠤᠪᠠᠷ ᠬᠦᠴᠦᠨ ᠨᠡᠮᠡᠷᠢᠯᠡᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号