ᠰᠠᠶᠢᠬᠠᠨ ᠲᠣᠭᠤᠷᠢᠭ᠄ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ
ᠨᠡᠶᠢᠲᠡᠯᠡᠭᠰᠡᠨ ᠴᠠᠭ᠄
2024/7/10
     ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠦᠬᠦᠳᠡ ᠬᠤᠷᠠᠯ ᠠᠴᠠ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠣᠨ᠎ᠠ᠂ ᠬᠤᠳᠠ ᠶᠢᠨ ᠨᠠᠮ ᠤᠨ ᠬᠤᠷᠢᠶ᠎ᠠ ᠴᠠᠭᠠᠨ ᠰᠠᠷ᠎ᠠ ᠶᠢᠨ ︽ᠨᠢᠭᠡᠳᠦᠭᠡᠷ ᠬᠤᠷᠠᠯ︾  ᠳᠤ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠠᠷᠠᠳ ᠤᠨ ᠠᠮᠢᠳᠤᠷᠠᠯ ᠤᠨ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠨ ᠪᠦᠬᠦ ᠲᠠᠯ᠎ᠠ ᠪᠠᠷ ᠪᠠᠶᠢᠷᠢᠯᠠᠭᠤᠯᠵᠠᠢ᠃            ᠰᠠᠶᠢᠬᠠᠨ ᠲᠣᠭᠤᠷᠢᠭ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠲᠠ ᠶᠢᠨ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠳᠤᠯᠠᠭᠠᠨ ᠢᠨᠵᠧᠨᠧᠷᠢᠩ︾ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠣᠯᠠᠨ ᠲᠦᠮᠡᠨ ᠤ ᠲᠤᠰᠬᠠᠭᠰᠠᠨ ᠪᠠ ᠵᠢᠭᠰᠠᠭᠠᠨ ᠪᠠᠶᠢᠴᠠᠭᠠᠵᠤ ᠢᠯᠡᠷᠡᠭᠦᠯᠦᠭᠰᠡᠨ ᠢᠯᠴᠢ ᠬᠠᠩᠭᠠᠬᠤ ᠠᠰᠠᠭᠤᠳᠠᠯ ᠢ ᠠᠩᠬᠠᠷᠴᠤ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠢᠯᠴᠢ ᠬᠠᠩᠭᠠᠬᠤ ᠢᠯᠴᠢ ᠪᠠᠷ ᠠᠷᠠᠳ ᠤᠨ ᠠᠮᠢᠳᠤᠷᠠᠯ ᠤᠨ ︽ᠳᠤᠯᠠᠭᠠᠴᠠ︾ ᠶᠢ ᠳᠡᠭᠡᠭᠰᠢᠯᠡᠭᠦᠯᠪᠡ᠃
           ᠣᠶᠢᠷ᠎ᠠ ᠶᠢᠨ ᠡᠳᠦᠷ ᠤᠳ ᠲᠤ᠂ ᠰᠠᠶᠢᠬᠠᠨ ᠲᠣᠭᠤᠷᠢᠭ ᠤᠨ ᠸᠠᠨ ᠬᠤᠤ ᠮᠢᠩ ᠶᠤᠸᠠᠨ᠂ ᠰᠢᠨ ᠰᠢ ᠸᠠᠩ ᠵᠡᠭᠦᠨ ᠲᠣᠭᠤᠷᠢᠭ ᠵᠡᠷᠭᠡ ᠪᠠᠷᠢᠯᠭ᠎ᠠ ᠶᠢᠨ ᠲᠤᠬᠠᠢ ᠶᠢᠨ ᠲᠠᠯᠠᠪᠤᠷ ᠲᠤ᠂ ᠪᠠᠷᠢᠯᠭ᠎ᠠ ᠶᠢᠨ ᠠᠵᠢᠯᠲᠠᠳ ᠶᠠᠭᠠᠷᠠᠯᠲᠠᠢ ᠠᠵᠢᠯᠯᠠᠵᠤ ᠪᠠᠶᠢᠨ᠎ᠠ᠂ ᠡᠭᠦᠨ ᠳᠤ ᠰᠢᠨ᠎ᠡ ᠬᠤᠭᠤᠯᠠᠢ ᠳᠡᠪᠢᠰᠬᠦ᠂ ᠵᠠᠯᠭᠠᠰᠤ ᠭᠠᠩᠨᠠᠬᠤ᠂ ᠢᠯᠵᠠᠷᠠᠯ ᠢ ᠰᠡᠷᠭᠡᠶᠢᠯᠡᠨ ᠳᠤᠯᠠᠭᠠᠨ ᠢ ᠬᠠᠳᠠᠭᠠᠯᠠᠬᠤ ᠵᠡᠷᠭᠡ ᠠᠵᠢᠯ ᠪᠠᠭᠲᠠᠭᠠᠵᠤ᠂ ᠡᠯ᠎ᠡ ᠵᠦᠢᠯ ᠤᠨ ᠠᠵᠢᠯ ᠡᠮᠬᠢ ᠵᠢᠷᠤᠮ ᠲᠠᠢ ᠶᠠᠪᠤᠭᠳᠠᠵᠤ᠂ ᠶᠠᠭᠠᠷᠠᠯᠲᠠᠢ ᠪᠠᠶᠢᠳᠠᠯ ᠢᠯᠡᠷᠡᠪᠡ᠃          ᠸᠠᠨ ᠬᠤᠤ ᠮᠢᠩ ᠬᠦᠷᠢᠶᠡᠯᠡᠩ ᠪᠣᠯ ᠲᠣᠰ ᠤᠳᠠᠭᠠᠨ ᠤ ᠢᠯᠴᠢ ᠬᠠᠩᠭᠠᠬᠤ ᠥᠭᠡᠷᠡᠴᠢᠯᠡᠯᠲᠡ ᠶᠢᠨ ᠵᠢᠵᠢᠭ ᠲᠣᠭᠤᠷᠢᠭ ᠤᠨ ᠨᠢᠭᠡ  ᠂ 26 ᠰᠠᠭᠤᠷᠢ᠂ 1830 ᠡᠷᠦᠬᠡ ᠰᠠᠭᠤᠭᠠᠯᠢ ᠠᠷᠠᠳ ᠲᠤ ᠬᠤᠯᠪᠣᠭᠳᠠᠵᠤ᠂ ᠢᠯᠴᠢ ᠬᠠᠩᠭᠠᠬᠤ ᠲᠠᠯᠠᠪᠠᠶ ᠨᠢ ᠨᠡᠶᠢᠲᠡ 21.26 ᠲᠦᠮᠡᠨ ᠲᠡᠭᠰᠢ ᠳᠥᠷᠪᠡᠯᠵᠢᠨ ᠮᠧᠲᠷ ᠪᠣᠯᠣᠨ᠎ᠠ᠃ ᠢᠯᠴᠢ ᠬᠠᠩᠭᠠᠬᠤ ᠬᠤᠭᠤᠯᠠᠢ ᠤᠳᠠᠭᠠᠨ ᠵᠢᠯ ᠬᠠᠭᠤᠴᠢᠷᠠᠭᠰᠠᠨ ᠠᠴᠠ ᠣᠯᠠᠨ ᠤᠳᠠᠭ᠎ᠠ ᠭᠤᠭᠤᠵᠢᠬᠤ ᠦᠵᠡᠭᠳᠡᠯ ᠭᠠᠷᠪᠠ᠃ ᠥᠭᠡᠷᠡᠴᠢᠯᠡᠨ ᠪᠠᠶᠢᠭᠤᠯᠵᠤ ᠳᠠᠭᠤᠰᠤᠭᠰᠠᠨ ᠤ ᠳᠠᠷᠠᠭ᠎ᠠ᠂ ᠰᠠᠭᠤᠭᠠᠯᠢ ᠠᠷᠠᠳ ᠤᠨ ᠣᠷᠳᠣ ᠬᠤᠭᠤᠴᠠᠭᠠᠨ ᠤ ᠲᠤᠷᠰᠢ ᠢᠯᠴᠢ ᠬᠠᠩᠭᠠᠬᠤ ᠬᠦᠴᠢᠷ ᠠᠰᠠᠭᠤᠳᠠᠯ ᠰᠠᠶᠢᠵᠢᠷᠠᠯᠲᠠ ᠲᠠᠢ ᠪᠣᠯᠣᠨ᠎ᠠ᠃
     ︽ᠲᠣᠰ ᠤᠳᠠᠭᠠᠨ ᠤ ᠥᠭᠡᠷᠡᠴᠢᠯᠡᠯᠲᠡ ᠭᠤᠣᠯᠳᠠᠭᠤ ᠭᠠᠵᠠᠷ ᠳᠣᠣᠷᠠᠬᠢ ᠬᠤᠭᠤᠯᠠᠢ ᠶᠢᠨ ᠲᠣᠣᠷ᠂ ᠨᠢᠭᠡᠴᠢ ᠶᠢᠨ ᠳᠣᠲᠣᠷᠠᠬᠢ ᠬᠤᠭᠤᠯᠠᠢ ᠭᠤᠤᠷᠰᠤ ᠪᠠ ᠬᠠᠭᠠᠵᠤ ᠲᠠᠰᠤᠯᠤᠭᠰᠠᠨ ᠨᠡᠭᠡᠯᠡᠭᠡᠢ ᠳᠤ ᠴᠢᠭᠯᠡᠭᠦᠯᠦᠨ ᠪᠥᠬᠦ ᠲᠠᠯ᠎ᠠ ᠪᠠᠷ ᠲᠠᠰ ᠳᠡᠪᠰᠢᠭᠦᠯᠬᠦ ᠪᠠ ᠰᠣᠯᠢᠵᠤ᠂ ᠥᠭᠡᠷᠡᠴᠢᠯᠡᠵᠦ ᠳᠠᠭᠤᠰᠤᠭᠰᠠᠨ ᠤ ᠳᠠᠷᠠᠭ᠎ᠠ ᠰᠠᠭᠤᠭᠠᠯᠢ ᠠᠷᠠᠳ ᠤᠨ ᠬᠡᠪ ᠤᠨ ᠶᠣᠰᠣᠭᠠᠷ ᠢᠯᠴᠢ ᠬᠡᠷᠡᠭᠯᠡᠬᠦ ᠪᠠ ᠢᠯᠴᠢ ᠴᠠᠬᠢᠯᠭᠠᠨ ᠤ ᠦᠢᠯᠡᠳᠪᠦᠷᠢ ᠶᠢ ᠰᠡᠯᠪᠢᠨ ᠵᠠᠰᠠᠬᠤ ᠳᠤ ᠲᠥᠬᠦᠮ ᠪᠣᠯᠭᠠᠪᠠ᠃ ᠢᠷᠡᠭᠡᠳᠦᠢ ᠳᠤ ᠪᠠᠴᠢᠮ ᠵᠠᠪᠳᠤᠨ ᠵᠠᠰᠠᠬᠤ ᠦᠶ᠎ᠡ ᠳᠤ ᠶᠡᠭᠡ ᠬᠡᠪᠴᠢᠶ᠎ᠡ ᠪᠠᠷ ᠬᠠᠩᠭᠠᠬᠤ ᠪᠠᠶᠢᠳᠠᠯ ᠭᠠᠷᠬᠤ ᠠᠴᠠ ᠪᠦᠲᠦᠮᠵᠢᠲᠡᠶ ᠪᠠᠷ ᠵᠠᠶᠢᠯᠠᠰᠬᠢᠵᠦ᠂ ᠰᠠᠭᠤᠭᠠᠯᠢ ᠠᠷᠠᠳ ᠤᠨ ᠢᠯᠴᠢ ᠬᠠᠩᠭᠠᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ ᠪᠣᠯᠣᠨ᠎ᠠ᠃ ᠣᠳᠣᠬᠠᠨ ᠳᠤ ᠪᠠᠷᠢᠯᠭ᠎ᠠ ᠨᠢᠭᠡᠨᠲᠡ ᠰᠡᠭᠦᠯ ᠬᠤᠷᠢᠶᠠᠬᠤ ᠱᠠᠲᠤᠨ ᠳᠤ ᠣᠷᠤᠵᠦ  ᠂ ᠸᠠᠨ ᠬᠤᠤ ᠮᠢᠩ ᠶᠤᠸᠠᠨ ᠪᠠᠷᠢᠯᠭ᠎ᠠ ᠶᠢᠨ ᠠᠵᠢᠯ ᠤᠨ ᠬᠠᠷᠢᠭᠤᠴᠠᠯᠭᠠᠲᠠᠨ ᠬᠦᠬᠡᠬᠤᠳᠠ ᠶᠢᠨ ᠶᠢᠨ ᠴᠢᠶᠣᠤ ᠢᠯᠴᠢ ᠶᠢᠨ ᠴᠠᠬᠢᠯᠭᠠᠨ ᠤ ᠦᠢᠯᠡᠳᠪᠦᠷᠢ ᠶᠢᠨ ᠢᠯᠴᠢ ᠶᠢᠨ ᠲᠣᠣᠷ ᠤᠨ ᠶᠠᠮᠤᠨ ᠤ ᠰᠠᠶᠢᠳ ᠤᠨ ᠲᠤᠰᠠᠯᠠᠭᠴᠢ  ᠬᠦ ᠯᠢ  ᠬᠦᠢ ᠬᠡᠯᠡᠪᠡ᠃          ︽ᠳᠤᠯᠠᠭᠠᠨ ᠢᠨᠵᠧᠨᠧᠷᠢᠩ︾ ᠨᠢ ᠲᠦᠭ ᠲᠦᠮᠡᠨ ᠠᠶᠢᠯ ᠡᠷᠦᠬᠡ ᠶᠢᠨ ᠠᠮᠤᠷ ᠲᠠᠶᠢᠪᠤᠩ ᠪᠠ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠵᠤ ᠪᠠᠶᠢᠳᠠᠭ᠃ ︽ᠳᠤᠯᠠᠭᠠᠨ ᠪᠦᠯᠢᠶᠡᠨ ᠢᠨᠵᠧᠨᠧᠷᠢᠩ︾ ᠢ ᠴᠢᠨᠠᠷ ᠰᠠᠶᠢᠲᠠᠢ ᠠᠬᠢᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠡᠮᠦᠨ᠎ᠡ ᠬᠤᠭᠤᠴᠠᠭᠠᠨ ᠳᠤ ᠰᠠᠭᠤᠭᠠᠯᠢ ᠲᠣᠭᠤᠷᠢᠭ ᠢ ᠨᠡᠶᠢᠳᠡᠮ ᠵᠢᠭᠰᠠᠭᠠᠨ ᠪᠠᠶᠢᠴᠠᠭᠠᠵᠤ᠂ ᠣᠯᠠᠨ ᠲᠦᠮᠡᠨ ᠤ ᠲᠤᠰᠬᠠᠯ ᠶᠡᠬᠡᠲᠡᠢ ᠰᠠᠭᠤᠭᠠᠯᠢ ᠲᠣᠭᠤᠷᠢᠭ ᠲᠤ ᠠᠵᠢᠯ ᠲᠥᠷᠥᠯ ᠤᠨ ᠲᠤᠰᠬᠠᠢ ᠮᠡᠷᠭᠡᠵᠢᠯᠲᠡᠨ ᠢ ᠤᠷᠢᠵᠤ ᠶᠡᠷᠦᠩᠬᠡᠶᠢᠯᠡᠨ ᠥᠭᠡᠷᠡᠴᠢᠯᠡᠬᠦ ᠲᠥᠰᠥᠯ ᠲᠣᠭᠲᠠᠭᠠᠨ᠂ ᠢᠯᠴᠢ ᠬᠠᠩᠭᠠᠬᠤ ᠳᠠᠯᠳᠠ ᠬᠡᠮ ᠢ ᠦᠨᠳᠦᠰᠦ ᠰᠤᠷᠪᠤᠯᠵᠢ ᠠᠴᠠ ᠨᠢ ᠠᠷᠢᠯᠭᠠᠬᠤ ᠪᠠᠷ ᠴᠢᠷᠮᠠᠶᠢᠵᠤ ᠪᠠᠶᠢᠨ᠎ᠠ᠃
     ︽ᠲᠣᠰ ᠤᠳᠠᠭᠠᠨ ᠤ ᠥᠭᠡᠷᠡᠴᠢᠯᠡᠯᠲᠡ ᠳᠤ ᠭᠤᠣᠯᠳᠠᠭᠤ ᠬᠠᠭᠤᠴᠢᠨ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠲᠣᠣᠷ ᠢ ᠰᠣᠯᠢᠬᠤ᠂ ᠨᠡᠭᠡᠯᠡᠭᠡᠢ ᠶᠢ ᠨᠡᠮᠡᠨ ᠲᠣᠬᠢᠷᠠᠭᠤᠯᠬᠤ ᠪᠠᠷ ᠳᠠᠮᠵᠢᠭᠤᠯᠤᠨ᠂ ᠵᠢᠵᠢᠭ ᠲᠣᠭᠤᠷᠢᠭ᠂ ᠠᠰᠠᠷ ᠤᠨ ᠰᠠᠭᠤᠷᠢ᠂ ᠨᠢᠭᠡᠴᠡ ᠶᠢᠨ ᠨᠠᠷᠢᠯᠢᠭ ᠣᠨᠣᠴᠠᠲᠠᠢ ᠪᠠᠷ ᠡᠵᠡᠮᠳᠡᠬᠦ ᠶᠢ ᠬᠡᠷᠡᠭᠵᠢᠭᠦᠯᠦᠨ᠎ᠡ᠃ ᠬᠤᠭᠤᠯᠠᠢ ᠲᠣᠣᠷ ᠤᠨ ᠪᠠᠶᠢᠷᠢᠰᠢᠭᠤᠯᠤᠯᠲᠠ ᠶᠢᠨ ᠵᠢᠷᠤᠭ ᠲᠥᠯᠥᠪᠯᠡᠭᠡ ᠵᠢᠴᠢ ᠢᠯᠴᠢ ᠰᠣᠯᠢᠯᠴᠠᠬᠤ ᠥᠷᠲᠡᠭᠡ ᠶᠢᠨ ᠳᠣᠲᠣᠭᠠᠳᠤ ᠲᠥᠬᠦᠭᠡᠷᠦᠮᠵᠢ ᠶᠢ ᠪᠦᠬᠦ ᠲᠠᠯ᠎ᠠ ᠪᠠᠷ ᠳᠡᠰ ᠳᠡᠪᠰᠢᠭᠦᠯᠵᠦ᠂ ᠢᠯᠴᠢ ᠬᠠᠩᠭᠠᠬᠤ ᠰᠢᠰᠲ᠋ᠧᠮ ᠤᠨ ᠪᠦᠬᠦᠯᠢ ᠴᠣᠭᠴᠠ ᠶᠢᠨ ᠦᠢᠯᠡᠳᠦᠯ ᠴᠢᠳᠠᠪᠤᠷᠢ ᠪᠠ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︾ ᠭᠡᠵᠦ ᠰᠠᠶᠢᠬᠠᠨ ᠲᠣᠭᠤᠷᠢᠭ ᠤᠨ ᠣᠷᠤᠰᠢᠨ ᠰᠠᠭᠤᠬᠤ ᠣᠷᠴᠢᠨ ᠲᠣᠭᠤᠷᠢᠨ ᠤ ᠬᠥᠭᠵᠢᠯᠲᠡ ᠶᠢ ᠠᠬᠢᠭᠤᠯᠬᠤ ᠲᠥᠪ  ᠤᠨ ᠠᠵᠢᠯᠲᠠᠨ ᠯᠢ ᠢᠦᠢ  ᠰᠢᠶᠣᠦ ᠲᠠᠨᠢᠯᠴᠠᠭᠤᠯᠪᠠ᠃
     ᠣᠶᠢᠯᠠᠭᠠᠭᠰᠠᠨ ᠢᠶᠠᠷ᠂ ᠰᠠᠶᠢᠬᠠᠨ ᠲᠣᠭᠤᠷᠢᠭ ᠤᠨ ︽ᠳᠤᠯᠠᠭᠠᠨ ᠢᠨᠵᠧᠨᠧᠷᠢᠩ︾ ᠤᠨ ᠶᠡᠷᠦᠩᠬᠡᠢ ᠪᠡᠯᠡ ᠣᠷᠣᠭᠤᠯᠤᠯᠲᠠ 63710.76 ᠲᠦᠮᠡᠨ ᠲᠥᠭᠦᠷᠢᠭ ᠲᠤ ᠬᠦᠷᠴᠦ᠂ 497 ᠵᠢᠵᠢᠭ ᠲᠣᠭᠤᠷᠢᠭ᠂ 237 ᠢᠯᠴᠢ ᠰᠣᠯᠢᠯᠴᠠᠬᠤ ᠥᠷᠲᠡᠭᠡ ᠳᠤ ᠠᠰᠢᠭ ᠬᠦᠷᠲᠡᠭᠡᠵᠦ᠂ 18.3 ᠲᠦᠮᠡᠨ ᠡᠷᠦᠬᠡ ᠰᠠᠭᠤᠭᠠᠯᠢ ᠠᠷᠠᠳ ᠢ ᠬᠠᠮᠤᠷᠴᠤ᠂ ᠢᠯᠴᠢ ᠬᠠᠩᠭᠠᠭᠰᠠᠨ ᠲᠠᠯᠠᠪᠠᠢ 5175.38 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠡᠢ᠃ ᠯᠢᠦ ᠴᠧᠩ ᠵᠢᠵᠢᠭ ᠲᠣᠭᠤᠷᠢᠭ ᠵᠢᠴᠢ ᠬᠠᠭᠠᠰ ᠠᠴᠠ ᠳᠡᠭᠡᠭᠰᠢᠬᠢ ᠢᠯᠴᠢ ᠰᠣᠯᠢᠬᠤ ᠥᠷᠲᠡᠭᠡ ᠶᠢ ᠥᠭᠡᠷᠡᠴᠢᠯᠡᠨ ᠰᠠᠶᠢᠵᠢᠷᠠᠭᠤᠯᠵᠤ᠂ ᠪᠦᠬᠦᠯᠢ ᠴᠣᠭᠴᠠ ᠶᠢᠨ ᠢᠨᠵᠧᠨᠧᠷᠢᠩ 9 ᠰᠠᠷ᠎ᠠ ᠶᠢᠨ 15 ᠤ ᠡᠳᠦᠷ ᠠᠴᠠ ᠡᠮᠦᠨ᠎ᠡ ᠪᠠᠷᠢᠯᠭ᠎ᠠ ᠲᠠᠭᠤᠰᠴᠦ᠂ ᠲᠠᠷᠠᠭᠠᠴᠢ ᠶᠢᠨ ᠢᠯᠴᠢ ᠬᠠᠩᠭᠠᠬᠤ ᠦᠶᠡᠯᠡᠯ ᠤᠨ ᠬᠤᠭᠤᠴᠠᠭᠠᠨ ᠳᠠᠬᠢ ᠢᠯᠴᠢ ᠬᠠᠩᠭᠠᠬᠤ ᠤᠯᠠᠷᠢᠯ ᠳᠤ ᠪᠠᠲᠤ ᠪᠠᠬᠢ ᠰᠠᠭᠤᠷᠢ ᠶᠢ ᠲᠠᠯᠪᠢᠬᠤ ᠪᠣᠯᠣᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号