ᠠᠬᠢᠭᠤᠯᠬᠤ ᠮᠠᠶ᠋ᠢᠭ ᠤᠨ ᠴᠠᠭ ᠠᠭᠤᠷ ᠤᠨ ᠦᠢᠯᠡᠴᠢᠯᠡᠭᠡ ᠬᠠᠩᠭᠠᠨ᠎ᠠ
ᠨᠡᠶᠢᠲᠡᠯᠡᠭᠰᠡᠨ ᠴᠠᠭ᠄
2024/7/10
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠤᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠬᠢᠭᠤᠯᠬᠤ ᠮᠠᠶ᠋ᠢᠭ ᠤᠨ ᠴᠠᠭ ᠠᠭᠤᠷ ᠤᠨ ᠦᠢᠯᠡᠴᠢᠯᠡᠭᠡᠨ ᠤ ᠠᠵᠢᠯ ᠤᠨ ᠨᠠᠷᠢᠨ ᠳᠦᠷᠢᠮ ( ᠲᠤᠷᠰᠢᠨ ᠬᠡᠷᠡᠭᠵᠢᠭᠦᠯᠬᠦ )︾ ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ ᠤᠨ  ︽131631︾ᠠᠬᠢᠭᠤᠯᠬᠤ ᠮᠠᠶ᠋ᠢᠭ ᠤᠨ ᠴᠠᠭ ᠠᠭᠤᠷ ᠤᠨ ᠦᠢᠯᠡᠴᠢᠯᠡᠭᠡᠨ ᠤ ᠪᠣᠳᠠᠲᠠᠢ ᠡᠭᠦᠷᠭᠡ ᠶᠢᠨ ᠠᠭᠤᠯᠭ᠎ᠠ ᠶᠢ ᠲᠣᠳᠣᠷᠬᠠᠶᠢᠯᠠᠵᠤ᠂ ᠭᠠᠮᠰᠢᠭ ᠤᠨ ᠴᠢᠨᠠᠷᠲᠠᠢ ᠴᠠᠭ ᠠᠭᠤᠷ ᠤᠨ ᠬᠠᠮᠲᠤᠷᠠᠨ ᠰᠡᠷᠭᠡᠶᠢᠯᠡᠵᠦ ᠬᠠᠮᠲᠤᠷᠠᠨ ᠬᠥᠳᠡᠯᠦᠯᠴᠡᠬᠦ ᠶᠢ ᠵᠢᠷᠤᠮᠵᠢᠭᠤᠯᠪᠠ᠃      ︽131631︾ᠠᠬᠢᠭᠤᠯᠬᠤ ᠮᠠᠶ᠋ᠢᠭ ᠤᠨ ᠴᠠᠭ ᠠᠭᠤᠷ ᠤᠨ ᠦᠢᠯᠡᠴᠢᠯᠡᠭᠡ ᠭᠡᠳᠡᠭ ᠪᠣᠯ ᠭᠠᠷᠠᠭ ᠢᠯᠡᠭᠦᠦ  ᠶᠢᠨ ᠡᠮᠦᠨ᠎ᠡ ᠠᠴᠠ ᠴᠠᠭ ᠠᠭᠤᠷ ᠤᠨ ᠬᠠᠨᠳᠤᠰᠢ ᠶᠢ ᠤᠷᠢᠳᠴᠢᠯᠠᠨ ᠲᠥᠰᠥᠭᠡᠯᠡᠬᠦ ᠪᠠ ᠭᠠᠮᠰᠢᠭᠲᠤ ᠴᠠᠭ ᠠᠭᠤᠷ ᠢ ᠤᠷᠢᠳᠴᠢᠯᠠᠨ ᠮᠡᠳᠡᠭᠡᠯᠡᠵᠦ᠂ 3 ᠡᠳᠦᠷ ᠤᠨ ᠡᠮᠦᠨ᠎ᠡ ᠭᠠᠮᠰᠢᠭᠲᠤ ᠴᠠᠭ ᠠᠭᠤᠷ ᠤᠨ ᠢᠯᠡᠷᠡᠬᠦ ᠣᠷᠣᠨ ᠪᠠ ᠲᠣᠭᠲᠠᠭᠰᠠᠨ ᠴᠠᠭ ᠢ ᠤᠷᠢᠳᠴᠢᠯᠠᠨ ᠮᠡᠳᠡᠭᠡᠯᠡᠵᠦ᠂ ᠭᠠᠮᠰᠢᠭᠲᠤ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠭᠦ ᠮᠡᠳᠡᠭᠡ ᠵᠠᠩᠭᠢ ᠶᠢ 1 ᠡᠳᠦᠷ ᠤᠨ ᠡᠮᠦᠨ᠎ᠡ ᠠᠴᠠ ᠤᠷᠢᠳᠴᠢᠯᠠᠨ ᠨᠡᠶᠢᠲᠡᠯᠡᠵᠦ᠂ ᠭᠠᠮᠰᠢᠭᠲᠤ ᠴᠠᠭ ᠠᠭᠤᠷ ᠢᠯᠡᠷᠡᠬᠦ ᠣᠷᠣᠨ ᠤ ᠤᠷᠢᠳᠴᠢᠯᠠᠭᠰᠠᠨ ᠮᠡᠳᠡᠭᠡ ᠶᠢ 6 ᠴᠠᠭ ᠳᠠᠷᠠᠭᠠᠯᠠᠨ ᠰᠢᠨᠡᠳᠬᠡᠵᠦ᠂ 3 ᠴᠠᠭ ᠳᠠᠷᠠᠭᠠᠯᠠᠨ ᠤᠷᠢᠳᠴᠢᠯᠠᠨ ᠰᠡᠷᠡᠮᠵᠢᠯᠡᠭᠦᠯᠭᠦ ᠮᠡᠳᠡᠭᠡ ᠵᠠᠩᠭᠢ ᠶᠢᠨ ᠵᠢᠯᠣᠭᠤᠳᠤᠯᠭ᠎ᠠ ᠬᠢᠵᠦ᠂ ᠴᠠᠭ ᠠᠭᠤᠷ ᠤᠨ ᠲᠦᠭᠰᠢᠭᠦᠷᠢ ᠶᠢᠨ ᠭᠠᠮᠰᠢᠭ ᠤᠨ ᠡᠮᠦᠨᠡᠬᠢ ᠦᠢᠯᠡᠴᠢᠯᠡᠭᠡ ᠶᠢ 1 ᠴᠠᠭ ᠤᠷᠢᠳᠴᠢᠯᠠᠨ ᠬᠠᠩᠭᠠᠬᠤ ᠶᠢ ᠵᠢᠭᠠᠵᠤ ᠪᠤᠶ᠃ ᠡᠭᠦᠨ ᠳᠤ᠂ ᠵᠢᠱᠢᠯᠲᠡ ᠪᠠᠷ ᠢᠷᠡᠬᠦ 3 ᠡᠳᠦᠷ ᠤᠨ ᠭᠠᠮᠰᠢᠭᠲᠤ ᠴᠠᠭ ᠠᠭᠤᠷ ᠤᠨ ᠶᠠᠪᠤᠴᠠ ᠶᠢᠨ ᠨᠥᠯᠥᠭᠡ ᠨᠢ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ᠪᠠᠷᠢᠮᠵᠢᠶ᠎ᠠ ᠶᠢ ᠡᠬᠢᠯᠡᠭᠦᠯᠬᠦ ᠳᠤ ᠬᠦᠷᠬᠦ ᠦᠶ᠎ᠡ ᠳᠤ᠂ ᠴᠠᠭ ᠠᠭᠤᠷ ᠤᠨ ᠰᠠᠯᠠᠭ᠎ᠠ ᠮᠥᠴᠢᠷ ︽ᠭᠠᠮᠰᠢᠭ ᠢ ᠰᠡᠷᠡᠮᠵᠢᠯᠡᠭᠦᠯᠭᠦ ᠰᠠᠨᠠᠭᠤᠯᠤᠮᠵᠢ︾ ᠶᠢᠨ ᠦᠢᠯᠡᠴᠢᠯᠡᠭᠡ ᠬᠠᠩᠭᠠᠵᠤ᠂ ᠢᠷᠡᠬᠦ 3 ᠡᠳᠦᠷ ᠤᠨ ᠭᠠᠮᠰᠢᠭᠲᠤ ᠴᠠᠭ ᠠᠭᠤᠷ ᠤᠨ ᠶᠠᠪᠤᠴᠠ ᠶᠢᠨ ᠤᠷᠢᠳᠴᠢᠯᠠᠭᠰᠠᠨ ᠮᠡᠳᠡᠭᠡ ᠪᠣᠯᠣᠨ ᠢᠷᠡᠬᠦ 3 ᠡᠳᠦᠷ ᠤᠨ ᠭᠤᠣᠯ ᠪᠤᠯᠬᠤ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠤᠷᠢᠳᠴᠢᠯᠠᠨ ᠵᠢᠱᠢᠬᠦ ᠦᠢᠯᠡᠴᠢᠯᠡᠭᠡ ᠶᠢ ᠬᠠᠩᠭᠠᠬᠤ ᠪᠤᠯᠣᠨ᠎ᠠ; ᠭᠠᠮᠰᠢᠭᠲᠤ ᠴᠠᠭ ᠠᠭᠤᠷ ᠡᠭᠦᠰᠬᠦ ᠠᠴᠠ ᠡᠮᠦᠨᠡᠬᠢ 3 ᠡᠳᠦᠷ ᠠᠴᠠ 1 ᠴᠠᠭ ᠵᠢᠴᠢ ᠭᠠᠮᠰᠢᠭᠲᠤ ᠴᠠᠭ ᠠᠭᠤᠷ ᠤᠨ ᠶᠠᠪᠤᠴᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠤᠭᠤᠴᠠᠭᠠᠨ ᠳᠤ᠂ ᠴᠠᠭ ᠠᠭᠤᠷ ᠤᠨ ᠰᠠᠯᠠᠭ᠎ᠠ ᠮᠥᠴᠢᠷ ᠤᠳ ᠳᠡᠭᠡᠳᠦ ᠲᠠᠰ ᠤᠨ ᠴᠠᠭ ᠠᠭᠤᠷ ᠤᠨ ᠭᠠᠮᠰᠢᠭ ᠢ ᠰᠡᠷᠡᠮᠵᠢᠯᠡᠭᠦᠯᠭᠦ ︽ᠳᠠᠭᠤᠳᠠᠨ ᠬᠠᠷᠢᠭᠤᠯᠬᠤ︾ ᠦᠢᠯᠡᠴᠢᠯᠡᠭᠡᠨ ᠤ ᠪᠠᠷᠢᠮᠵᠢᠶ᠎ᠠ ᠪᠣᠯᠣᠨ ᠠᠵᠢᠯ ᠤᠨ ᠳᠠᠷᠠᠭᠠᠯᠠᠯ ᠤᠨ ᠶᠣᠰᠣᠭᠠᠷ ᠦᠢᠯᠡᠴᠢᠯᠡᠭᠡ ᠬᠠᠩᠭᠠᠵᠤ᠂ ᠴᠠᠭ ᠠᠭᠤᠷ ᠤᠨ ᠭᠠᠮᠰᠢᠭ ᠤᠨ ᠲᠦᠭᠰᠢᠭᠦᠷᠢ ᠳᠤ ᠦᠨᠡᠯᠡᠨ ᠵᠢᠱᠢᠯᠲᠡ ᠬᠢᠵᠦ᠂ ᠢᠷᠡᠭᠡᠳᠦᠢ ᠶᠢᠨ ᠭᠠᠮᠰᠢᠭᠲᠤ ᠴᠠᠭ ᠠᠭᠤᠷ ᠤᠨ ᠭᠠᠮᠰᠢᠭ ᠡᠭᠦᠰᠬᠡᠬᠦ ᠲᠦᠭᠰᠢᠭᠦᠷᠢ᠂ ᠲᠦᠭᠰᠢᠭᠦᠷᠢ ᠶᠡᠬᠡᠲᠡᠢ ᠣᠷᠣᠨ ᠪᠦᠰᠡ᠂ ᠦᠷᠭᠦᠯᠵᠢᠯᠡᠬᠦ ᠴᠠᠭ ᠬᠤᠭᠤᠴᠠᠭ᠎ᠠ᠂ ᠳᠠᠭᠤᠰᠬᠤ ᠴᠠᠭ ᠬᠤᠭᠤᠴᠠᠭ᠎ᠠ᠂ ᠬᠦᠴᠦᠯᠡᠴᠡ ᠵᠢᠴᠢ ᠤᠴᠠᠷᠠᠭᠤᠯᠵᠤ ᠮᠡᠳᠡᠬᠦ ᠭᠠᠮᠰᠢᠭ ᠤᠨ ᠨᠥᠯᠥᠭᠡ ᠶᠢ ᠰᠡᠷᠭᠡᠶᠢᠯᠡᠨ ᠬᠤᠷᠢᠭᠯᠠᠬᠤ ᠰᠠᠨᠠᠭᠤᠯᠭ᠎ᠠ ᠳᠤᠷᠠᠳᠤᠨ᠎ᠠ᠃      ᠭᠤᠣᠯ ᠦᠶᠡᠷ ᠤᠨ ᠬᠤᠭᠤᠴᠠᠭ᠎ᠠ ᠪᠤᠯᠬᠤ ᠭᠡᠵᠦ ᠪᠠᠶᠢᠭ᠎ᠠ ᠪᠣᠯᠬᠤᠷ᠂ ᠮᠠᠨ ᠤ ᠣᠷᠣᠨ ᠤ ᠴᠠᠭ ᠠᠭᠤᠷ ᠤᠨ ᠰᠠᠯᠠᠭ᠎ᠠ ᠮᠥᠴᠢᠷ ᠤᠳ ᠬᠢᠨᠠᠨ ᠬᠡᠮᠵᠢᠬᠦ ᠪᠠᠨ ᠨᠠᠷᠢᠯᠢᠭ ᠪᠠᠶᠢᠯᠭᠠᠬᠤ᠂ ᠤᠷᠢᠳᠴᠢᠯᠠᠨ ᠮᠡᠳᠡᠭᠡᠯᠡᠬᠦ ᠪᠠᠨ ᠣᠨᠣᠪᠴᠢᠲᠠᠶ ᠪᠠᠶᠢᠯᠭᠠᠬᠤ᠂ ᠦᠢᠯᠡᠴᠢᠯᠡᠭᠡ ᠪᠠᠨ ᠨᠠᠷᠢᠯᠢᠭ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠴᠠᠭ ᠠᠭᠤᠷ ᠤᠨ ᠬᠤᠪᠢᠷᠠᠯᠲᠠ ᠶᠢ ᠨᠢᠭᠲᠠ ᠠᠵᠢᠭᠯᠠᠨ᠂ ᠣᠬᠤᠷ ᠬᠤᠭᠤᠴᠠᠭᠠᠨ ᠤ ᠰᠢᠷᠦᠭᠦᠨ ᠪᠣᠷᠣᠭᠠᠨ᠂ ᠮᠥᠨᠳᠥᠷ᠂ ᠠᠶᠤᠩᠭ᠎ᠠ ᠴᠠᠭᠢᠯᠭᠠᠨ᠂ ᠬᠤᠶ ᠰᠠᠯᠬᠢ ᠵᠡᠷᠭᠡ ᠴᠢᠩᠭ᠎ᠠ ᠰᠣᠯᠢᠭ ᠤᠷᠤᠰᠬᠠᠯ ᠤᠨ ᠴᠠᠭ ᠠᠭᠤᠷ ᠢ ᠬᠢᠨᠠᠨ ᠬᠡᠮᠵᠢᠬᠦ᠂ ᠤᠷᠢᠳᠴᠢᠯᠠᠨ ᠮᠡᠳᠡᠭᠡᠯᠡᠬᠦ᠂ ᠰᠡᠷᠡᠮᠵᠢᠯᠡᠭᠦᠯᠭᠦ ᠦᠢᠯᠡᠴᠢᠯᠡᠭᠡ ᠪᠠᠨ ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠰᠠᠬᠢᠨ᠎ᠠ᠃ ᠡᠭᠦᠨ ᠤ ᠬᠠᠮᠲᠤ ᠬᠥᠮᠥᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠯᠤᠭᠤᠳᠬᠤ ᠭᠠᠵᠠᠷ ᠤᠨ ᠪᠦᠷᠢᠯᠳᠦᠭᠦᠨ ᠨᠢᠭᠡᠴᠢ ᠯᠦᠭᠡ ᠪᠠᠴᠢᠮ ᠪᠠᠶᠢᠳᠠᠯ ᠢ ᠠᠷᠭᠠᠴᠠᠭᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠠᠭ ᠠᠭᠤᠷ ᠤᠨ ᠦᠢᠯᠡᠴᠢᠯᠡᠭᠡᠨ ᠤ ᠮᠡᠳᠡᠭᠡ ᠵᠠᠩᠭᠢ ᠶᠢ ᠨᠡᠶᠢᠭᠡᠮ ᠬᠢᠭᠡᠳ ᠣᠯᠠᠨ ᠨᠡᠶᠢᠲᠡ ᠳᠤ ᠴᠠᠭ ᠲᠤᠬᠠᠢ ᠳᠤᠨᠢ ᠨᠡᠶᠢᠲᠡᠯᠡᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠨᠢᠭᠡᠳᠦᠭᠡᠷ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠲᠤ ᠪᠠᠬᠢ ᠪᠠᠶᠢᠭᠤᠯᠬᠤ ᠪᠣᠯᠣᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号