ᠥᠪᠥᠷ ᠮᠣᠩᠭᠤᠯ ᠤᠨ ᠠᠩᠬᠠᠳᠠᠭᠴᠢ ᠣᠶᠤᠨᠴᠢ ᠪᠠᠷ ᠡᠪᠡᠰᠦ ᠠᠷᠢᠯᠭᠠᠬᠤ ᠮᠠᠰᠢᠨ ᠬᠥᠮᠥᠨ ᠠᠰᠢᠭᠯᠠᠯᠲᠠ  ᠳᠤ ᠣᠷᠣᠪᠠ
ᠨᠡᠶᠢᠲᠡᠯᠡᠭᠰᠡᠨ ᠴᠠᠭ᠄
2024/7/1
     6 ᠰᠠᠷ᠎ᠠ ᠶᠢᠨ 18 ᠤ ᠡᠳᠦᠷ  ᠪᠦᠭᠦ ᠣᠷᠣᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠ ᠲᠣᠨᠤᠭ ᠲᠥᠬᠦᠭᠡᠷᠦᠮᠵᠢ ᠶᠢᠨ ᠬᠦᠷᠢᠶᠡᠨ ᠳᠤ ᠴᠢᠬᠤᠯᠠ ᠶᠡᠭᠡ ᠰᠢᠪᠲᠤᠯᠤᠯᠲᠠ ᠭᠠᠷᠪᠠ᠄ ᠥᠪᠥᠷ ᠮᠣᠩᠭᠤᠯ ᠤᠨ ᠪᠠ ᠵᠤᠸᠠ ᠣᠶᠤᠨᠴᠢ ᠦᠢᠯᠡᠳᠬᠡᠯ ᠤᠨ ᠪᠦᠯᠭᠦᠮ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠥᠪᠥᠷ ᠮᠣᠩᠭᠤᠯ ᠤᠨ ᠠᠩᠬᠠᠳᠠᠭᠴᠢ ᠣᠶᠤᠨᠴᠢ ᠪᠠᠷ ᠡᠪᠡᠰᠦ ᠠᠷᠢᠯᠭᠠᠬᠤ ᠮᠠᠰᠢᠨ ᠬᠥᠮᠥᠨ ᠤᠯᠠᠭᠠᠨᠬᠠᠳᠠ ᠬᠤᠲᠠ ᠶᠢᠨ ᠬᠤᠩᠱᠠᠨ ᠲᠣᠭᠤᠷᠢᠭ ᠲᠤ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠤᠯᠠᠮᠵᠢᠯᠠᠯᠲᠤ ᠡᠪᠡᠰᠦ ᠠᠷᠢᠯᠭᠠᠬᠤ ᠠᠵᠢᠯ ᠤᠨ ᠠᠷᠭ᠎ᠠ ᠭᠡᠯᠪᠡᠷᠢ ᠶᠢ ᠬᠤᠪᠢᠷᠠᠭᠤᠯᠤᠨ᠂ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠶᠡᠭᠡ ᠪᠠᠷ ᠳᠡᠭᠡᠭᠰᠢᠯᠡᠭᠦᠯᠪᠡ᠃      ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠲᠤᠷᠰᠢᠯᠲᠠ ᠶᠢᠨ ᠲᠠᠷᠢᠶᠠᠨ ᠳᠤᠮᠳᠠ ᠵᠢᠯᠣᠭᠤᠴᠢ ᠦᠭᠡᠢ ᠬᠦᠷᠳᠦᠲᠦ ᠮᠠᠰᠢᠨ ᠬᠥᠮᠥᠨ ᠠᠯᠭᠤᠷᠬᠠᠨ ᠤᠷᠤᠭᠰᠢᠯᠠᠵᠤ᠂ 80 ᠮᠦ ᠡᠪᠡᠰᠦᠨ ᠡᠮ ᠤᠨ ᠲᠠᠷᠢᠶᠠᠨ ᠳᠤᠮᠳᠠᠬᠢ ᠡᠪᠡᠰᠦ ᠶᠢ ᠠᠷᠢᠯᠭᠠᠨ᠎ᠠ᠃ ᠬᠥᠮᠥᠨ ᠤ ᠬᠦᠴᠦ ᠪᠠ ᠡᠪᠡᠰᠦ ᠠᠷᠢᠯᠭᠠᠬᠤ ᠡᠮ ᠬᠡᠷᠡᠭᠯᠡᠬᠦ ᠦᠭᠡᠢ ᠪᠠᠶᠢᠳᠠᠯ ᠳᠣᠣᠷ᠎ᠠ ᠡᠨᠡ ᠬᠦ ᠯᠠᠶᠢᠰᠧᠷ ᠣᠶᠤᠨᠴᠢ ᠪᠠᠷ ᠡᠪᠡᠰᠦ ᠠᠷᠢᠯᠭᠠᠬᠤ ᠮᠠᠰᠢᠨ ᠬᠥᠮᠥᠨ ᠯᠠᠶᠢᠰᠧᠷ ᠤᠨ ᠲᠣᠯᠣᠭᠠᠢ᠂ ᠭᠡᠷᠡᠯᠲᠦᠭᠦᠯᠭᠡ ᠶᠢᠨ ᠳ᠋ᠧᠩ ᠪᠠ ᠥᠨᠳᠥᠷ ᠢᠯᠭᠠᠮᠵᠢᠲᠤ ᠳᠦᠷᠰᠦ ᠰᠢᠩᠭᠡᠭᠡᠬᠦ ᠮᠠᠰᠢᠨ ᠢ ᠲᠣᠬᠢᠷᠠᠭᠤᠯᠬᠤ ᠪᠠᠷ ᠳᠠᠮᠵᠢᠨ ᠲᠠᠷᠢᠶᠠᠨ ᠳᠤᠮᠳᠠᠬᠢ ᠡᠪᠡᠰᠦ ᠶᠢ ᠥᠨᠳᠥᠷ ᠪᠦᠲᠦᠮᠵᠢᠲᠡᠶ ᠪᠠᠷ ᠠᠷᠢᠯᠭᠠᠵᠤ᠂ ᠤᠯᠠᠮᠵᠢᠯᠠᠯᠲᠤ ᠡᠪᠡᠰᠦ ᠠᠷᠢᠯᠭᠠᠬᠤ ᠠᠵᠢᠯ ᠤᠨ ᠠᠷᠭ᠎ᠠ ᠭᠡᠯᠪᠡᠷᠢ ᠶᠢ ᠪᠦᠷᠢᠮᠦᠰᠦᠨ ᠬᠤᠪᠢᠷᠠᠭᠤᠯᠪᠠ᠃      ᠤᠯᠠᠭᠠᠨᠬᠠᠳᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠯᠠᠭ᠎ᠠ ᠶᠢᠨ ᠳᠠᠷᠤᠭ᠎ᠠ ᠵᠣᠣ ᠢᠦᠢ ᠺᠠᠢ ᠶᠢᠨ ᠲᠠᠨᠢᠯᠴᠠᠭᠤᠯᠤᠭᠰᠠᠨ ᠢᠶᠠᠷ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠭᠦᠮ ᠡᠪᠡᠰᠦᠨ ᠡᠮ ᠤᠨ ᠲᠠᠷᠢᠶᠠᠨ ᠳᠤ ᠡᠪᠡᠰᠦ ᠠᠷᠢᠯᠭᠠᠬᠤ ᠲᠤᠷᠰᠢᠯᠲᠠ ᠬᠢᠵᠦ᠂ ᠡᠪᠡᠰᠦ ᠠᠷᠢᠯᠭᠠᠬᠤ ᠡᠮ ᠰᠦᠷᠴᠢᠬᠦ᠂ ᠬᠥᠮᠥᠨ ᠤ ᠬᠦᠴᠦ ᠪᠠᠷ ᠡᠪᠡᠰᠦ ᠠᠷᠢᠯᠭᠠᠬᠤ ᠵᠡᠷᠭᠡ ᠤᠯᠠᠮᠵᠢᠯᠠᠯᠲᠤ ᠡᠪᠡᠰᠦ ᠠᠷᠢᠯᠭᠠᠬᠤ ᠠᠷᠭ᠎ᠠ ᠲᠠᠢ ᠬᠠᠷᠢᠴᠠᠭᠤᠯᠪᠠᠯ ᠣᠶᠤᠨᠴᠢ ᠪᠠᠷ ᠡᠪᠡᠰᠦ ᠠᠷᠢᠯᠭᠠᠬᠤ ᠮᠠᠰᠢᠨ ᠬᠥᠮᠥᠨ ᠤ ᠡᠪᠡᠰᠦ ᠶᠢ ᠢᠯᠭᠠᠨ ᠲᠠᠨᠢᠬᠤ ᠨᠣᠷᠮ᠎ᠠ ᠪᠠ ᠡᠪᠡᠰᠦ ᠶᠢ ᠠᠷᠢᠯᠭᠠᠬᠤ ᠨᠣᠷᠮ᠎ᠠ ᠨᠢ ᠪᠦᠷ 95% ᠪᠤᠶᠤ ᠲᠡᠭᠦᠨ ᠠᠴᠠ ᠳᠡᠭᠡᠭᠰᠢ ᠪᠠᠶᠢᠵᠤ᠂ ᠮᠥᠷ ᠤᠨ ᠬᠤᠭᠤᠷᠣᠨᠳᠤᠭᠢ ᠪᠠ ᠴᠢᠬᠢ ᠶᠢᠨ ᠬᠤᠭᠤᠷᠣᠨᠳᠣᠭᠢ ᠡᠪᠡᠰᠦ ᠶᠢ ᠠᠷᠢᠯᠭᠠᠬᠤ ᠳᠤ ᠴᠢᠬᠢ ᠶᠢ ᠭᠡᠮᠲᠦᠭᠡᠬᠦ ᠨᠣᠷᠮ᠎ᠠ ᠨᠢ 5% ᠪᠤᠶᠤ ᠲᠡᠭᠦᠨ ᠠᠴᠠ ᠳᠣᠷᠣᠭᠰᠢ ᠪᠠᠶᠢᠬᠤ ᠶᠢ ᠪᠡᠶᠡᠯᠡᠭᠦᠯᠪᠡ᠃ ᠥᠪᠡᠷ ᠤᠨ ᠥᠷᠲᠡᠭ ᠤᠨ ᠲᠠᠯ᠎ᠠ ᠪᠠᠷ ᠬᠥᠮᠥᠨ ᠤ ᠬᠦᠴᠦ ᠪᠠᠷ ᠡᠪᠡᠰᠦ ᠠᠷᠢᠯᠭᠠᠬᠤ ᠶᠢ ᠪᠤᠳᠤᠪᠠᠯ ᠮᠦ ᠪᠦᠷᠢ ᠳᠤ 1000 ᠲᠥᠭᠦᠷᠢᠭ ᠠᠷᠪᠢᠯᠠᠵᠤ᠂ ᠦᠷ᠎ᠡ ᠪᠦᠲᠦᠮᠵᠢ ᠶᠢᠨ ᠲᠠᠯ᠎ᠠ ᠪᠠᠷ ᠴᠠᠭ ᠪᠦᠷᠢ 1 ᠮᠦ ᠲᠠᠷᠢᠶᠠᠨ ᠤ ᠡᠪᠡᠰᠦ ᠶᠢ ᠠᠷᠢᠯᠭᠠᠵᠤ᠂ ᠬᠥᠮᠥᠨ ᠤ ᠬᠦᠴᠦ ᠪᠠᠷ ᠡᠪᠡᠰᠦ ᠠᠷᠢᠯᠭᠠᠬᠤ ᠬᠡᠮᠵᠢᠶ᠎ᠡ ᠶᠢᠨ 20 ᠳᠠᠭᠢᠨ  ᠲᠠᠢ ᠲᠡᠩᠴᠡᠵᠦ ᠪᠤᠢ᠃      ᠡᠨᠡ ᠬᠦ ᠣᠶᠤᠨᠴᠢ ᠪᠠᠷ ᠡᠪᠡᠰᠦ ᠠᠷᠢᠯᠭᠠᠬᠤ ᠮᠠᠰᠢᠨ ᠬᠥᠮᠥᠨ ᠢ ᠥᠪᠥᠷ ᠮᠣᠩᠭᠤᠯ ᠤᠨ ᠪᠠ ᠵᠤᠸᠠ ᠣᠶᠤᠨᠴᠢ ᠦᠢᠯᠡᠳᠬᠡᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠺᠤᠮᠫᠠᠨᠢ ᠴᠢᠩᠬᠤᠸᠠ ᠶᠡᠭᠡ ᠰᠤᠷᠭᠠᠭᠤᠯᠢ  ᠶᠢᠨ ᠰᠢᠨ᠎ᠡ ᠶᠢ ᠡᠭᠦᠳᠬᠦ ᠳᠠᠭᠠᠭᠤᠯᠤᠭᠴᠢ ᠢᠨᠵᠧᠨᠧᠷᠢᠩ ᠤᠨ ᠳ᠋ᠣᠺᠲ᠋ᠣᠷ ᠪᠣᠯᠣᠨ ᠲᠠᠷᠢᠶᠠᠯᠠᠩ ᠤᠨ ᠠᠵᠤ ᠦᠢᠯᠡᠰ  ᠤᠨ ᠬᠦᠷᠢᠶᠡᠨ ᠤ ᠣᠯᠠᠨ ᠲᠤᠰᠬᠠᠢ ᠮᠡᠷᠭᠡᠵᠢᠯᠲᠡᠨ ᠲᠠᠢ ᠬᠠᠮᠲᠤᠷᠠᠨ ᠰᠤᠳᠤᠯᠤᠨ ᠦᠢᠯᠡᠳᠴᠡᠢ᠃ ᠴᠢᠩᠬᠤᠸᠠ ᠶᠡᠭᠡ ᠰᠤᠷᠭᠠᠭᠤᠯᠢ ᠶᠢᠨ ᠰᠢᠨ᠎ᠡ ᠶᠢ ᠡᠭᠦᠳᠬᠦ ᠳᠠᠭᠠᠭᠤᠯᠤᠭᠴᠢ ᠢᠨᠵᠧᠨᠧᠷᠢᠩ ᠤᠨ ᠳ᠋ᠣᠺᠲ᠋ᠣᠷ ᠶᠠᠩ ᠶᠦᠨ ᠹᠧᠢ ᠰᠤᠷᠪᠤᠯᠵᠢᠯᠠᠬᠴᠢ ᠳᠤ ᠬᠡᠯᠡᠬᠦ ᠳᠡᠭᠡᠨ᠂ ᠣᠳᠣᠬᠢ ᠱᠠᠲᠤᠨ ᠳᠤ ᠣᠶᠤᠨᠴᠢ ᠪᠠᠷ ᠡᠪᠡᠰᠦ ᠠᠷᠢᠯᠭᠠᠬᠤ ᠮᠠᠰᠢᠨ ᠬᠥᠮᠥᠨ ᠭᠤᠣᠯᠳᠠᠭᠤ ᠡᠪᠡᠰᠦᠨ ᠡᠮ ᠳᠤ ᠬᠠᠨᠳᠤᠭᠤᠯᠤᠨ ᠲᠠᠷᠢᠶᠠᠨ ᠭᠠᠵᠠᠷ ᠤᠨ ᠡᠪᠡᠰᠦ ᠠᠷᠢᠯᠭᠠᠬᠤ ᠠᠵᠢᠯ ᠬᠢᠵᠦ ᠪᠤᠶ᠂ ᠬᠤᠵᠢᠮ ᠠᠳᠠᠯᠢ ᠪᠤᠰᠤ ᠲᠠᠷᠢᠮᠠᠯ ᠤᠨ ᠵᠠᠭᠪᠤᠷ ᠢ ᠳᠠᠪᠲᠠᠨ ᠪᠤᠯᠪᠠᠰᠤᠷᠠᠭᠤᠯᠬᠤ ᠪᠠᠷ ᠳᠠᠮᠵᠢᠨ ᠨᠠᠷᠢᠮᠤ᠂ ᠲᠥᠮᠥᠰᠥ ᠵᠡᠷᠭᠡ ᠣᠯᠠᠨ ᠵᠦᠢᠯ ᠤᠨ ᠠᠵᠤ ᠠᠬᠤᠢ ᠶᠢᠨ ᠲᠠᠷᠢᠮᠠᠯ ᠤᠨ ᠡᠪᠡᠰᠦᠨ ᠤ ᠬᠠᠮᠢᠶᠠᠷᠤᠯᠲᠠ ᠳᠤ ᠬᠡᠷᠡᠭᠯᠡᠵᠦ ᠪᠣᠯᠣᠨ᠎ᠠ ᠭᠡᠵᠡᠢ᠃ ᠣᠶᠢᠷ᠎ᠠ ᠳᠤ ᠲᠤᠰ ᠠᠵᠤ ᠠᠬᠤᠶᠢᠯᠠᠯ ᠨᠢᠭᠡᠨᠲᠡ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠪᠡᠯᠡ ᠣᠷᠣᠭᠤᠯᠤᠯᠲᠠ ᠶᠢᠨ ᠪᠦᠯᠦᠭᠯᠡᠯ ᠯᠦᠭᠡ 1200 ᠮᠦ ᠶᠢᠨ ᠵᠠᠬᠢᠶᠠᠯᠠᠭ᠎ᠠ ᠶᠢᠨ ᠬᠠᠭᠤᠳᠠᠰᠤᠨ ᠳᠤ ᠭᠠᠷ ᠤᠨ ᠥᠰᠥᠭ ᠵᠢᠷᠤᠵᠤ᠂ ᠪᠦᠭᠦ ᠤᠯᠤᠰ ᠤᠨ ᠡᠯ᠎ᠡ ᠭᠠᠵᠠᠷ ᠤᠨ ᠬᠡᠷᠡᠭᠯᠡᠭᠴᠢ ᠲᠠᠢ 100 ᠭᠠᠷᠤᠢ ᠲᠥᠬᠦᠭᠡᠷᠦᠮᠵᠢ ᠶᠢᠨ ᠵᠠᠬᠢᠶᠠᠯᠠᠭ᠎ᠠ  ᠶᠢᠨ ᠬᠠᠭᠤᠳᠠᠰᠤᠨ ᠳᠤ ᠭᠠᠷ ᠤᠨ ᠦᠰᠦᠭ ᠵᠢᠷᠤᠪᠠ᠃ ᠪᠠ ᠵᠤᠸᠠ ᠺᠤᠮᠫᠠᠨᠢ 2025 ᠣᠨ ᠪᠤᠯᠬᠤ ᠳᠤ 500 - 1000 ᠰᠠᠭᠤᠷᠢ ᠮᠠᠰᠢᠨ ᠬᠥᠮᠥᠨ ᠦᠢᠯᠡᠳᠪᠦᠷᠢᠯᠡᠵᠦ᠂ ᠠᠵᠢᠯᠯᠠᠬᠤ ᠲᠠᠯᠠᠪᠠᠢ ᠶᠢ ᠨᠢ 10 - 20 ᠲᠦᠮᠡᠨ ᠮᠦ  ᠳᠤ ᠬᠦᠷᠭᠡᠬᠦ ᠪᠠᠷ ᠪᠤᠢ᠃      2024 ᠣᠨ ᠤ 5 ᠰᠠᠷ᠎ᠠ ᠳᠤ ᠳᠤᠮᠳᠠᠳᠤ ᠤᠯᠤᠰ ᠤᠨ ᠬᠥᠳᠡᠭᠡ ᠠᠵᠤ ᠠᠬᠤᠢ ᠶᠢᠨ ᠮᠠᠰᠢᠨ ᠲᠤᠨᠤᠭ ᠤᠨ ᠨᠡᠶᠢᠭᠡᠮᠯᠢᠭ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠡᠭᠡᠵᠢᠩ ᠳᠤ ᠥᠪᠥᠷ ᠮᠣᠩᠭᠤᠯ  ᠤᠨ ᠪᠠ ᠵᠤᠸᠠ ᠺᠤᠮᠫᠠᠨᠢ ᠶᠢᠨ ᠨᠠᠶᠢᠳᠠᠭᠰᠠᠨ︽ᠳᠡᠭᠡᠳᠦ ᠴᠢᠳᠠᠪᠬᠢᠲᠤ ᠵᠢᠯᠣᠭᠤᠴᠢ ᠦᠭᠡᠢ ᠣᠶᠤᠨᠴᠢ ᠪᠠᠷ ᠡᠪᠡᠰᠦ ᠠᠷᠢᠯᠭᠠᠬᠤ ᠮᠠᠰᠢᠨ ᠬᠥᠮᠥᠨ︾ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠦᠨᠡᠯᠡᠯᠲᠡ  ᠶᠢᠨ ᠬᠤᠷᠠᠯ ᠬᠢᠵᠡᠢ᠃ ᠲᠤᠰᠬᠠᠢ ᠮᠡᠷᠭᠡᠵᠢᠯᠲᠡᠨ ᠤ ᠳᠤᠭᠤᠶᠢᠯᠠᠩ ᠤᠨ ᠦᠵᠡᠬᠦ ᠪᠠᠷ  ᠲᠣᠰ ᠲᠦᠷᠦᠯ ᠵᠦᠢᠯ ᠤᠨ ᠰᠤᠳᠤᠯᠤᠨ ᠨᠡᠭᠡᠭᠡᠭᠰᠡᠨ ᠮᠠᠰᠢᠨ ᠬᠥᠮᠥᠨ ᠨᠢᠭᠡᠨᠲᠡ 18 ᠵᠦᠢᠯ ᠤᠨ ᠤᠯᠤᠰ ᠤᠨ ᠡᠭᠦᠳᠦᠯᠲᠡ ᠶᠢᠨ ᠲᠤᠰᠬᠠᠢ ᠠᠰᠢᠭ ᠢ ᠣᠯᠵᠤ᠂ ᠤᠯᠤᠰ ᠤᠨ ᠳᠣᠲᠣᠭᠠᠳᠤ ᠶᠢᠨ ᠲᠡᠷᠢᠭᠦᠨ ᠤ ᠲᠦᠪᠰᠢᠨ ᠳᠤ ᠬᠦᠷᠴᠦ᠂ ᠥᠷᠭᠡᠨ ᠳᠡᠯᠭᠡᠷ ᠬᠡᠷᠡᠭᠯᠡᠭᠡᠨ ᠤ ᠠᠯᠤᠰ ᠢᠷᠡᠭᠡᠳᠦᠢ ᠲᠠᠢ ᠶᠤᠮ᠃ ᠡᠨᠡ ᠬᠦ ᠮᠠᠰᠢᠨ ᠬᠥᠮᠥᠨ ᠢ ᠬᠤᠷᠳᠤᠨ ᠴᠠᠭᠠᠨ᠂ ᠰᠢᠬᠢᠷ ᠡᠪᠡᠰᠦ ᠵᠡᠷᠭᠡ ᠡᠪᠡᠰᠦᠨ ᠡᠮ ᠤᠨ ᠲᠠᠷᠢᠶᠠᠨ ᠤ ᠡᠪᠡᠰᠦ ᠶᠢ ᠠᠷᠢᠯᠭᠠᠬᠤ ᠳᠤ ᠬᠡᠷᠡᠭᠯᠡᠵᠦ᠂ ᠡᠪᠡᠰᠦ ᠠᠷᠢᠯᠭᠠᠬᠤ ᠡᠮ ᠬᠡᠷᠡᠭᠯᠡᠬᠦ  ᠶᠢᠨ ᠬᠤᠣᠷ ᠬᠥᠨᠥᠭᠡᠯ ᠠᠴᠠ ᠵᠠᠶᠢᠯᠠᠰᠬᠢᠵᠦ᠂ ᠬᠥᠮᠥᠨ ᠤ ᠬᠦᠴᠦ ᠪᠠᠷ ᠡᠪᠡᠰᠦ ᠠᠷᠢᠯᠭᠠᠬᠤ ᠳᠤ ᠭᠦᠳᠡᠯᠮᠦᠷᠢ ᠬᠦᠴᠦ ᠳᠤᠲᠠᠭᠳᠠᠬᠤ ᠪᠠ ᠦᠷ᠎ᠡ ᠪᠦᠲᠦᠮᠵᠢ ᠳᠣᠣᠷ᠎ᠠ ᠪᠠᠶᠢᠬᠤ ᠠᠰᠠᠭᠤᠳᠠᠯ ᠢ ᠪᠦᠲᠦᠮᠵᠢᠲᠡᠶ ᠨᠠᠮᠳᠠᠭᠤᠯᠤᠭᠰᠠᠨ ᠪᠠᠶᠢᠨ᠎ᠠ᠃      ᠲᠠᠷᠢᠶᠠᠯᠠᠩ ᠤᠨ ᠦᠢᠯᠡᠳᠪᠦᠷᠢᠯᠡᠯ ᠳᠤ ᠡᠪᠡᠰᠦ ᠶᠢ ᠠᠷᠢᠯᠭᠠᠬᠤ ᠪᠣᠯ ᠨᠢᠭᠡ ᠵᠦᠢᠯ ᠤᠨ ᠰᠠᠭᠤᠷᠢ ᠮᠥᠷᠲᠡᠭᠡᠨ ᠲᠤᠶᠢᠯ ᠤᠨ ᠴᠢᠬᠤᠯᠠ ᠠᠵᠢᠯ ᠪᠠᠶᠢᠵᠤ᠂ ᠡᠪᠡᠰᠦ ᠶᠢ ᠪᠦᠲᠦᠮᠵᠢᠲᠡᠶ ᠬᠢᠵᠠᠭᠠᠷᠯᠠᠬᠤ ᠨᠢ ᠲᠠᠷᠢᠶᠠᠯᠠᠩ ᠤᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ  ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠣᠰ ᠲᠥᠷᠥᠯ ᠵᠦᠢᠯ ᠨᠢ ᠰᠢᠨ᠎ᠡ ᠶᠢ ᠡᠭᠦᠳᠬᠦ ᠴᠢᠨᠠᠷ᠂ ᠥᠨᠳᠥᠷ ᠪᠦᠲᠦᠮᠵᠢᠲᠦ ᠴᠢᠨᠠᠷ᠂ ᠣᠶᠤᠨᠴᠢᠯᠠᠯᠲᠠ ᠪᠠ ᠪᠣᠬᠢᠷᠳᠤᠯ ᠦᠭᠡᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠣᠨᠴᠠᠯᠢᠭ ᠢᠶᠠᠷ ᠢᠶᠠᠨ︽ᠣᠷᠴᠢᠨ ᠲᠣᠭᠤᠷᠢᠨ ᠢ ᠦᠯᠦ ᠪᠣᠬᠢᠷᠲᠤᠭᠤᠯᠬᠤ᠂ ᠭᠠᠵᠠᠷ ᠰᠢᠷᠣᠢ ᠶᠢ ᠦᠯᠦ ᠡᠪᠳᠡᠬᠦ᠂ ᠡᠳᠦᠷ ᠰᠥᠨᠢ ᠦᠭᠡᠢ ᠠᠵᠢᠯᠯᠠᠬᠤ︾ᠬᠠᠷᠠᠯᠲᠠ ᠶᠢ ᠪᠡᠶᠡᠯᠡᠭᠦᠯᠵᠦ᠂ ᠥᠪᠥᠷ ᠮᠣᠩᠭᠤᠯ ᠤᠨ ᠲᠠᠷᠢᠶᠠᠯᠠᠩ ᠤᠨ ᠣᠳᠣᠬᠢᠴᠢᠯᠠᠯᠲᠠ ᠶᠢ ᠪᠡᠶᠡᠯᠡᠭᠦᠯᠬᠦ ᠳᠤ ᠴᠢᠩᠭ᠎ᠠ ᠬᠦᠴᠦᠲᠡᠢ ᠲᠸᠭᠨᠢᠭ ᠮᠡᠷᠭᠡᠵᠢᠯ ᠤᠨ ᠲᠤᠯᠭᠠᠭᠤᠷᠢᠯᠠᠯ ᠬᠠᠩᠭᠠᠪᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号