| 6 ᠰᠠᠷ᠎ᠠ ᠶᠢᠨ 25 ᠤ ᠡᠳᠦᠷ᠂ 2024 ᠣᠨ ᠳᠤ ᠰᠠᠶᠢᠬᠠᠨ ᠲᠣᠭᠤᠷᠢᠭ ᠤᠨ ᠠᠯᠪᠠᠨ ᠠᠴᠠ ᠡᠷᠭᠢᠯᠡᠭᠰᠡᠨ | ᠬᠡᠦᠬᠡᠳ ᠤᠨ ᠴᠡᠴᠡᠷᠯᠢᠭ ᠤᠨ ᠺᠣᠮᠫᠢᠦ᠋ᠲ᠋ᠧᠷ ᠤᠨ ᠲᠠᠰᠢᠷᠠᠮ ᠢᠶᠠᠷ ᠡᠯᠰᠡᠬᠦ ᠲᠤᠬᠠᠢ ᠶᠢᠨ ᠲᠠᠯᠠᠪᠤᠷ ᠤᠨ ᠬᠤᠷᠠᠯ | ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠲᠤ ᠶᠠᠪᠤᠭᠳᠠᠪᠠ᠃ ᠰᠠᠶᠢᠬᠠᠨ | ᠲᠣᠭᠤᠷᠢᠭ ᠨᠡᠶᠢᠲᠡ 21 ᠬᠤᠲᠠ ᠲᠣᠭᠤᠷᠢᠭ ᠤᠨ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ | ᠬᠥᠬᠡᠬᠤᠲᠠ ᠶᠢᠨ ᠣᠶᠤᠨᠴᠢ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠢᠶᠠᠷ | ᠳᠠᠮᠵᠢᠭᠤᠯᠤᠨ ᠰᠤᠷᠤᠭᠴᠢ ᠡᠯᠰᠡᠬᠦ ᠠᠵᠢᠯ ᠥᠷᠨᠢᠭᠦᠯᠪᠡ᠃ | | | | | | 6 ᠰᠠᠷ᠎ᠠ ᠶᠢᠨ 11 ᠤ ᠡᠳᠦᠷ ᠠᠴᠠ 18 ᠤ ᠡᠳᠦᠷ᠂ ᠰᠠᠶᠢᠬᠠᠨ ᠲᠣᠭᠤᠷᠢᠭ ᠲᠤ ᠬᠡᠦᠬᠡᠳ ᠤᠨ ᠮᠡᠳᠡᠭᠡ | ᠵᠠᠩᠭᠢ ᠶᠢ ᠴᠤᠭᠯᠠᠭᠤᠯᠬᠤ ᠪᠥᠬᠦ ᠲᠠᠯ᠎ᠠ ᠶᠢᠨ ᠠᠵᠢᠯ ᠢ ᠬᠢᠵᠦ᠂ 6 ᠰᠠᠷ᠎ᠠ ᠶᠢᠨ 20 ᠤ ᠡᠳᠦᠷ ᠠᠴᠠ 23 ᠤ ᠡᠳᠦᠷ | ᠪᠣᠯᠲᠠᠯ᠎ᠠ᠂ ᠡᠯ᠎ᠡ ᠬᠡᠦᠬᠡᠳ ᠤᠨ ᠴᠡᠴᠡᠷᠯᠢᠭ ᠤᠳ ᠲᠤᠰᠢᠶᠠᠭᠰᠠᠨ ᠮᠠᠲ᠋ᠧᠷᠢᠶᠠᠯ ᠢ ᠲᠤᠬᠠᠢ ᠶᠢᠨ ᠲᠠᠯᠠᠪᠤᠷ ᠳᠤ ᠴᠢᠩᠭ᠎ᠠ | ᠬᠢᠨᠠᠨ ᠬᠠᠷᠭᠤᠭᠤᠯᠪᠠ᠃ ᠬᠢᠨᠠᠨ ᠬᠠᠷᠭᠤᠭᠤᠯᠬᠤ ᠪᠠᠷ ᠳᠠᠮᠵᠢᠭᠠᠳ᠂ ᠠᠯᠪᠠᠨ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ 13 ᠨᠢ ᠰᠤᠷᠤᠭᠴᠢ ᠡᠯᠰᠡᠬᠦ ᠨᠥᠬᠦᠴᠡᠯ ᠳᠤ ᠨᠡᠶᠢᠴᠡᠭᠰᠡᠨ ᠬᠡᠦᠬᠡᠳ ᠠᠪᠬᠤ ᠬᠥᠮᠥᠨ ᠤ ᠲᠤᠭ᠎ᠠ ᠨᠢ | ᠰᠤᠷᠤᠭᠴᠢ ᠡᠯᠰᠡᠬᠦ ᠲᠥᠯᠥᠪᠯᠡᠭᠡ ᠠᠴᠠ ᠪᠠᠨ ᠬᠡᠲᠦᠷᠡᠭᠰᠡᠨ ᠦᠭᠡᠢ ᠠᠴᠠ ᠪᠣᠯᠵᠤ ᠰᠢᠭᠤᠳ ᠡᠯᠰᠡᠨ ᠠᠪᠬᠤ ᠪᠣᠯᠣᠨ᠎ᠠ᠃ | 8 ᠬᠡᠦᠬᠡᠳ ᠤᠨ ᠴᠡᠴᠡᠷᠯᠢᠭ ᠤᠨ ᠭᠤᠶᠤᠴᠢᠯᠠᠭᠰᠠᠨ ᠬᠥᠮᠥᠨ ᠤ ᠲᠤᠭ᠎ᠠ ᠰᠤᠷᠤᠭᠴᠢ ᠡᠯᠰᠡᠬᠦ ᠲᠥᠯᠥᠪᠯᠡᠭᠡ ᠠᠴᠠ | ᠳᠠᠪᠠᠵᠤ᠂ ᠬᠥᠬᠡᠬᠤᠲᠠ ᠶᠢᠨ ᠮᠣᠩᠭᠤᠯ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠰᠠᠶᠢᠬᠠᠨ ᠲᠣᠭᠤᠷᠢᠭ ᠤᠨ | ᠲᠣᠷᠰᠢᠯᠳᠠ ᠶᠢᠨ ᠬᠡᠦᠬᠡᠳ ᠤᠨ ᠴᠡᠴᠡᠷᠯᠢᠭ ᠵᠡᠷᠭᠡ ᠪᠠᠭᠲᠠᠨ᠎ᠠ᠃ 8 ᠬᠡᠦᠬᠡᠳ ᠤᠨ ᠴᠡᠴᠡᠷᠯᠢᠭ ᠤᠨ ᠰᠣᠷᠣᠭᠴᠢ | ᠡᠯᠰᠡᠬᠦ ᠲᠥᠯᠥᠪᠯᠡᠭᠡ ᠶᠣᠰᠣᠭᠠᠷ᠂ ᠺᠣᠮᠫᠢᠦ᠋ᠲ᠋ᠧᠷ ᠢᠶᠠᠷ ᠰᠣᠷᠣᠭᠴᠢ ᠡᠯᠰᠡᠬᠦ ᠲᠤᠬᠠᠢ ᠶᠢᠨ ᠲᠠᠯᠠᠪᠤᠷ ᠲᠤ 482 | ᠬᠡᠦᠬᠡᠳ ᠢ ᠺᠣᠮᠫᠢᠦ᠋ᠲ᠋ᠧᠷ ᠢᠶᠠᠷ ᠳᠡᠮᠵᠢᠨ ᠴᠡᠴᠡᠷᠯᠢᠭ ᠲᠤ ᠰᠤᠩᠭᠤᠭᠳᠠᠪᠠ᠃ ᠪᠤᠰᠤᠳ ᠡᠯᠰᠡᠭᠳᠡᠭᠰᠡᠨ ᠦᠭᠡᠢ 388 | ᠬᠡᠣᠬᠡᠳ ᠪᠠᠶᠢᠵᠤ᠂ ᠭᠡᠷ ᠤᠨ ᠠᠬᠠᠮᠠᠳ ᠠᠯᠪᠠᠨ ᠠᠴᠠ ᠡᠷᠬᠢᠯᠡᠭᠰᠡᠨ ᠴᠡᠴᠡᠷᠯᠢᠭ ᠪᠤᠶᠤ ᠠᠷᠠᠳ ᠠᠴᠠ ᠡᠷᠬᠢᠯᠡᠭᠰᠡᠨ | ᠴᠡᠴᠡᠷᠯᠢᠭ ᠢ ᠥᠪᠡᠷ ᠲᠡᠭᠡᠨ ᠰᠣᠩᠭᠤᠵᠤ ᠪᠣᠯᠣᠨ᠎ᠠ᠃ | | | | | | ᠪᠥᠬᠦ ᠲᠣᠭᠤᠷᠢᠭ ᠤᠨ ᠵᠣᠬᠢᠬᠤ ᠨᠠᠰᠤᠨ ᠤ ᠬᠡᠦᠬᠡᠳ ᠤᠨ ᠴᠡᠴᠡᠷᠯᠢᠭ ᠲᠤ ᠣᠷᠣᠬᠤ ᠢᠯᠡ ᠲᠣᠳᠣ᠂ ᠡᠷᠬᠡ | ᠲᠡᠭᠰᠢ᠂ ᠲᠥᠪ ᠭᠤᠤᠯᠴᠢ ᠵᠢᠴᠢ ᠺᠣᠮᠫᠢᠦ᠋ᠲ᠋ᠧᠷ ᠤᠨ ᠲᠠᠰᠢᠷᠠᠮ ᠢᠶᠠᠷ ᠡᠯᠰᠡᠭᠰᠡᠨ ᠨᠡᠶᠢᠲᠡ ᠶᠢᠨ ᠢᠲᠡᠭᠡᠮᠵᠢ ᠶᠢᠨ | ᠬᠡᠮᠵᠢᠶ᠎ᠡ ᠶᠢ ᠪᠠᠲᠤᠯᠠᠬᠤ ᠶᠢᠨ ᠲᠥᠯᠥᠭᠡ᠂ ᠲᠣᠰ ᠤᠳᠠᠭᠠᠨ ᠤ ᠠᠯᠪᠠᠨ ᠠᠴᠠ ᠡᠷᠭᠢᠯᠡᠭᠰᠡᠨ ᠬᠡᠦᠬᠡᠳ ᠤᠨ | ᠴᠡᠴᠡᠷᠯᠢᠭ ᠤᠨ ᠺᠣᠮᠫᠢᠦ᠋ᠲ᠋ᠧᠷ ᠤᠨ ᠲᠠᠰᠢᠷᠠᠮ ᠢᠶᠠᠷ ᠡᠯᠰᠡᠭᠰᠡᠨ ᠵᠥᠭᠡᠯᠡᠨ ᠲᠣᠨᠤᠭ ᠤᠨ ᠰᠢᠰᠲ᠋ᠧᠮ ᠢ ᠰᠠᠶᠢᠬᠠᠨ | ᠲᠣᠭᠤᠷᠢᠭ ᠠᠴᠠ ᠳᠤᠮᠳᠠᠳᠤ ᠤᠯᠤᠰ ᠤᠨ ᠨᠢᠭᠡᠳᠦᠮᠡᠯ ᠬᠤᠯᠪᠣᠭ᠎ᠠ ᠶᠢᠨ ᠥᠪᠥᠷ ᠮᠣᠩᠭᠤᠯ ᠳᠠᠬᠢ ᠬᠤᠪᠢᠶᠠᠷᠢ | ᠺᠣᠮᠫᠠᠨᠢ ᠳᠤ ᠨᠠᠶᠢᠳᠠᠵᠤ ᠨᠠᠶᠢᠷᠠᠭᠤᠯᠤᠨ ᠵᠣᠬᠢᠶᠠᠵᠤ ᠨᠡᠭᠡᠭᠡᠨ ᠬᠥᠭᠵᠢᠭᠦᠯᠬᠦ ᠪᠠᠷ ᠨᠠᠶᠢᠳᠠᠵᠠᠢ᠃ ᠲᠤᠰ ᠵᠥᠭᠡᠯᠡᠨ | ᠬᠡᠷᠡᠭᠰᠡᠯ ᠨᠢ ᠬᠡᠦᠬᠡᠳ ᠤᠨ ᠪᠡᠶ᠎ᠡ ᠶᠢᠨ ᠦᠨᠡᠮᠯᠡᠯ ᠤᠨ ᠨᠣᠮᠧᠷ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠪᠠᠷ | ᠳᠠᠮᠵᠢᠭᠤᠯᠵᠤ᠂ ᠬᠡᠦᠬᠡᠳ ᠤᠨ ᠮᠡᠳᠡᠭᠡ ᠵᠠᠩᠭᠢ ᠨᠢᠭᠡᠪᠦᠷᠢ ᠶᠢᠨ ᠴᠣᠷ ᠤᠨ ᠭᠠᠭᠴᠠ ᠴᠢᠨᠠᠷ ᠪᠠ ᠣᠨᠣᠪᠴᠢᠲᠤ ᠴᠢᠨᠠᠷ ᠢ | ᠪᠠᠲᠤᠯᠠᠪᠠ᠃ | | | | | | ᠲᠣᠰ ᠤᠳᠠᠭᠠᠨ ᠤ ᠲᠤᠬᠠᠢ ᠶᠢᠨ ᠲᠠᠯᠠᠪᠤᠷ ᠤᠨ ᠬᠤᠷᠠᠯ ᠠᠴᠠ ᠣᠯᠠᠨ ᠲᠠᠯ᠎ᠠ ᠶᠢᠨ ᠲᠥᠯᠥᠭᠡᠯᠡᠭᠴᠢ ᠶᠢ | ᠤᠷᠢᠵᠤ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠠᠯᠪᠠᠨ ᠭᠡᠷᠡᠴᠢᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠭᠡᠷ ᠤᠨ ᠠᠬᠠᠮᠠᠳ ᠤᠨ ᠲᠥᠯᠥᠭᠡᠯᠡᠭᠴᠢ | ᠵᠡᠷᠭᠡ ᠶᠢ ᠪᠠᠭᠲᠠᠭᠠᠭᠰᠠᠨ ᠪᠥᠬᠦ ᠲᠠᠯ᠎ᠠ ᠶᠢᠨ ᠲᠥᠯᠥᠭᠡᠯᠡᠭᠴᠢ ᠶᠢ ᠬᠠᠮᠲᠤ ᠪᠠᠷ ᠭᠡᠷᠡᠴᠢᠯᠡᠭᠰᠡᠨ ᠤ ᠬᠠᠮᠲᠤ ᠪᠦᠬᠦ᠋ᠢᠯᠡ | ᠡᠯᠰᠡᠭᠰᠡᠨ ᠶᠠᠪᠤᠴᠠ ᠳᠤ ᠬᠢᠨᠠᠯᠲᠠ ᠲᠠᠯᠪᠢᠪᠠ᠃ ᠬᠥᠬᠡᠬᠤᠲᠠ ᠶᠢᠨ ᠤᠮᠠᠷᠠᠲᠤ ᠬᠢᠯᠢ ᠶᠢᠨ ᠠᠯᠪᠠᠨ ᠭᠡᠷᠡᠴᠢᠯᠡᠭᠡ ᠶᠢᠨ | ᠭᠠᠵᠠᠷ ᠰᠣᠷᠣᠭᠴᠢ ᠡᠯᠰᠡᠬᠦ ᠠᠵᠢᠯ ᠳᠤ ᠲᠤᠬᠠᠢ ᠶᠢᠨ ᠲᠠᠯᠠᠪᠤᠷ ᠤᠨ ᠬᠢᠨᠠᠯᠲᠠ ᠲᠠᠯᠪᠢᠵᠤ᠂ ᠪᠦᠬᠦ᠋ᠢᠯᠡ ᠶᠠᠪᠤᠴᠠ ᠶᠢᠨ | ᠲᠥᠪ ᠭᠤᠤᠯᠴᠢ ᠴᠢᠨᠠᠷ ᠢ ᠦᠨᠡᠨ ᠬᠦ ᠪᠠᠲᠤᠯᠠᠪᠠ᠃ | | | | | | ︽ᠪᠢᠳᠡ ᠬᠡᠦᠬᠡᠳ ᠵᠶ᠋ᠠᠨᠰᠠᠶᠢᠬᠠᠨ ᠲᠣᠭᠤᠷᠢᠭ ᠤᠨ ᠲᠤᠷᠰᠢᠯᠲᠠ ᠶᠢᠨ ᠬᠡᠦᠬᠡᠳ ᠤᠨ ᠴᠡᠴᠡᠷᠯᠢᠭ ᠲᠤ ᠨᠡᠷ᠎ᠡ | ᠮᠡᠳᠡᠭᠦᠯᠪᠡ᠂ ᠡᠨᠡ ᠪᠣᠯ ᠮᠢᠨᠤ ᠠᠩᠬ᠎ᠠ ᠤᠳᠠᠭ᠎ᠠ ᠡᠶᠢᠮᠦ ᠺᠣᠮᠫᠢᠦ᠋ᠲ᠋ᠧᠷ ᠢᠶᠠᠷ ᠡᠯᠰᠡᠭᠰᠡᠨ ᠲᠤᠬᠠᠢ ᠶᠢᠨ ᠲᠠᠯᠠᠪᠤᠷ ᠤᠨ | ᠬᠤᠷᠠᠯ ᠳᠤ ᠣᠷᠣᠯᠴᠠᠵᠤ ᠪᠠᠶᠢᠭ᠎ᠠ᠂ ᠪᠥᠬᠦ ᠶᠠᠪᠤᠴᠠ ᠮᠠᠰᠢ ᠴᠢᠩᠭ᠎ᠠ᠂ ᠨᠠᠳᠠ ᠳᠤ ᠰᠠᠨᠠᠭ᠎ᠠ ᠠᠮᠤᠷ ᠰᠠᠨᠠᠭᠳᠠᠭᠤᠯᠵᠤ᠂ | ᠡᠯᠰᠡᠭᠰᠡᠨ ᠦᠷ᠎ᠡ ᠳ᠋ᠦᠩ ᠨᠢ ᠦᠨᠡᠨ ᠬᠦ ᠡᠷᠬᠡ ᠲᠡᠭᠰᠢ ᠲᠥᠪ ᠭᠤᠤᠯᠴᠢ ᠲᠣᠬᠢᠶᠠᠯᠳᠤᠯ ᠢᠶᠠᠷ ᠢᠷᠡᠭᠰᠡᠨ ᠶᠤᠮ︾ | ᠭᠡᠵᠦ ᠭᠡᠷ ᠤᠨ ᠠᠬᠠᠮᠠᠳ ᠲᠥᠯᠥᠭᠡᠯᠡᠭᠴᠢ ᠦ ᠬᠠᠨ ᠰᠤᠷᠪᠤᠯᠵᠢᠯᠠᠭᠴᠢ ᠳᠤ ᠬᠡᠯᠡᠪᠡ᠃ | | | | | | ᠲᠣᠰ ᠤᠳᠠᠭᠠᠨ ᠤ ᠬᠡᠦᠬᠡᠳ ᠤᠨ ᠴᠡᠴᠡᠷᠯᠢᠭ ᠤᠨ ᠰᠣᠷᠣᠭᠴᠢ ᠡᠯᠰᠡᠬᠦ ᠺᠣᠮᠫᠢᠦ᠋ᠲ᠋ᠧᠷ ᠤᠨ ᠲᠠᠰᠢᠷᠠᠮ ᠢᠶᠠᠷ | ᠡᠯᠰᠡᠭᠰᠡᠨ ᠦᠷ᠎ᠡ ᠳ᠋ᠦᠩ ᠢ 6 ᠳ᠋ᠤᠭᠠᠷ ᠰᠠᠷ᠎ᠠ ᠶᠢᠨ 25 ᠤ ᠡᠳᠦᠷ ᠤᠨ 22 ᠴᠠᠭ ᠠᠴᠠ ᠡᠬᠢᠯᠡᠨ | ︽ᠬᠥᠬᠡᠬᠤᠲᠠ ᠶᠢᠨ ᠣᠶᠤᠨᠲᠤ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ︾ ᠪᠤᠶᠤ | ᠡᠯ᠎ᠡ ᠬᠡᠦᠬᠡᠳ ᠤᠨ ᠴᠡᠴᠡᠷᠯᠢᠭ ᠤᠨ ᠡᠭᠦᠳᠡᠨ ᠳᠤ ᠣᠷᠣᠵᠤ ᠵᠠᠷᠯᠠᠨ ᠨᠡᠶᠢᠲᠡᠯᠡᠬᠦ ᠪᠤᠯᠤᠩ ᠳᠤ ᠣᠷᠣᠵᠤ ᠪᠠᠶᠢᠴᠠᠭᠠᠨ | ᠯᠠᠪᠯᠠᠵᠤ ᠪᠣᠯᠣᠨ᠎ᠠ᠃ | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ |