ᠬᠥᠬᠡᠬᠤᠲᠠ ᠶᠢᠨ ᠲᠠᠪᠤᠳᠤᠭᠠᠷ ᠬᠤᠭᠤᠴᠠᠭᠠᠨ ᠤ ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠷᠤᠯᠳᠤᠭᠠᠨ ᠤ ᠪᠡᠯᠡᠳᠬᠡᠯ ᠤᠷᠤᠯᠳᠤᠭᠠᠨ ᠡᠬᠢᠯᠡᠵᠦ᠂ ᠰᠠᠶᠢᠬᠠᠨ ᠲᠣᠭᠤᠷᠢᠭ ᠤᠨ ᠮᠢᠩᠭ᠎ᠠ ᠭᠠᠷᠤᠢ ᠪᠢᠴᠢᠬᠠᠨ ᠲᠠᠮᠢᠷᠴᠢᠨ ᠣᠷᠤᠯᠴᠠᠪᠠ
ᠨᠡᠶᠢᠲᠡᠯᠡᠭᠰᠡᠨ ᠴᠠᠭ᠄
2024/7/11
     ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠵᠦ᠂ ᠬᠡᠦᠬᠡᠳ ᠤᠨ ᠰᠢᠨ᠎ᠡ  ᠶᠢ ᠡᠭᠦᠳᠴᠦ ᠡᠭᠦᠳᠦᠨ ᠪᠦᠲᠦᠭᠡᠬᠦ ᠤᠬᠠᠮᠰᠠᠷ ᠢ ᠬᠦᠭᠵᠢᠭᠦᠯᠬᠦ ᠶᠢᠨ ᠲᠥᠯᠥᠭᠡ᠂ 7 ᠰᠠᠷ᠎ᠠ ᠶᠢᠨ 7 ᠤ ᠦᠳᠡ ᠶᠢᠨ ᠡᠮᠦᠨ᠎ᠡ᠂ ᠰᠠᠶᠢᠬᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠰᠠᠶᠢᠬᠠᠨ ᠲᠣᠭᠤᠷᠢᠭ ᠤᠨ ᠰᠤᠷᠭᠠᠨ ᠬᠥᠮᠦᠵᠢᠯ  ᠤᠨ ᠲᠣᠪᠴᠢᠶ᠎ᠠ᠂ ᠡᠪ ᠬᠠᠮᠲᠤ ᠵᠠᠯᠠᠭᠤᠴᠤᠳ ᠤᠨ ᠡᠪᠯᠡᠯ  ᠤᠨ ᠰᠠᠶᠢᠬᠠᠨ ᠲᠣᠭᠤᠷᠢᠭ ᠤᠨ ᠬᠤᠷᠢᠶ᠎ᠠ ᠠᠴᠠ ᠭᠤᠣᠯᠯᠠᠨ ᠡᠷᠬᠢᠯᠡᠵᠦ᠂ ᠬᠥᠬᠡᠬᠤᠲᠠ ᠶᠢᠨ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠨᠡᠶᠢᠭᠡᠮᠯᠢᠭ᠂ ᠪᠡᠭᠡᠵᠢᠩ  ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ ᠬᠠᠮᠲᠤᠷᠠᠨ ᠡᠷᠬᠢᠯᠡᠭᠰᠡᠨ ᠬᠥᠬᠡᠬᠤᠲᠠ ᠶᠢᠨ ᠲᠠᠪᠤᠳᠤᠭᠠᠷ ᠬᠤᠭᠤᠴᠠᠭᠠᠨ ᠤ ᠪᠠᠭᠠᠴᠤᠳ ᠬᠡᠦᠬᠡᠳ  ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠷᠤᠯᠳᠤᠭᠠᠨ ᠤ ᠰᠠᠶᠢᠬᠠᠨ ᠲᠣᠭᠤᠷᠢᠭ ᠤᠨ ᠪᠡᠯᠡᠳᠬᠡᠯ ᠤᠷᠤᠯᠳᠤᠭᠠᠨ ᠵᠢᠩᠬᠢᠨᠢ ᠪᠠᠷ ᠡᠬᠢᠯᠡᠪᠡ᠃
     ᠲᠣᠰ ᠤᠳᠠᠭᠠᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠷᠤᠯᠳᠤᠭᠠᠨ ᠨᠢ ᠪᠥᠬᠦ ᠲᠣᠭᠤᠷᠢᠭ ᠤᠨ 7 - 14 ᠨᠠᠰᠤᠨ ᠤ ᠵᠠᠯᠠᠭᠤᠴᠤᠳ ᠪᠠᠭᠠᠴᠤᠳ ᠲᠤ ᠬᠠᠨᠳᠤᠭᠤᠯᠵᠤ᠂ ᠰᠦᠯᠵᠢᠶᠡᠨ ᠳᠡᠭᠡᠷᠡᠬᠢ ᠪᠦᠲᠦᠭᠡᠯᠴᠢ ᠰᠡᠳᠦᠪ ᠤᠨ ᠫᠷᠣᠭ᠍ᠷᠠᠮ ᠨᠠᠶᠢᠷᠠᠭᠤᠯᠬᠤ ᠤᠷᠤᠯᠳᠤᠭᠠᠨ᠂ ᠰᠢᠨᠵᠢᠯᠡᠬᠦ ᠤᠬᠠᠭᠠᠨ ᠤ ᠬᠡᠢ ᠪᠣᠳᠣᠯ ᠤᠨ ᠵᠣᠬᠢᠶᠠᠯ ᠪᠦᠲᠦᠭᠡᠯ ᠤᠨ ᠤᠷᠤᠯᠳᠤᠭᠠᠨ ᠵᠢᠴᠢ ᠰᠦᠯᠵᠢᠶᠡᠨ ᠭᠠᠳᠠᠨᠠᠬᠢ ICode ᠶᠢᠨ ᠢᠷᠡᠭᠡᠳᠦᠢ ᠶᠢᠨ ᠫᠷᠣᠭ᠍ᠷᠠᠮ ᠨᠠᠶᠢᠷᠠᠭᠤᠯᠬᠤ ᠥᠷᠢᠰᠦᠯᠳᠦᠭᠡᠨ ᠤ ᠤᠷᠤᠯᠳᠤᠭᠠᠨ᠂ ᠯᠧ ᠭᠤᠤ ᠵᠢᠵᠢᠭ ᠮᠥᠬᠦᠯᠢᠭᠲᠦ ᠡᠭᠦᠳᠦᠯᠲᠡ ᠨᠢ ᠲᠡᠭᠡᠭᠡᠪᠦᠷᠢ ᠶᠢᠨ ᠤᠷᠤᠯᠳᠤᠭᠠᠨ᠂ ᠰᠢᠨᠵᠢᠯᠡᠬᠦ ᠤᠬᠠᠭᠠᠨ ᠤ ᠬᠡᠢ ᠪᠣᠳᠣᠯ ᠤᠨ ᠵᠢᠷᠤᠭ᠂ ᠵᠢᠯᠣᠭᠤᠴᠢ ᠦᠭᠡᠢ ᠨᠢᠰᠬᠡᠯ ᠤᠨ ᠰᠠᠭᠠᠳ ᠳᠠᠪᠠᠵᠤ ᠴᠣᠬᠢᠯᠲᠠ ᠥᠭᠬᠦ ᠤᠷᠤᠯᠳᠤᠭᠠᠨ ᠵᠡᠷᠭᠡ 9 ᠭᠤᠶᠢᠳᠠ ᠰᠠᠶᠢᠬᠠᠨ ᠤᠷᠤᠯᠳᠤᠭᠠᠨ ᠤ ᠵᠦᠢᠯ ᠢ ᠪᠠᠶᠢᠭᠤᠯᠵᠤ᠂ ᠪᠠᠭᠠᠴᠤᠳ ᠬᠡᠦᠬᠡᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠪᠢᠶᠠᠰ ᠴᠢᠳᠠᠪᠤᠷᠢ ᠪᠠ ᠪᠦᠲᠦᠭᠡᠯᠴᠢ ᠬᠦᠴᠦᠨ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠢᠯᠡᠷᠡᠭᠦᠯᠪᠡ᠃ ᠪᠡᠯᠡᠳᠬᠡᠯ ᠤᠷᠤᠯᠳᠤᠭᠠᠨ ᠤ 1300 ᠭᠠᠷᠤᠢ ᠪᠢᠴᠢᠬᠠᠨ ᠲᠠᠮᠢᠷᠴᠢᠨ ᠢᠳᠡᠪᠬᠢᠲᠡᠢ ᠣᠷᠣᠯᠴᠠᠵᠤ᠂ ᠰᠢᠳᠪᠦᠷᠢᠳᠦ ᠤᠷᠤᠯᠳᠤᠭᠠᠨ ᠳᠤ ᠣᠷᠣᠬᠤ ᠡᠷᠬᠢᠮ ᠨᠠᠨᠳᠢᠨ ᠬᠢᠷᠢ ᠭᠡᠮ ᠢ ᠲᠡᠮᠡᠴᠡᠨ ᠣᠯᠬᠤ ᠪᠣᠯᠣᠨ᠎ᠠ᠃
      ᠤᠷᠤᠯᠳᠤᠭᠠᠨ ᠳᠤ ᠣᠷᠣᠯᠴᠠᠭᠰᠠᠳ ᠤᠷ᠎ᠠ ᠮᠡᠷᠭᠡᠰᠢᠯ᠂ ᠪᠦᠲᠦᠭᠡᠯᠴᠢ ᠰᠡᠳᠬᠢᠬᠦᠢ ᠵᠡᠷᠭᠡ ᠤᠯᠠᠨ ᠲᠠᠯ᠎ᠠ ᠪᠠᠷ ᠲᠤᠰ ᠪᠡᠶ᠎ᠡ ᠶᠢᠨ ᠴᠢᠳᠠᠪᠤᠷᠢ ᠪᠠᠨ ᠢᠯᠡᠷᠡᠭᠦᠯᠵᠦ᠂ ᠤᠷᠤᠯᠳᠤᠭᠠᠨ ᠤ ᠴᠤᠭ ᠵᠢᠪᠬᠤᠭ᠎ᠠ ᠪᠠᠨ ᠭᠦᠢᠴᠡᠳ ᠢᠯᠡᠷᠡᠭᠦᠯᠪᠡ᠃
   ᠰᠢᠨᠵᠢᠯᠡᠬᠦ ᠤᠬᠠᠭᠠᠨ ᠤ ᠬᠡᠢ ᠬᠦᠰᠡᠯ ᠤᠨ ᠵᠢᠷᠤᠭ ᠤᠨ ᠤᠷᠤᠯᠳᠤᠭᠠᠨ ᠳᠤ ᠣᠷᠣᠯᠴᠠᠭᠰᠠᠨ ᠲᠠᠮᠢᠷᠴᠢᠨ ᠵᠤᠤ ᠰᠢᠤᠸᠠᠨ ᠢᠦᠢ ᠰᠤᠷᠪᠤᠯᠵᠢᠯᠠᠭᠴᠢ ᠳᠤ ᠲᠡᠭᠦᠨ ᠤ ᠵᠢᠷᠤᠭ ᠤᠨ ᠪᠦᠲᠦᠭᠡᠯ ᠢᠶᠠᠨ ᠲᠠᠨᠢᠯᠴᠠᠭᠤᠯᠤᠨ᠎ᠠ᠃
     ᠲᠣᠰ ᠤᠳᠠᠭᠠᠨ ᠤ ᠤᠷᠤᠯᠳᠤᠭᠠᠨ ᠵᠠᠯᠠᠭᠤᠴᠤᠳ ᠪᠠᠭᠠᠴᠤᠳ ᠲᠤ ᠥᠪᠡᠷ ᠢ ᠪᠠᠨ ᠳᠡᠯᠭᠡᠨ ᠦᠵᠡᠭᠦᠯᠬᠦ᠂ ᠰᠣᠯᠢᠯᠴᠠᠨ ᠰᠤᠷᠤᠯᠴᠠᠬᠤ ᠲᠠᠪᠴᠠᠩ ᠢ ᠪᠠᠶᠢᠭᠤᠯᠵᠦ᠂ ᠠᠯᠢ ᠣᠯᠠᠨ ᠦᠢᠯᠡᠳᠦᠯᠭᠡ ᠶᠢᠨ ᠠᠵᠢᠯᠯᠠᠭ᠎ᠠ ᠪᠠᠷ ᠳᠠᠮᠵᠢᠨ᠂ ᠲᠡᠳᠡᠨ ᠤ ᠰᠢᠨᠵᠢᠯᠡᠬᠦ ᠤᠬᠠᠭᠠᠨ ᠢ ᠰᠦᠪᠡᠭᠴᠢᠯᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ ᠣᠶᠤᠨ ᠰᠠᠨᠠᠭᠠᠨ ᠤ ᠳᠦᠷᠰᠦ ᠪᠠᠶᠢᠳᠠᠯ ᠢ ᠬᠥᠭᠵᠢᠭᠡᠵᠦ᠂ ᠰᠠᠶᠢᠬᠠᠨ ᠲᠣᠭᠤᠷᠢᠭ ᠤᠨ ᠰᠢᠨᠵᠢᠯᠡᠬᠦ ᠤᠬᠠᠭᠠᠨ ᠰᠣᠶᠣᠯ ᠤᠨ ᠠᠭᠤᠷ ᠠᠮᠢᠰᠬᠤᠯ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠬᠤᠵᠢᠮ ᠰᠠᠶᠢᠬᠠᠨ ᠲᠣᠭᠤᠷᠢᠭ ᠵᠠᠯᠠᠭᠤᠴᠤᠳ ᠪᠠᠭᠠᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠮᠠᠨ ᠤ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠰᠤᠷᠤᠭᠴᠢᠳ ᠤᠨ ᠰᠢᠨᠵᠢᠯᠡᠬᠦ ᠤᠬᠠᠭᠠᠨ ᠤ ᠬᠡᠪ ᠪᠣᠯᠪᠠᠰᠤᠷᠠᠯ ᠪᠣᠯᠣᠨ ᠮᠡᠳᠡᠭᠡ ᠵᠠᠩᠭᠢ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ︽ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ︾ ᠤᠨ ᠲᠤᠷᠰᠢᠯᠲᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠳᠤ ᠲᠠᠰᠤᠷᠠᠯᠲᠠ ᠦᠭᠡᠢ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃          ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号