ᠭᠦᠭᠡᠬᠤᠲᠠ ᠶᠢᠨ ᠬᠤᠶᠠᠳᠤᠭᠠᠷ ᠬᠤᠭᠤᠴᠠᠭᠠᠨ ᠤ ᠬᠡᠶᠢᠲᠦ ᠠᠯᠠᠭᠠᠳᠠᠬᠤ ᠪᠥᠮᠪᠦᠭᠡ ᠶᠢᠨ ᠬᠢᠨᠠᠭᠴᠢ ᠶᠢᠨ ᠪᠣᠯᠪᠠᠰᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2024/7/1
     ᠲᠦᠷᠦᠭᠦᠬᠡᠨ᠂ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠭᠦᠭᠡᠬᠤᠲᠠ ᠶᠢᠨ ᠪᠡᠶ᠎ᠡ ᠶᠢᠨ ᠲᠠᠮᠢᠷ ᠤᠨ ᠶᠡᠷᠦᠩᠬᠡᠢ ᠵᠥᠪᠯᠡᠯ᠂ ᠭᠦᠭᠡᠬᠤᠲᠠ ᠶᠢᠨ ᠬᠡᠶᠢᠲᠦ ᠠᠯᠠᠭᠠᠳᠠᠬᠤ ᠪᠥᠮᠪᠦᠭᠡ ᠶᠢᠨ ᠨᠡᠶᠢᠭᠡᠮᠯᠢᠭ ᠠᠴᠠ ᠬᠠᠮᠵᠢᠯᠴᠠᠨ ᠡᠷᠭᠢᠯᠡᠭᠰᠡᠨ ᠭᠦᠭᠡᠬᠤᠲᠠ ᠶᠢᠨ ᠬᠤᠶᠠᠳᠤᠭᠠᠷ ᠬᠤᠭᠤᠴᠠᠭᠠᠨ ᠤ ᠬᠡᠶᠢᠲᠦ ᠠᠯᠠᠭᠠᠳᠠᠬᠤ ᠪᠥᠮᠪᠦᠭᠡ ᠶᠢᠨ ᠬᠢᠨᠠᠭᠴᠢ ᠶᠢᠨ ᠪᠣᠯᠪᠠᠰᠤᠷᠠᠯ ᠤᠨ ᠠᠩᠭᠢ ᠠᠮᠵᠢᠯᠲᠠ ᠲᠠᠢ ᠶᠠᠪᠤᠭᠳᠠᠪᠠ᠃ ᠲᠤᠰ ᠪᠣᠯᠪᠠᠰᠤᠷᠠᠯ ᠤᠨ ᠠᠩᠭᠢ ᠶᠢ ᠡᠷᠭᠢᠯᠡᠭᠰᠡᠨ ᠨᠢ ᠬᠡᠶᠢᠲᠦ ᠠᠯᠠᠭᠠᠳᠠᠬᠤ ᠪᠥᠮᠪᠦᠭᠡ ᠶᠢᠨ ᠲᠥᠷᠥᠯ ᠵᠦᠢᠯ ᠳᠤ ᠰᠢᠯᠢᠳᠡᠭ ᠬᠢᠨᠠᠭᠴᠢ ᠶᠢ ᠬᠥᠮᠥᠵᠢᠭᠦᠯᠵᠦ᠂ ᠣᠯᠠᠨ ᠲᠦᠮᠡᠨᠴᠢ ᠬᠡᠶᠢᠲᠦ ᠠᠯᠠᠭᠠᠳᠠᠬᠤ ᠪᠥᠮᠪᠦᠭᠡ ᠶᠢᠨ ᠲᠥᠷᠥᠯ ᠵᠦᠢᠯ ᠤᠨ ᠨᠠᠩ ᠰᠠᠶᠢᠨ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃      ᠬᠡᠶᠢᠲᠦ ᠠᠯᠠᠭᠠᠳᠠᠬᠤ ᠪᠥᠮᠪᠦᠭᠡ ᠪᠣᠯ ᠡᠩ ᠤᠨ ᠠᠯᠠᠭᠠᠳᠠᠬᠤ ᠪᠥᠮᠪᠦᠭᠡ ᠠᠴᠠ ᠢᠯᠭᠠᠭ᠎ᠠ ᠲᠠᠢ ᠨᠢᠭᠡ ᠵᠦᠢᠯ ᠤᠨ ᠤᠯᠠᠨ ᠲᠦᠮᠡᠨᠴᠢ ᠲᠠᠮᠢᠷ ᠤᠨ ᠬᠥᠳᠡᠯᠭᠡᠭᠡᠨ ᠪᠣᠯᠣᠨ᠎ᠠ᠃ ᠡᠩ ᠤᠨ ᠠᠯᠠᠭᠠᠳᠠᠬᠤ ᠪᠥᠮᠪᠦᠭᠡ ᠲᠠᠢ ᠬᠠᠷᠢᠴᠠᠭᠤᠯᠪᠠᠯ᠂ ᠮᠠᠲ᠋ᠧᠷᠢᠶᠠᠯ ᠤᠨ ᠬᠤᠪᠢ ᠳᠤ ᠵᠥᠭᠡᠯᠡᠬᠡᠨ ᠪᠠᠶᠢᠵᠤ᠂ ᠡᠩ ᠤᠨ ᠠᠯᠠᠭᠠᠳᠠᠬᠤ ᠪᠥᠮᠪᠦᠭᠡ ᠠᠴᠠ ᠶᠡᠭᠡ ᠪᠤᠯᠪᠠᠴᠤ ᠬᠥᠩᠭᠡᠨ ᠪᠠᠶᠢᠳᠠᠭ᠂ ᠤᠷᠤᠯᠳᠤᠭᠠᠨ ᠤ ᠲᠠᠯᠠᠪᠠᠢ ᠨᠢ ᠪᠠᠭ᠎ᠠ᠂ ᠣᠷᠤᠯᠴᠠᠬᠤ ᠬᠥᠮᠥᠨ ᠨᠢ ᠴᠥᠭᠡᠨ᠂ ᠤᠷᠤᠯᠳᠤᠭᠠᠨ ᠤ ᠳᠦᠷᠢᠮ ᠪᠣᠯᠣᠨ ᠨᠠᠭᠠᠳᠬᠤ ᠠᠷᠭ᠎ᠠ ᠨᠢ ᠨᠡᠩ ᠴᠢᠯᠦᠭᠡᠲᠡᠢ᠂ ᠡᠷᠡᠭᠲᠡᠢ ᠡᠮᠡᠭᠲᠡᠢ ᠠᠳᠠᠯᠢ ᠪᠤᠰᠤ ᠨᠠᠰᠤᠨ ᠤ ᠬᠥᠮᠥᠰ ᠲᠤ ᠪᠦᠷ ᠲᠣᠬᠢᠷᠠᠬᠤ ᠪᠡᠶ᠎ᠡ ᠶᠢᠨ ᠲᠠᠮᠢᠷ ᠤᠨ ᠬᠥᠳᠡᠯᠭᠡᠭᠡᠨ ᠪᠣᠯᠣᠨ᠎ᠠ᠃      ᠪᠣᠯᠪᠠᠰᠤᠷᠠᠯ ᠳᠤ ᠡᠯ᠎ᠡ ᠠᠶᠢᠮᠠᠭ ᠬᠤᠲᠠ ᠶᠢᠨ 35 ᠬᠥᠮᠥᠨ ᠣᠷᠣᠯᠴᠠᠵᠤ᠂ ᠤᠯᠤᠰ ᠤᠨ ᠲᠠᠰ ᠤᠨ ᠬᠢᠨᠠᠭᠴᠢ ᠯᠢᠦ ᠽᠢ ᠯᠢᠶᠠᠩ ᠪᠠᠭᠰᠢ ᠶᠢ ᠣᠨᠴᠠᠭᠠᠶᠢᠯᠠᠨ ᠤᠷᠢᠵᠤ ᠬᠢᠴᠢᠶᠡᠯ ᠣᠷᠣᠭᠤᠯᠪᠠ᠃ ᠲᠤᠰ ᠤᠳᠠᠭ᠎ᠠ ᠶᠢᠨ ᠪᠣᠯᠪᠠᠰᠤᠷᠠᠯ ᠢᠶᠠᠷ ᠳᠠᠮᠵᠢᠨ᠂ ᠭᠦᠭᠡᠬᠤᠲᠠ ᠶᠢᠨ ᠬᠡᠶᠢᠲᠦ ᠠᠯᠠᠭᠠᠳᠠᠬᠤ ᠪᠥᠮᠪᠦᠭᠡ ᠶᠢᠨ ᠲᠥᠷᠥᠯ ᠵᠦᠢᠯ ᠳᠤ ᠨᠢᠭᠡ ᠪᠦᠯᠦᠭ ᠰᠢᠯᠢᠳᠡᠭ ᠲᠤᠰᠬᠠᠢ ᠮᠡᠷᠭᠡᠵᠢᠯ ᠤᠨ  ᠬᠢᠨᠠᠭᠴᠢ ᠶᠢ ᠬᠥᠮᠥᠵᠢᠭᠦᠯᠵᠦ ᠥᠭᠪᠡ᠃ ᠰᠤᠷᠤᠯᠭᠠᠲᠠᠳ ᠠᠴᠠ ᠬᠡᠶᠢᠲᠦ ᠠᠯᠠᠭᠠᠳᠠᠬᠤ ᠪᠥᠮᠪᠦᠭᠡ ᠶᠢᠨ ᠬᠢᠨᠠᠭᠴᠢ ᠶᠢᠨ ᠠᠵᠢᠯ ᠤᠨ ᠦᠨᠳᠦᠰᠦᠨ ᠱᠠᠭᠠᠷᠳᠠᠯᠭ᠎ᠠ ᠪᠠ ᠤᠷ᠎ᠠ ᠴᠢᠳᠠᠪᠤᠷᠢ ᠶᠢᠨ ᠭᠤᠣᠯᠳᠠᠯᠭ᠎ᠠ ᠶᠢ ᠭᠦᠨᠵᠡᠭᠡᠢ ᠣᠶᠢᠯᠠᠭᠠᠵᠤ᠂ ᠲᠤᠰᠬᠠᠢ ᠮᠡᠷᠭᠡᠵᠢᠯ ᠤᠨ ᠬᠢᠨᠠᠨ ᠲᠠᠰᠤᠯᠤᠯᠲᠠ ᠬᠢᠬᠦ ᠴᠢᠳᠠᠪᠤᠷᠢ ᠪᠠᠨ ᠲᠡᠭᠡᠭᠰᠢᠯᠡᠭᠦᠯᠵᠦ᠂ ᠤᠷᠤᠯᠳᠤᠭᠠᠨ ᠤ ᠡᠷᠬᠡ ᠲᠡᠭᠰᠢ ᠪᠣᠯᠣᠨ ᠲᠥᠪ ᠭᠤᠣᠯᠴᠢ ᠶᠢ ᠪᠠᠲᠤᠯᠠᠵᠤ᠂ ᠣᠯᠠᠨ ᠲᠦᠮᠡᠨᠴᠢ ᠬᠡᠶᠢᠲᠦ ᠠᠯᠠᠭᠠᠳᠠᠬᠤ ᠪᠥᠮᠪᠦᠭᠡ ᠶᠢᠨ ᠲᠥᠷᠥᠯ ᠵᠦᠢᠯ ᠤᠨ ᠥᠷᠨᠢᠨ ᠬᠥᠭᠵᠢᠬᠦ ᠳᠤ ᠰᠢᠨ᠎ᠡ ᠬᠦᠴᠦᠨ ᠨᠡᠮᠡᠷᠢᠯᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号