ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠤᠷᠲᠤ ᠬᠤᠭᠤᠴᠠᠭᠠᠨ ᠤ ᠪᠦᠲᠦᠮᠵᠢ ᠲᠠᠢ ᠲᠣᠭᠲᠠᠴᠠ ᠶᠢ ᠲᠦᠷᠭᠡᠪᠴᠢᠯᠡᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2024/7/11
       ᠰᠢᠲᠠᠮᠠᠬᠠᠢ ᠬᠡᠢ ᠶᠢᠨ ᠠᠮᠤᠷ ᠲᠦᠪᠰᠢᠨ ᠨᠢ ᠲᠦᠭ ᠲᠦᠮᠡᠨ ᠠᠶᠢᠯ ᠡᠷᠦᠬᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠷᠠᠳ ᠤᠨ ᠠᠮᠢᠳᠤᠷᠠᠯ ᠤᠨ ᠴᠢᠬᠤᠯᠠ ᠨᠢᠭᠡᠨ ᠢᠨᠵᠧᠨᠧᠷᠢᠩ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠣᠯᠠᠨ ᠭᠠᠵᠠᠷ ᠣᠷᠣᠨ ᠳᠤ ᠰᠢᠲᠠᠮᠠᠬᠠᠢ ᠬᠡᠢ ᠶᠢᠨ ᠠᠳᠡᠯ ᠭᠠᠷᠴᠤ᠂ ᠬᠥᠮᠥᠨ ᠬᠠᠷ᠎ᠠ ᠦᠬᠦᠵᠦ ᠰᠢᠷᠬᠠᠲᠤᠭᠰᠠᠨ ᠪᠠ ᠡᠳ᠋ ᠬᠥᠷᠥᠩᠭᠡ ᠬᠤᠬᠢᠷᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠨᠢ ᠨᠡᠶᠢᠭᠡᠮ ᠤᠨ ᠳᠡᠭᠡᠳᠦ ᠬᠡᠮᠵᠢᠶ᠎ᠡ ᠪᠠᠷ ᠠᠩᠬᠠᠷᠴᠤ ᠪᠠᠶᠢᠭ᠎ᠠ ᠰᠡᠳᠦᠪ ᠪᠣᠯᠤᠭᠰᠠᠨ ᠪᠠᠶᠢᠨ᠎ᠠ᠃ ᠡᠭᠦᠨ ᠤ ᠲᠤᠬᠠᠢ ᠲᠤᠰᠬᠠᠢ ᠮᠡᠷᠭᠡᠵᠢᠯᠲᠡᠨ ᠠᠴᠠ ᠥᠩᠭᠡᠷᠡᠭᠰᠡᠨ ᠤ ᠠᠳᠡᠯ ᠠᠴᠠ ᠰᠤᠷᠭᠠᠮᠵᠢ ᠠᠪᠴᠤ᠂ ᠲᠤᠷᠰᠢᠯᠭ᠎ᠠ ᠪᠠᠨ ᠳ᠋ᠦᠩᠨᠡᠵᠦ᠂ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠪᠦᠷᠢᠨᠰᠢᠭᠦᠯᠬᠦ᠂ ᠬᠠᠮᠢᠶᠠᠷᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠬᠦᠴᠦ ᠲᠠᠯᠪᠢᠵᠤ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠪᠠᠲᠤᠯᠠᠬᠤ ᠬᠡᠷᠡᠭᠲᠡᠢ ᠭᠡᠵᠦ ᠰᠠᠨᠠᠭᠤᠯᠵᠤ ᠪᠠᠶᠢᠨ᠎ᠠ᠃          ᠬᠠᠭᠤᠴᠢᠷᠠᠭᠰᠠᠨ ᠬᠤᠭᠤᠯᠠᠢ ᠲᠣᠣᠷ ᠤᠨ ᠳᠠᠯᠳᠠ ᠭᠡᠮ ᠤᠯᠠᠨ᠂ ᠥᠭᠡᠷᠡᠴᠢᠯᠡᠨ ᠰᠠᠶᠢᠵᠢᠷᠠᠭᠤᠯᠬᠤ ᠴᠢᠬᠤᠯᠠᠲᠠᠢ ᠮᠥᠷᠲᠡᠭᠡᠨ ᠡᠳᠦᠷ ᠲᠣᠳᠣᠮ ᠤᠨ ᠬᠠᠮᠢᠶᠠᠷᠤᠯᠲᠠ ᠪᠠ ᠬᠠᠮᠠᠭᠠᠯᠠᠯᠲᠠ ᠪᠠᠨ ᠴᠢᠩᠭᠠᠳᠬᠠᠬᠤ ᠬᠡᠷᠡᠭᠲᠡᠢ        ᠥᠩᠭᠡᠷᠡᠭᠰᠡᠨ 20 ᠭᠠᠷᠤᠢ ᠵᠢᠯ ᠳᠤ᠂ ᠮᠠᠨ ᠤ ᠤᠯᠤᠰ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠦᠢᠯᠡᠰ ᠲᠦᠷᠭᠡᠨ ᠬᠥᠭᠵᠢᠯᠲᠡ ᠶᠢ ᠥᠩᠭᠡᠷᠡᠭᠦᠯᠦᠭᠰᠡᠨ ᠪᠣᠯᠪᠠᠴᠤ ᠬᠥᠭᠵᠢᠯᠲᠡ ᠶᠢᠨ ᠶᠠᠪᠤᠴᠠ ᠳᠤ᠂ ᠵᠢᠷᠤᠭ ᠲᠥᠯᠥᠪᠯᠡᠭᠡ ᠬᠢᠬᠦ᠂ ᠪᠠᠷᠢᠯᠭ᠎ᠠ ᠪᠠᠷᠢᠬᠤ᠂ ᠠᠵᠢᠯᠯᠠᠭᠤᠯᠬᠤ᠂ ᠬᠠᠮᠢᠶᠠᠷᠤᠯᠲᠠ ᠵᠡᠷᠭᠡ ᠵᠠᠷᠢᠮ ᠲᠠᠯ᠎ᠠ ᠪᠠᠷ ᠪᠠᠰᠠ ᠡᠳᠦᠢ ᠲᠡᠳᠦᠢ ᠳᠠᠯᠳᠠ ᠭᠡᠮ ᠣᠷᠣᠰᠢᠵᠤ ᠪᠠᠶᠢᠨ᠎ᠠ᠂ ᠵᠢᠱᠢᠶᠡᠯᠡᠪᠡᠯ ᠢᠯᠵᠢᠷᠡᠬᠦ ᠶᠢ ᠰᠡᠷᠭᠡᠶᠢᠯᠡᠬᠦ ᠳᠠᠪᠬᠤᠷᠭ᠎ᠠ ᠶᠢᠨ ᠶᠠᠰᠤ ᠴᠢᠨᠠᠷ ᠨᠢ ᠥᠨᠳᠥᠷ ᠪᠢᠰᠢ᠂ ᠵᠠᠩᠭᠢᠯᠠᠭ᠎ᠠ ᠶᠢᠨ ᠪᠠᠷᠢᠯᠭ᠎ᠠ ᠶᠢᠨ ᠶᠠᠰᠤ ᠴᠢᠨᠠᠷ ᠨᠢ ᠥᠨᠳᠥᠷ ᠪᠢᠰᠢ᠃ ᠳᠤᠮᠳᠠᠳᠤ ᠤᠯᠤᠰ ᠤᠨ ᠬᠤᠳᠠ ᠶᠢᠨ ᠰᠢᠲᠠᠮᠠᠬᠠᠢ ᠬᠡᠢ ᠶᠢᠨ ᠨᠡᠶᠢᠭᠡᠮᠯᠢᠭ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠵᠥᠪᠯᠡᠯ ᠵᠡᠷᠭᠡ ᠨᠢᠭᠡᠴᠢ ᠶᠢᠨ ᠨᠡᠶᠢᠲᠡᠯᠡᠭᠰᠡᠨ ︽ᠪᠦᠬᠦ ᠤᠯᠤᠰ ᠤᠨ ᠰᠢᠲᠠᠮᠠᠬᠠᠢ ᠬᠡᠢ ᠶᠢᠨ ᠠᠳᠡᠯ ᠤᠨ ᠵᠠᠳᠠᠯᠤᠯᠲᠠ ᠶᠢᠨ ᠮᠡᠳᠡᠭᠦᠯᠦᠯᠲᠡ︾ ᠠᠴᠠ ᠦᠵᠡᠪᠡᠯ᠂ 2023 ᠣᠨ ᠳᠤ ᠡᠯ᠎ᠡ ᠲᠦᠷᠦᠯ ᠤᠨ ᠰᠢᠲᠠᠮᠠᠬᠠᠢ ᠬᠡᠢ ᠶᠢᠨ ᠠᠳᠡᠯ ᠳᠤ᠂ ᠬᠤᠭᠤᠯᠠᠢ ᠲᠣᠣᠷ ᠤᠨ ᠠᠳᠡᠯ ᠤᠨ ᠲᠤᠭ᠎ᠠ 34.5% ᠶᠢ ᠡᠵᠡᠯᠡᠪᠡ᠃          ᠰᠢᠲᠠᠮᠠᠬᠠᠢ ᠬᠡᠢ ᠶᠢᠨ ᠬᠤᠭᠤᠯᠠᠢ ᠬᠠᠭᠤᠴᠢᠷᠠᠪᠠᠯ ᠠᠮᠠᠷᠬᠠᠨ ᠬᠡᠢ ᠯᠡᠪᠡᠷᠡᠨ ᠭᠠᠷᠤᠨ᠎ᠠ᠃ 2021ᠣᠨ ᠳᠤ ᠭᠠᠷᠤᠭᠰᠠᠨ ᠬᠤᠪᠧᠢ ᠶᠢᠨ ᠱᠢ ᠶᠠᠨ ᠬᠤᠲᠠ ᠶᠢᠨ ᠵᠠᠩ ᠸᠠᠨ ᠲᠣᠭᠤᠷᠢᠭ ᠤᠨ ᠶᠠᠨ ᠬᠤ᠋ ᠨᠡᠶᠢᠭᠡᠮ ᠲᠣᠭᠤᠷᠢᠭ ᠤᠨ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ︽6 · 13︾ ᠤ ᠬᠦᠨᠳᠦ ᠶᠡᠭᠡ ᠰᠢᠲᠠᠮᠠᠬᠠᠢ ᠬᠡᠢ ᠶᠢᠨ ᠳᠡᠯᠪᠡᠷᠡᠯᠲᠡ ᠶᠢᠨ ᠠᠳᠡᠯ ᠪᠣᠯ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠬᠦᠨᠳᠦ ᠨᠣᠴᠢᠲᠠᠢ ᠵᠢᠪᠡᠷᠡᠨ ᠢᠳᠡᠭᠳᠡᠵᠦ᠂ ᠬᠡᠢ  ᠯᠡᠪᠡᠷᠡᠨ ᠭᠠᠷᠤᠭᠰᠠᠨ ᠠᠴᠠ ᠪᠣᠯᠵᠤ ᠳᠡᠯᠪᠡᠷᠡᠯᠲᠡ ᠡᠭᠦᠰᠴᠦ᠂ ᠬᠥᠮᠥᠨ ᠬᠠᠷ᠎ᠠ ᠠᠳᠡᠵᠦ ᠰᠢᠷᠬᠠᠲᠤᠭᠰᠠᠨ ᠬᠦᠨᠳᠦ ᠶᠡᠭᠡ ᠠᠶᠤᠯ ᠭᠠᠷᠤᠭᠰᠠᠨ ᠪᠠᠶᠢᠨ᠎ᠠ᠃       ︽ᠰᠢᠲᠠᠮᠠᠬᠠᠢ ᠬᠡᠢ ᠶᠢᠨ ᠬᠤᠭᠤᠯᠠᠢ ᠲᠣᠣᠷ ᠢ ᠳᠤᠷ᠎ᠠ ᠪᠠᠷ ᠢᠶᠠᠨ ᠪᠠᠶᠢᠭᠤᠯᠬᠤ ᠪᠤᠶᠤ ᠰᠢᠲᠠᠮᠠᠬᠠᠢ ᠬᠡᠢ ᠶᠢᠨ ᠲᠥᠬᠦᠭᠡᠷᠦᠮᠵᠢ ᠶᠢ ᠪᠠᠷᠢᠯᠭ᠎ᠠ ᠶᠢᠨ ᠳᠣᠲᠣᠷ᠎ᠠ ᠤᠷᠤᠭᠤᠯᠬᠤ ᠠᠰᠠᠭᠤᠳᠠᠯ ᠨᠢ ᠴᠦ ᠮᠠᠰᠢ ᠲᠣᠪᠣᠶᠢᠮ᠎ᠠ ᠪᠠᠶᠢᠵᠤ᠂ ᠰᠢᠲᠠᠮᠠᠬᠠᠢ ᠬᠡᠢ ᠠᠮᠠᠷᠬᠠᠨ ᠨᠡᠪᠴᠢᠵᠦ ᠭᠠᠷᠤᠭᠰᠠᠨ ᠠᠴᠠ ᠪᠣᠯᠵᠤ ᠠᠳᠡᠯ ᠪᠣᠯᠣᠨ᠎ᠠ︾᠂ ᠬᠡᠷᠪᠡ ᠭᠡᠷ ᠤᠨ ᠭᠠᠳᠠᠨᠠᠬᠢ ᠳᠠᠮᠵᠢᠭᠤᠯᠬᠤ ᠬᠤᠭᠤᠯᠠᠢ ᠠᠴᠠ ᠯᠡᠪᠡᠷᠡᠨ ᠭᠠᠷᠤᠭᠰᠠᠨ ᠰᠢᠲᠠᠮᠠᠬᠠᠢ ᠬᠡᠢ ᠡᠷᠬᠢᠨ ᠲᠣᠭᠤᠷᠢᠨ ᠤ ᠭᠠᠵᠠᠷ ᠳᠣᠣᠷᠠᠬᠢ ᠤᠰᠤᠨ ᠵᠠᠮ᠂ ᠬᠤᠳᠳᠤᠭ ᠵᠢᠴᠢ ᠪᠤᠰᠤᠳ ᠭᠠᠵᠠᠷ ᠳᠣᠣᠷᠠᠬᠢ ᠣᠷᠣᠨ ᠵᠠᠢ ᠳᠤ ᠬᠤᠷᠠᠨ ᠴᠤᠭᠯᠠᠷᠠᠪᠠᠯ᠂ ᠢᠯᠡ ᠭᠠᠯ ᠲᠣᠬᠢᠶᠠᠯᠳᠤᠪᠠᠯ ᠳᠡᠯᠪᠡᠷᠡᠯᠲᠡ ᠡᠭᠦᠰᠦᠨ᠎ᠡ ᠭᠡᠵᠦ ᠤᠯᠤᠰ ᠤᠨ ᠬᠤᠭᠤᠯᠠᠢ ᠲᠣᠣᠷ ᠤᠨ ᠪᠦᠯᠦᠭᠯᠡᠯ ᠤᠨ ᠪᠠᠷᠠᠭᠤᠨ ᠣᠷᠣᠨ ᠤ ᠬᠤᠭᠤᠯᠠᠢ ᠲᠣᠣᠷ ᠤᠨ ᠺᠣᠮᠫᠠᠨᠢ ᠶᠢᠨ ᠶᠠᠰᠤ ᠴᠢᠨᠠᠷ ᠤᠨ ᠠᠮᠤᠷ ᠲᠦᠪᠰᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠡᠯᠲᠡᠰ ᠤᠨ ᠳᠡᠭᠡᠳᠦ ᠵᠡᠷᠭᠡ ᠶᠢᠨ ᠢᠨᠵᠧᠨᠧᠷ ᠵᠧᠩ ᠳ᠋ᠧᠩ ᠹᠧᠩ ᠬᠡᠯᠡᠵᠡᠢ᠃            ᠲᠥᠷᠥ ᠶᠢᠨ ᠶᠠᠪᠤᠳᠠᠯ ᠤᠨ ᠬᠤᠷᠢᠶᠠᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠠᠴᠠ ᠨᠢᠳᠤᠨᠤᠨ ᠤ 8 ᠳ᠋ᠤᠭᠠᠷ ᠰᠠᠷ᠎ᠠ ᠳᠤ ᠳᠠᠷᠤᠮᠠᠯᠯᠠᠨ ᠲᠠᠷᠬᠠᠭᠠᠭᠰᠠᠨ ︽ᠪᠥᠬᠦ ᠤᠯᠤᠰ ᠤᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ︾ ᠳᠤ᠂ ᠰᠢᠲᠠᠮᠠᠬᠠᠢ ᠬᠡᠢ ᠶᠢᠨ ᠬᠤᠭᠤᠯᠠᠢ ᠬᠠᠭᠤᠴᠢᠷᠠᠭᠰᠠᠨ ᠪᠤᠶᠤ ᠡᠪᠳᠡᠷᠡᠬᠡᠢ᠂ ᠰᠢᠲᠠᠮᠠᠬᠠᠢ ᠬᠡᠢ ᠶᠢᠨ ᠬᠤᠭᠤᠯᠠᠢ ᠶᠢ ᠲᠣᠭᠲᠠᠭᠠᠯ ᠠᠴᠠ ᠵᠥᠷᠢᠴᠡᠨ ᠡᠵᠡᠯᠡᠭᠰᠡᠨ ᠵᠢᠴᠢ ᠨᠢᠭᠲᠠ ᠪᠢᠲᠡᠭᠦᠮᠵᠢᠯᠡᠭᠰᠡᠨ ᠣᠷᠣᠨ ᠵᠠᠢ ᠶᠢ ᠡᠪᠳᠡᠭᠰᠡᠨ ᠵᠡᠷᠭᠡ ︽ᠠᠰᠠᠭᠤᠳᠠᠯ ᠲᠠᠢ ᠬᠤᠭᠤᠯᠠᠢ ᠲᠣᠣᠷ︾ ᠢ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠬᠤ ᠬᠡᠷᠡᠭᠲᠡᠢ᠂ ᠳᠠᠷᠤᠶᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠪᠣᠯ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠢᠶᠠᠷ ᠠᠵᠢᠯᠯᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ︔ ᠰᠢᠲᠠᠮᠠᠬᠠᠢ ᠬᠡᠢ ᠶᠢᠨ ᠬᠤᠭᠤᠯᠠᠢ ᠶᠢᠨ ᠡᠷᠬᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠰᠢᠲᠠᠮᠠᠬᠠᠢ ᠬᠡᠢ ᠶᠢᠨ ᠪᠡᠯᠡᠳᠬᠡᠮᠵᠢ ᠶᠢ ᠬᠠᠮᠠᠭᠠᠯᠠᠬᠤ ᠲᠥᠰᠥᠯ ᠵᠡᠷᠭᠡ ᠶᠢ ᠨᠠᠶᠢᠳᠠᠪᠤᠷᠢᠵᠢᠭᠤᠯᠤᠭᠠᠳᠤᠢ ᠪᠠᠶᠢᠪᠠᠯ ᠲᠡᠷᠡ ᠳᠠᠷᠤᠢ ᠳᠤᠨᠢ ᠥᠭᠡᠷᠡᠴᠢᠯᠡᠨ ᠰᠠᠶᠢᠵᠢᠷᠠᠭᠤᠯᠬᠤ  ᠶᠢᠨ ᠬᠠᠮᠲᠤ ᠬᠠᠮᠢᠶ᠎ᠠ ᠪᠦᠬᠦᠢ ᠬᠠᠷᠢᠭᠤᠴᠠᠯᠭᠠᠲᠤ ᠨᠢᠭᠡᠴᠢ ᠪᠠ ᠬᠤᠪᠢ ᠬᠥᠮᠥᠨ ᠤ ᠬᠠᠷᠢᠭᠤᠴᠠᠯᠭ᠎ᠠ ᠶᠢ ᠬᠠᠤᠯᠢ ᠶᠣᠰᠣᠭᠠᠷ ᠴᠢᠩᠭ᠎ᠠ ᠨᠡᠬᠡᠮᠵᠢᠯᠡᠬᠦ ᠬᠡᠷᠡᠭᠲᠡᠢ ᠭᠡᠵᠦ ᠱᠠᠭᠠᠷᠳᠠᠪᠠ᠃                  ᠨᠥᠭᠦᠭᠡ ᠲᠠᠯ᠎ᠠ ᠪᠠᠷ᠂ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠲᠣᠣᠷ ᠢ ᠰᠢᠨᠡᠳᠬᠡᠨ ᠥᠭᠡᠷᠡᠴᠢᠯᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠪᠡᠭᠡᠵᠢᠩ᠂ ᠬᠠᠶᠢᠨᠠᠨ ᠵᠡᠷᠭᠡ ᠭᠠᠵᠠᠷ ᠤᠨ ᠬᠢᠨ 2024 ᠣᠨ ᠤ ᠬᠠᠭᠤᠴᠢᠷᠠᠭᠰᠠᠨ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠰᠢᠨᠡᠳᠬᠡᠨ ᠥᠭᠡᠷᠡᠴᠢᠯᠡᠬᠦ ᠣᠨ ᠤ ᠲᠥᠯᠥᠪᠯᠡᠭᠡ ᠶᠢ ᠨᠡᠶᠢᠲᠡᠯᠡᠪᠡ︔ ᠰᠧᠴᠤᠸᠠᠨ᠂ ᠬᠤᠨᠠᠨ ᠵᠡᠷᠭᠡ ᠭᠠᠵᠠᠷ ᠲᠤ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ︽ᠡᠪᠡᠳᠴᠢᠨ ᠲᠠᠢ ᠠᠵᠢᠯᠯᠠᠭ᠎ᠠ︾ ᠶᠢᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠰᠢᠲᠠᠮᠠᠬᠠᠢ ᠬᠡᠢ ᠶᠢᠨ ᠬᠤᠭᠤᠯᠠᠢ ᠲᠣᠣᠷ ᠪᠠ ᠲᠥᠬᠦᠭᠡᠷᠦᠮᠵᠢ ᠶᠢ ᠥᠭᠡᠷᠡᠴᠢᠯᠡᠨ ᠰᠢᠨᠡᠳᠬᠡᠬᠦ ᠶᠢ ᠲᠦᠷᠭᠡᠳᠬᠡᠨ ᠠᠬᠢᠭᠤᠯᠪᠠ ᠁ ᠡᠯ᠎ᠡ ᠭᠠᠵᠠᠷ ᠤᠨ ᠬᠢᠨ ᠠᠰᠠᠭᠤᠳᠠᠯ ᠲᠠᠢ ᠰᠢᠲᠠᠮᠠᠬᠠᠢ ᠬᠡᠢ ᠶᠢᠨ ᠬᠤᠭᠤᠯᠠᠢ ᠲᠣᠣᠷ ᠢ ᠦᠷᠭᠦᠯᠵᠢᠯᠡᠨ ᠵᠢᠭᠰᠠᠭᠠᠨ ᠪᠠᠶᠢᠴᠠᠭᠠᠵᠤ ᠰᠢᠨᠡᠴᠢᠯᠡᠨ ᠥᠭᠡᠷᠡᠴᠢᠯᠡᠵᠦ ᠪᠠᠶᠢᠨ᠎ᠠ᠃            ᠭᠡᠪᠡᠴᠦ ᠰᠢᠲᠠᠮᠠᠬᠠᠢ ᠬᠡᠢ ᠶᠢᠨ ᠬᠤᠭᠤᠯᠠᠢ ᠶᠢ ᠰᠢᠨᠡᠳᠬᠡᠨ ᠥᠭᠡᠷᠡᠴᠢᠯᠡᠬᠦ ᠳᠤ ᠬᠡᠨ ᠪᠡᠯᠡ ᠭᠠᠷᠭᠠᠬᠤ ᠠᠰᠠᠭᠤᠳᠠᠯ ᠳᠤ ᠲᠤᠯᠭᠠᠷᠠᠵᠤ ᠪᠠᠶᠢᠨ᠎ᠠ᠃ ᠰᠠᠭᠤᠭᠠᠯᠢ ᠠᠷᠠᠳ ᠤᠨ ᠲᠣᠭᠤᠷᠢᠭ ᠤᠨ ᠣᠯᠠᠨ ᠨᠡᠶᠢᠲᠡ ᠶᠢᠨ ᠬᠤᠭᠤᠯᠠᠢ ᠲᠣᠣᠷ ᠵᠢᠴᠢ ᠰᠠᠭᠤᠭᠠᠯᠢ ᠠᠷᠠᠳ ᠤᠨ ᠭᠡᠷ ᠤᠨ ᠳᠣᠲᠣᠷᠠᠬᠢ ᠬᠤᠭᠤᠯᠠᠢ ᠲᠣᠣᠷ ᠢ ᠥᠭᠡᠷᠡᠴᠢᠯᠡᠬᠦ ᠵᠠᠷᠤᠳᠠᠯ ᠢ ᠥᠮᠴᠢᠲᠡᠨ ᠠᠴᠠ ᠡᠭᠦᠷᠭᠡᠯᠡᠵᠦ᠂ ᠣᠷᠣᠨ ᠨᠤᠲᠤᠭ ᠤᠨ ᠡᠳ᠋ ᠤᠨ ᠵᠠᠰᠠᠭ ᠤᠨ ᠣᠷᠳᠣᠨ ᠠᠴᠠ ᠵᠣᠬᠢᠬᠤ ᠨᠥᠬᠦᠪᠦᠷᠢ ᠣᠯᠭᠤᠨ᠎ᠠ᠃ ᠬᠤᠲᠠ ᠶᠢᠨ ᠶᠠᠪᠤᠳᠠᠯ ᠤᠨ ᠨᠡᠶᠢᠲᠡ ᠶᠢᠨ ᠬᠤᠭᠤᠯᠠᠢ ᠲᠣᠣᠷ ᠤᠨ ᠥᠭᠡᠷᠡᠴᠢᠯᠡᠨ ᠰᠠᠶᠢᠵᠢᠷᠠᠭᠤᠯᠬᠤ ᠳᠤ ᠰᠢᠲᠠᠮᠠᠬᠠᠢ ᠬᠡᠢ ᠶᠢᠨ ᠺᠣᠮᠫᠠᠨᠢ ᠠᠴᠠ ᠪᠡᠯᠡ ᠭᠠᠷᠭᠠᠨ᠎ᠠ᠃ ︽ᠡᠨᠡ ᠬᠡᠰᠡᠭ ᠪᠡᠯᠡ ᠣᠷᠣᠭᠤᠯᠤᠯᠲᠠ ᠨᠢ ᠮᠠᠰᠢ ᠶᠡᠭᠡ᠂ ᠵᠠᠷᠢᠮ ᠠᠵᠤ ᠠᠬᠤᠶᠢᠯᠠᠯ ᠲᠤᠰ ᠪᠡᠶ᠎ᠡ ᠶᠢᠨ ᠠᠰᠢᠭ ᠣᠯᠵᠠᠪᠤᠷᠢ ᠪᠠ ᠨᠡᠶᠢᠭᠡᠮ ᠤᠨ ᠬᠠᠷᠢᠭᠤᠴᠠᠯᠭ᠎ᠠ ᠶᠢᠨ ᠬᠤᠭᠤᠷᠣᠨᠳᠤ ᠪᠠᠨ ᠵᠥᠷᠢᠴᠡᠯ ᠲᠠᠢ ᠪᠠᠶᠢᠳᠠᠭ︾᠃ ᠭᠤᠷᠪᠠᠳᠠᠭᠢ ᠡᠲᠡᠭᠡᠳ ᠤᠨ ᠣᠷᠣᠯᠴᠠᠭᠰᠠᠨ ᠪᠡᠯᠡ ᠣᠷᠣᠭᠤᠯᠤᠯᠲᠠ ᠶᠢᠨ ᠵᠠᠭᠪᠤᠷ ᠢ ᠰᠦᠪᠡᠭᠴᠢᠯᠡᠨ ᠪᠠᠶᠢᠭᠤᠯᠵᠤ᠂ ᠬᠤᠭᠤᠯᠠᠢ ᠲᠣᠣᠷ ᠤᠨ ᠰᠢᠨᠡᠳᠬᠡᠨ ᠥᠭᠡᠷᠡᠴᠢᠯᠡᠬᠦ ᠠᠰᠢᠭ ᠣᠯᠵᠠᠪᠤᠷᠢ ᠶᠢᠨ ᠴᠢᠨᠠᠷ ᠪᠠ ᠨᠡᠶᠢᠲᠡ ᠶᠢᠨ ᠠᠰᠠᠷᠠᠮᠵᠢ ᠶᠢᠨ ᠴᠢᠨᠠᠷ ᠢ ᠬᠠᠮᠲᠤ ᠳᠤᠨᠢ ᠬᠠᠷᠠᠭᠠᠯᠵᠠᠵᠤ᠂ ᠰᠢᠲᠠᠮᠠᠬᠠᠢ ᠬᠡᠢ ᠶᠢᠨ ᠠᠵᠤ ᠠᠬᠤᠶᠢᠯᠠᠯ ᠨᠢ ᠨᠡᠶᠢᠭᠡᠮ ᠤᠨ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠬᠦ ᠶᠢ ᠠᠬᠢᠭᠤᠯᠬᠤ ᠬᠡᠷᠡᠭᠲᠡᠢ ᠭᠡᠵᠦ ᠵᠧᠩ ᠳ᠋ᠧᠩ ᠹᠧᠩ ᠳᠤᠷᠠᠳᠤᠨ ᠭᠠᠷᠭᠠᠵᠠᠢ᠃            ᠬᠤᠯᠪᠣᠭᠳᠠᠯ ᠪᠦᠬᠦᠢ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠲᠡᠭᠦᠯᠳᠡᠷᠵᠢᠭᠦᠯᠵᠦ᠂ ᠠᠶᠤᠯᠭᠦᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠤᠷᠪᠠᠳᠠᠭᠢ ᠡᠲᠡᠭᠡᠳ ᠤᠨ ᠵᠣᠬᠢᠰ ᠦᠭᠡᠢ ᠠᠵᠢᠯᠯᠠᠭ᠎ᠠ ᠠᠴᠠ ᠪᠣᠯᠤᠭᠰᠠᠨ ᠠᠲᠠᠯ ᠢ ᠰᠡᠷᠭᠡᠶᠢᠯᠡᠨ᠎ᠡ            ︽ᠬᠤᠳᠠᠯᠳᠤᠭᠠᠨ ᠤ ᠫᠦᠰᠡ ᠶᠢᠨ ᠤᠲᠤᠭ᠎ᠠ ᠭᠠᠳᠠᠭᠰᠢᠯᠠᠭᠤᠯᠬᠤ ᠬᠤᠭᠤᠯᠠᠢ ᠳᠡᠪᠢᠰᠬᠦ ᠦᠶ᠎ᠡ ᠳᠤ᠂ ᠪᠠᠷᠢᠯᠭ᠎ᠠ ᠶᠢᠨ ᠠᠵᠢᠯᠲᠠᠳ ᠰᠢᠲᠠᠮᠠᠬᠠᠢ ᠬᠡᠢ ᠶᠢᠨ ᠬᠤᠭᠤᠯᠠᠢ ᠶᠢᠨ ᠬᠡᠷᠡᠮ ᠳᠡᠭᠡᠷ᠎ᠡ ᠳᠤᠷ᠎ᠠ ᠪᠠᠷ ᠢᠶᠠᠨ ᠨᠦᠬᠡ ᠶᠢ ᠴᠤᠭᠤᠯᠠᠵᠤ ᠪᠤᠯᠬᠤ ᠦᠭᠡᠢ᠃ ᠰᠠᠭᠤᠭᠠᠯᠢ ᠠᠷᠠᠳ ᠤᠨ ᠲᠣᠭᠤᠷᠢᠭ ᠤᠨ ᠳᠣᠲᠣᠷᠠᠬᠢ ᠭᠤᠷᠪᠠᠳᠠᠭᠢ ᠡᠲᠡᠭᠡᠳ ᠤᠨ ᠪᠠᠷᠢᠯᠭ᠎ᠠ ᠶᠢᠨ ᠠᠵᠢᠯ ᠨᠢ ᠵᠣᠬᠢᠰ ᠦᠭᠡᠢ ᠠᠴᠠ ᠪᠣᠯᠵᠤ᠂ ᠲᠤᠬᠠᠢ ᠶᠢᠨ ᠲᠠᠯᠠᠪᠠᠢ ᠳᠤ ᠵᠠᠷᠢᠮ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠭᠤᠷᠪᠠᠳᠠᠭᠢ ᠡᠲᠡᠭᠡᠳ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠭᠠᠵᠤ᠂ ᠠᠮᠤᠷ ᠲᠦᠪᠰᠢᠨ ᠤ ᠳᠠᠯᠳᠠ ᠭᠡᠮ ᠪᠠᠶᠢᠪᠠᠯ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠶᠢ ᠬᠦᠰᠡᠵᠦ ᠪᠠᠶᠢᠨ᠎ᠠ ᠭᠡᠵᠦ ᠭᠤᠸᠠᠩᠳᠦᠩ ᠤᠨ ᠱᠧᠨᠵᠧᠨ ᠬᠤᠲᠠ ᠶᠢᠨ ᠯᠦᠩ ᠭᠠᠩ ᠲᠣᠭᠤᠷᠢᠭ ᠤᠨ ᠬᠤᠸᠠᠩ ᠠᠪᠠᠭ᠋ᠠᠢ ᠰᠠᠨᠠᠭᠤᠯᠪᠠ᠃            ᠭᠤᠷᠪᠠᠳᠠᠭᠢ ᠡᠲᠡᠭᠡᠳ ᠤᠨ ᠰᠢᠲᠠᠮᠠᠬᠠᠢ ᠬᠡᠢ ᠶᠢᠨ ᠬᠤᠭᠤᠯᠠᠢ ᠶᠢ ᠡᠪᠳᠡᠬᠦ ᠠᠴᠠ ᠰᠡᠷᠭᠡᠶᠢᠯᠡᠬᠦ ᠶᠢᠨ ᠲᠥᠯᠥᠭᠡ᠂ ᠡᠨᠡ ᠵᠢᠯ ᠤᠨ 4 ᠳ᠋ᠦ᠋ᠭᠡᠷ ᠰᠠᠷ᠎ᠠ ᠶᠢᠨ 1 ᠤ ᠡᠳᠦᠷ ᠬᠡᠷᠡᠭᠵᠢᠭᠦᠯᠦᠭᠰᠡᠨ ︽ᠹᠦᠵᠢᠶᠠᠨ ᠮᠤᠵᠢ ᠶᠢᠨ ᠭᠤᠷᠪᠠᠳᠠᠭᠢ ᠡᠲᠡᠭᠡᠳ ᠤᠨ ᠰᠢᠲᠠᠮᠠᠬᠠᠢ ᠬᠡᠢ ᠶᠢᠨ ᠬᠤᠭᠤᠯᠠᠢ ᠶᠢ ᠡᠪᠳᠡᠬᠦ ᠠᠴᠠ ᠰᠡᠷᠭᠡᠶᠢᠯᠡᠬᠦ ᠬᠠᠮᠢᠶᠠᠷᠤᠯᠲᠠ ᠶᠢᠨ ᠠᠷᠭ᠎ᠠ︾ ᠳᠤ᠂ ᠲᠥᠷᠥᠯ ᠵᠦᠢᠯ ᠤᠨ ᠪᠠᠷᠢᠯᠭ᠎ᠠ ᠶᠢᠨ ᠠᠵᠢᠯ ᠤᠨ ᠱᠠᠲᠤᠨ ᠳᠤ᠂ ᠪᠦᠲᠦᠭᠡᠨ ᠪᠠᠶᠢᠭᠤᠯᠤᠯᠲᠠ ᠶᠢᠨ ᠨᠢᠭᠡᠴᠢ᠂ ᠪᠠᠷᠢᠯᠭ᠎ᠠ ᠶᠢᠨ ᠨᠢᠭᠡᠴᠢ᠂ ᠬᠢᠨᠠᠨ ᠬᠠᠮᠢᠶᠠᠷᠤᠯᠲᠠ ᠶᠢᠨ ᠨᠢᠭᠡᠴᠢ ᠪᠣᠯᠣᠨ ᠰᠢᠲᠠᠮᠠᠬᠠᠢ ᠬᠡᠢ ᠡᠵᠡᠩᠨᠡᠬᠦ ᠠᠵᠤ ᠠᠬᠤᠶᠢᠯᠠᠯ ᠤᠨ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ᠃ ᠡᠭᠦᠨ ᠳᠤ᠂ ᠪᠠᠷᠢᠯᠭ᠎ᠠ ᠪᠠᠷᠢᠬᠤ ᠨᠢᠭᠡᠴᠢ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠠᠶᠤᠯᠭᠦᠢ ᠶᠢᠨ ᠬᠠᠮᠠᠭᠠᠯᠠᠯᠲᠠ ᠶᠢᠨ ᠬᠡᠪᠴᠢᠶᠡᠨ ᠳᠤ ᠪᠠᠷᠢᠯᠭ᠎ᠠ ᠪᠠᠨ ᠡᠬᠢᠯᠡᠭᠦᠯᠦᠨ᠎ᠡ᠂ 48 ᠴᠠᠭ ᠠᠴᠠ ᠤᠷᠢᠳᠴᠢᠯᠠᠨ ᠰᠢᠲᠠᠮᠠᠬᠠᠢ ᠬᠡᠢ ᠡᠵᠡᠩᠨᠡᠵᠦ ᠪᠠᠶᠢᠭ᠎ᠠ ᠠᠵᠤ ᠠᠬᠤᠶᠢᠯᠠᠯ ᠳᠤ ᠮᠡᠳᠡᠭᠳᠡᠬᠦ ᠶᠢᠨ ᠬᠠᠮᠲᠤ ᠵᠣᠬᠢᠴᠠᠩᠭᠤᠢ ᠠᠶᠤᠯᠭᠦᠢ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ᠃            ︽ᠪᠠᠷᠢᠯᠭ᠎ᠠ ᠪᠠᠷᠢᠬᠤ ᠲᠠᠯ᠎ᠠ ᠶᠢᠨ ᠬᠢᠨ ᠪᠠᠷᠢᠯᠭ᠎ᠠ ᠶᠢᠨ ᠶᠠᠰᠤ ᠴᠢᠨᠠᠷ ᠪᠣᠯᠣᠨ ᠪᠠᠷᠢᠯᠭ᠎ᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠠᠷᠢᠯᠭᠠᠨ᠎ᠠ᠃ ᠰᠢᠨ᠎ᠡ ᠲᠥᠬᠦᠭᠡᠷᠦᠮᠵᠢ᠂ ᠰᠢᠨ᠎ᠡ ᠮᠡᠷᠭᠡᠵᠢᠯ᠂ ᠰᠢᠨ᠎ᠡ ᠤᠷᠠᠯᠠᠯ ᠢ ᠬᠡᠷᠡᠭᠯᠡᠬᠦ ᠪᠠᠷ ᠳᠠᠮᠵᠢᠭᠤᠯᠤᠨ᠂ ᠲᠣᠭᠲᠠᠭᠠᠯ ᠶᠣᠰᠣᠭᠠᠷ ᠥᠭᠡᠷᠡᠴᠢᠯᠡᠭᠰᠡᠨ ᠤ ᠳᠠᠷᠠᠭᠠᠬᠢ ᠰᠢᠲᠠᠮᠠᠬᠠᠢ ᠬᠡᠢ ᠨᠡᠪᠲᠡᠷᠡᠭᠦᠯᠬᠦ᠂ ᠤᠰᠤ ᠨᠡᠪᠲᠡᠷᠡᠭᠦᠯᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠠᠮᠤᠷ ᠲᠦᠪᠰᠢᠨ ᠤ ᠬᠢᠨᠠᠨ ᠡᠵᠡᠮᠳᠡᠯ ᠢ ᠰᠠᠶᠢᠲᠤᠷ ᠬᠢᠵᠦ᠂ ᠢᠨᠵᠧᠨᠧᠷᠢᠩ ᠢ ᠰᠢᠯᠭᠠᠨ ᠠᠪᠴᠤ ᠰᠢᠯᠵᠢᠭᠦᠯᠦᠨ ᠲᠤᠰᠢᠶᠠᠬᠤ ᠠᠵᠢᠯ ᠢ ᠰᠠᠶᠢᠲᠤᠷ ᠬᠢᠵᠦ᠂ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ᠴᠢᠩᠬᠤᠸᠠ ᠶᠡᠭᠡ ᠰᠤᠷᠭᠠᠭᠤᠯᠢ ᠶᠢᠨ ᠣᠯᠠᠨ ᠨᠡᠶᠢᠲᠡ ᠶᠢᠨ ᠠᠮᠤᠷ ᠲᠦᠪᠰᠢᠨ ᠤ ᠰᠤᠳᠤᠯᠭᠠᠨ ᠤ ᠬᠦᠷᠢᠶᠡᠯᠡᠩ ᠤᠨ ᠳᠡᠳ᠋ ᠰᠤᠳᠤᠯᠤᠭᠴᠢ ᠰᠢᠦᠢ ᠬᠤᠸᠠᠨ᠂ ᠬᠠᠷᠠᠮᠥ᠋ᠷᠡᠨ ᠤ ᠬᠠᠷᠪᠢᠨ ᠤ ᠵᠥᠩ ᠴᠢᠩ ᠰᠢᠲᠠᠮᠠᠬᠠᠢ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠵᠢᠯᠣᠭᠤᠴᠢ ᠦᠭᠡᠢ ᠨᠢᠰᠬᠡᠯ ᠢᠶᠠᠷ ᠥᠨᠳᠥᠷ ᠴᠢᠳᠠᠪᠬᠢᠲᠤ ᠯᠠᠶᠢᠰᠧᠷ ᠮᠧᠲ᠋ᠠᠨ ᠠᠯᠤᠰ ᠬᠡᠮᠵᠢᠯᠲᠡ ᠶᠢᠨ ᠬᠡᠮᠵᠢᠭᠦᠷᠯᠢᠭ ᠢ ᠠᠰᠢᠭᠯᠠᠨ ᠥᠨᠳᠥᠷ ᠬᠦᠴᠦᠳᠡᠯᠲᠦ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠭᠤᠷᠪᠠᠨ ᠬᠡᠮᠵᠢᠯᠲᠦ ᠪᠣᠰᠤᠭ᠎ᠠ ᠴᠣᠭᠴᠠᠲᠤ ᠲᠣᠭᠤᠷᠢᠨ ᠠᠵᠢᠭᠯᠠᠯᠲᠠ ᠪᠠ ᠪᠠᠶᠢᠴᠠᠭᠠᠯᠲᠠ ᠬᠢᠵᠦ᠂ ᠬᠡᠪ ᠤᠨ ᠪᠤᠰᠤ ᠪᠠᠶᠢᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢᠶᠠᠨ ᠪᠤᠴᠠᠭᠠᠨ ᠳᠠᠮᠵᠢᠭᠤᠯᠵᠤ᠂ ᠲᠣᠭᠤᠷᠢᠨ ᠠᠵᠢᠭᠯᠠᠯᠲᠠ ᠪᠠ ᠪᠠᠶᠢᠴᠠᠭᠠᠨ ᠰᠢᠯᠭᠠᠬᠤ ᠶᠢ ᠤᠶᠠᠯᠳᠤᠭᠤᠯᠬᠤ ᠶᠢ ᠪᠡᠶᠡᠯᠡᠭᠦᠯᠵᠦ᠂ ᠬᠤᠭᠤᠯᠠᠢ ᠲᠣᠣᠷ ᠤᠨ ᠭᠤᠷᠪᠠᠳᠠᠭᠢ ᠡᠲᠡᠭᠡᠳ ᠤᠨ ᠭᠠᠳᠠᠭᠠᠳᠤ ᠬᠦᠴᠦᠨ ᠤ ᠡᠪᠳᠡᠯᠡᠭᠡ ᠳᠤ ᠤᠴᠠᠷᠠᠬᠤ ᠶᠢ ᠰᠡᠷᠭᠡᠶᠢᠯᠡᠬᠦ ᠬᠡᠷᠡᠭᠲᠡᠢ ᠭᠡᠵᠡᠢ᠃            ᠰᠢᠦᠢ ᠬᠤᠸᠠᠨ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠬᠠᠮᠢᠶᠠᠷᠤᠯᠲᠠ ᠶᠢᠨ ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠪᠠᠷᠢᠮᠵᠢᠶ᠎ᠠ ᠳᠤ ᠲᠦᠷᠭᠡᠬᠡᠨ ᠵᠠᠰᠠᠪᠤᠷᠢ ᠣᠷᠣᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠤᠯᠠᠮ ᠨᠢᠭᠡ ᠠᠯᠬᠤᠮ ᠲᠣᠳᠣᠷᠬᠠᠶᠢᠯᠠᠨ ᠨᠠᠷᠢᠯᠢᠭᠵᠢᠭᠤᠯᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠤᠷᠪᠠᠳᠠᠭᠢ ᠡᠲᠡᠭᠡᠳ ᠤᠨ ᠪᠠᠷᠢᠯᠭ᠎ᠠ ᠶᠢᠨ ᠡᠪᠳᠡᠯᠡᠭᠡ᠂ ᠲᠣᠭᠲᠠᠭᠠᠯ ᠠᠴᠠ ᠵᠥᠷᠢᠴᠡᠨ ᠳᠠᠷᠤᠯᠲᠠ ᠡᠵᠡᠯᠡᠬᠦ ᠵᠡᠷᠭᠡ ᠲᠣᠪᠣᠶᠢᠮ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠰᠠᠨᠠᠭᠤᠯᠵᠠᠢ᠃          ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠢᠬᠤᠯᠠᠴᠢᠯᠠᠬᠤ ᠳᠤ᠂ ᠤᠷᠢᠳᠴᠢᠯᠠᠨ ᠰᠡᠷᠭᠡᠶᠢᠯᠡᠬᠦ ᠨᠢ ᠨᠡᠩ ᠴᠢᠬᠤᠯᠠ ᠪᠠᠶᠢᠳᠠᠭ᠂ ︽ᠬᠦᠨᠳᠦ ᠬᠡᠷᠡᠭ ᠤᠨ ᠳᠠᠷᠠᠭ᠎ᠠ ᠠᠪᠤᠷᠠᠨ ᠲᠤᠰᠠᠯᠠᠵᠤ ᠰᠢᠢᠳᠪᠦᠷᠢᠯᠡᠬᠦ᠂ ᠬᠥᠩᠭᠡᠨ ᠬᠡᠷᠡᠭ ᠤᠨ ᠡᠮᠦᠨ᠎ᠡ ᠲᠣᠭᠤᠷᠢᠨ ᠪᠠᠶᠢᠴᠠᠭᠠᠵᠤ ᠤᠷᠢᠳᠴᠢᠯᠠᠨ ᠰᠡᠷᠭᠡᠶᠢᠯᠡᠬᠦ︾ ᠬᠡᠪᠰᠢᠮᠡᠯ ᠪᠠᠶᠢᠳᠠᠯ ᠳᠤ ᠣᠷᠣᠵᠤ ᠪᠣᠯᠬᠤ ᠦᠭᠡᠢ᠃ ᠡᠭᠦᠨ ᠳᠤ᠂ ᠰᠢᠦᠢ ᠬᠤᠸᠠᠨ ᠤᠷᠢᠳᠴᠢᠯᠠᠨ ᠪᠣᠳᠣᠯᠬᠢᠯᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠵᠠᠰᠠᠯᠲᠠ ᠳᠤ ᠨᠠᠩ ᠣᠯᠠᠨ ᠬᠥᠮᠥᠨ ᠤ ᠬᠦᠴᠦᠨ ᠪᠣᠳᠠᠰ ᠤᠨ ᠬᠦᠴᠦᠨ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠳᠤ ᠣᠷᠣᠭᠤᠯᠵᠤ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠲᠠᠰᠤᠷᠠᠯᠲᠠ ᠦᠭᠡᠢ ᠪᠠᠬᠢᠵᠢᠭᠦᠯᠦᠨ᠎ᠡ ᠭᠡᠵᠦ ᠦᠵᠡᠵᠦ ᠪᠠᠶᠢᠨ᠎ᠠ᠃          ᠮᠡᠷᠭᠡᠵᠢᠯ ᠤᠨ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠬᠡᠪ ᠤᠨ ᠪᠤᠰᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ          ᠣᠯᠠᠨ ᠲᠦᠮᠡᠨ ᠤ ᠲᠤᠰᠬᠠᠭᠰᠠᠨ ᠢᠶᠠᠷ᠂ ᠭᠡᠷ ᠳᠣᠲᠣᠷᠠᠬᠢ ᠰᠢᠲᠠᠮᠠᠬᠠᠢ ᠬᠡᠢ ᠶᠢᠨ ᠲᠦᠭᠰᠢᠭᠦᠷᠢ ᠮᠡᠳᠡᠭᠡᠯᠡᠬᠦ ᠲᠣᠨᠤᠭ ᠲᠥᠬᠦᠭᠡᠷᠦᠮᠵᠢ ᠨᠢ ᠰᠢᠲᠠᠮᠠᠬᠠᠢ ᠬᠡᠢ ᠶᠢᠨ ᠯᠡᠪᠡᠷᠡᠵᠦ ᠭᠠᠷᠤᠭᠰᠠᠨ ᠢ ᠪᠦᠲᠦᠮᠵᠢᠲᠡᠶ ᠰᠡᠷᠡᠵᠦ ᠮᠡᠳᠡᠬᠦ ᠶᠢᠨ ᠠᠷᠭ᠎ᠠ ᠦᠭᠡᠢ᠂ ︽ᠭᠡᠷ ᠤᠨ ᠬᠥᠮᠥᠰ ᠬᠠᠮᠠᠷ ᠭᠠᠳᠠᠮ᠎ᠠ ᠦᠨᠦᠷ ᠦᠨᠦᠷᠲᠦᠪᠡᠯ ᠰᠠᠶ᠋ᠢ ᠰᠢᠲᠠᠮᠠᠬᠠᠢ ᠬᠡᠢ ᠯᠡᠪᠡᠷᠡᠵᠦ ᠪᠠᠶᠢᠬᠤ ᠶᠢ ᠮᠡᠳᠡᠨ᠎ᠡ᠂ ᠵᠣᠯ ᠢᠶᠠᠷ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠪᠠᠶᠢᠨ᠎ᠠ︾ ᠭᠡᠵᠡᠢ᠃          ᠰᠢᠲᠠᠮᠠᠬᠠᠢ ᠬᠡᠢ ᠶᠢᠨ ᠠᠰᠠᠭᠤᠳᠠᠯ ᠢ ᠢᠯᠡᠷᠡᠭᠦᠯᠬᠦ ᠳᠤ ᠵᠥᠪᠬᠡᠨ ︽ᠦᠨᠦᠷᠯᠡᠬᠦ︾ ᠳᠤ ᠲᠦᠰᠢᠭᠯᠡᠵᠦ ᠪᠤᠯᠬᠤ ᠦᠭᠡᠢ᠂ ᠵᠠᠩᠬᠢᠯᠭ᠎ᠠ ᠨᠢ ︽ᠮᠡᠷᠭᠡᠵᠢᠯ︾ ᠳᠤ ᠲᠦᠰᠦᠭᠯᠡᠬᠦ ᠬᠡᠷᠡᠭᠲᠡᠢ᠃ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠶᠢ ᠪᠠᠷᠢᠮᠲᠠᠯᠠᠬᠤ ᠪᠣᠯ ︽ᠪᠥᠬᠦ ᠤᠯᠤᠰ ᠤᠨ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠲᠥᠰᠥᠯ︾ ᠤᠨ 4 ᠵᠦᠢᠯ ᠤᠨ ᠠᠵᠢᠯ ᠤᠨ ᠵᠠᠷᠴᠢᠮ ᠤᠨ ᠨᠢᠭᠡ ᠪᠠᠶᠢᠵᠤ᠂ ᠪᠠᠷᠠᠭᠠᠨ ᠤ ᠮᠡᠳᠡᠭᠡ ᠵᠠᠩᠭᠢ᠂ ᠲᠣᠮᠣ ᠳ᠋ᠠᠶᠢᠲ᠋ᠠ᠂ ᠵᠣᠬᠢᠶᠠᠮᠠᠯ ᠣᠶᠤᠨ ᠵᠡᠷᠭᠡ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢ ᠰᠢᠲᠠᠮᠠᠬᠠᠢ ᠬᠡᠢ ᠶᠢᠨ ᠬᠠᠮᠢᠶᠠᠷᠤᠯᠲᠠ ᠳᠤ ᠬᠡᠷᠡᠭᠯᠡᠬᠦ ᠶᠢ ᠴᠢᠩᠭᠠᠳᠬᠠᠵᠤ᠂ ᠲᠡᠷᠢᠭᠦᠨ ᠤ ᠮᠡᠷᠭᠡᠵᠢᠯ᠂ ᠲᠣᠨᠤᠭ ᠲᠥᠬᠦᠭᠡᠷᠦᠮᠵᠢ᠂ ᠭᠠᠷ ᠤᠷᠠᠯᠠᠯ ᠢ ᠶᠡᠬᠡᠪᠡᠷ ᠳᠡᠯᠭᠡᠷᠡᠭᠦᠯᠦᠨ ᠬᠡᠷᠡᠭᠯᠡᠵᠦ᠂ ᠰᠢᠨᠵᠢᠯᠡᠬᠦ ᠤᠬᠠᠭᠠᠨ ᠮᠡᠷᠭᠡᠵᠢᠯ ᠳᠤ ᠲᠦᠰᠢᠭᠯᠡᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠠᠵᠢᠯᠯᠠᠭᠠᠨ ᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠵᠠᠷᠢᠮ ᠭᠠᠵᠠᠷ ᠣᠷᠣᠨ ᠪᠣᠯᠣᠨ ᠠᠵᠤ ᠠᠬᠤᠶᠢᠯᠠᠯ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠪᠠᠷ ᠳᠠᠮᠵᠢᠭᠤᠯᠤᠨ᠂ ᠰᠢᠲᠠᠮᠠᠬᠠᠢ ᠬᠡᠢ ᠶᠢᠨ ᠬᠡᠪ ᠤᠨ ᠪᠤᠰᠤ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠴᠢᠳᠠᠪᠤᠷᠢ ᠶᠢ ᠬᠦᠴᠦᠯᠡᠨ ᠲᠡᠭᠡᠭᠰᠢᠯᠡᠭᠦᠯᠵᠦ ᠪᠠᠶᠢᠨ᠎ᠠ᠃      ᠰᠢᠲᠠᠮᠠᠬᠠᠢ ᠬᠡᠢ ᠬᠦᠷᠭᠡᠬᠦ ᠶᠠᠪᠤᠴᠠ ᠳᠤ ᠲᠡᠭᠡᠭᠡᠪᠦᠷᠢ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠬᠤᠨᠠᠨ ᠤ ᠬᠤᠸᠠ ᠷᠦᠩ ᠰᠢᠶᠠᠨ3 ᠲᠦᠮᠡᠨ ᠣᠶᠤᠨᠴᠢ ᠰᠢᠨ᠎ᠡ ᠰᠢᠲᠠᠮᠠᠬᠠᠢ ᠬᠡᠢ ᠶᠢᠨ ᠯᠣᠩᠬᠤᠨ ᠳᠤ ᠴᠢᠫ ᠤᠭᠰᠠᠷᠠᠵᠤ᠂ 6 ᠲᠦᠮᠡᠨ ᠬᠠᠭᠤᠴᠢᠨ ᠬᠡᠢ ᠶᠢᠨ ᠯᠣᠩᠬᠤᠨ ᠳᠤ ᠬᠤᠶᠠᠷ ᠬᠡᠮᠵᠢᠯᠲᠦ ᠺᠣᠳ᠋ ᠨᠠᠭᠠᠵᠤ᠂ ᠰᠢᠲᠠᠮᠠᠬᠠᠢ ᠬᠡᠢ ᠶᠢᠨ ᠯᠣᠩᠬᠤ ᠳᠤ ︽ᠡᠯᠧᠺᠲᠷᠣᠨ ᠪᠡᠶ᠎ᠡ ᠶᠢᠨ ᠦᠨᠡᠮᠯᠡᠯ︾ ᠣᠯᠭᠤᠵᠤ᠂ ᠨᠢᠭᠡ ᠴᠣᠭᠴᠠᠵᠢᠭᠰᠠᠨ ᠬᠠᠮᠢᠶᠠᠷᠤᠯᠲᠠ ᠶᠢ ᠪᠡᠶᠡᠯᠡᠭᠦᠯᠪᠡ᠃              ᠵᠢᠶᠠᠩᠱᠢ ᠶᠢᠨ ᠱᠠᠩ ᠯᠢ ᠰᠢᠶᠠᠨ ᠪᠦᠬᠦ ᠶᠠᠪᠤᠴᠠ ᠶᠢᠨ ᠣᠶᠤᠨᠴᠢ ᠰᠢᠲᠠᠮᠠᠬᠠᠢ ᠬᠡᠢ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠠᠢ᠃ ︽ᠲᠣᠰ ᠲᠠᠪᠴᠠᠩ ᠨᠢ ᠰᠢᠲᠠᠮᠠᠬᠠᠢ ᠬᠡᠢ ᠬᠡᠷᠡᠭᠯᠡᠭᠰᠡᠨ ᠪᠠᠶᠢᠳᠠᠯ ᠢ ᠴᠠᠭ ᠲᠤᠬᠠᠢ ᠳᠤᠨᠢ ᠬᠢᠨᠠᠨ ᠬᠡᠮᠵᠢᠬᠦ ᠶᠢ ᠪᠡᠶᠡᠯᠡᠭᠦᠯᠵᠦ᠂ ᠰᠢᠲᠠᠮᠠᠬᠠᠢ ᠬᠡᠢ ᠯᠡᠪᠡᠷᠡᠵᠦ ᠪᠠᠶᠢᠭ᠎ᠠ ᠠᠰᠠᠭᠤᠳᠠᠯ ᠢ ᠲᠡᠷᠡ ᠳᠠᠷᠤᠢ ᠳᠤᠨᠢ ᠮᠡᠳᠡᠷᠡᠵᠦ᠂ ᠲᠡᠷᠡ ᠳᠠᠷᠤᠢ ᠳᠤᠨᠢ ᠲᠦᠭᠰᠢᠭᠦᠷᠢ ᠮᠡᠳᠡᠭᠡᠯᠡᠬᠦ ᠲᠣᠭᠲᠠᠴᠠ ᠳᠤ ᠬᠦᠷᠭᠡᠨ᠎ᠡ︾᠃ ᠱᠠᠩ ᠯᠢ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠳ᠋ᠧᠩ ᠽᠢ ᠢᠦᠢ᠂ ᠲᠠᠪᠴᠠᠩ ᠨᠢ ᠪᠠᠰᠠ ᠣᠶᠤᠨᠴᠢ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠲᠤᠬᠠᠢ ᠶᠢᠨ ᠲᠠᠯᠠᠪᠤᠷ ᠤᠨ ᠠᠵᠢᠯᠲᠠᠳ ᠢ ᠵᠢᠯᠣᠭᠤᠳᠤᠨ ᠵᠥᠪ ᠣᠨᠣᠪᠴᠢᠲᠠᠢ ᠠᠷᠭᠠᠴᠠᠭᠠᠬᠤ ᠠᠷᠭ᠎ᠠ ᠬᠡᠮᠵᠢᠶ᠎ᠡ ᠠᠪᠴᠤ᠂ ᠴᠠᠭ ᠲᠤᠬᠠᠢ ᠳᠤᠨᠢ ᠰᠢᠢᠳᠪᠦᠷᠢᠯᠡᠵᠦ ᠴᠢᠳᠠᠨ᠎ᠠ᠃ ᠰᠢᠲᠠᠮᠠᠬᠠᠢ ᠬᠡᠢ ᠯᠡᠪᠡᠷᠡᠭᠰᠡᠨ ᠠᠰᠠᠭᠤᠳᠠᠯ ᠢ ᠴᠠᠭ ᠲᠤᠬᠠᠢ ᠳᠤᠨᠢ ᠬᠢᠨᠠᠨ ᠡᠵᠡᠮᠳᠡᠬᠦ ᠪᠠᠷ ᠳᠠᠮᠵᠢᠭᠤᠯᠤᠨ᠂ ᠤᠯᠠᠮᠵᠢᠯᠠᠯᠲᠤ ᠬᠢᠨᠠᠨ ᠡᠵᠡᠮᠳᠡᠬᠦ ᠠᠷᠭ᠎ᠠ ᠮᠠᠶ᠋ᠢᠭ ᠤᠨ ᠪᠠᠯᠠᠢ ᠣᠷᠣᠨ ᠠᠴᠠ ᠪᠦᠲᠦᠮᠵᠢᠲᠡᠶ ᠵᠠᠶᠢᠯᠠᠰᠬᠢᠵᠦ᠂ ᠰᠢᠲᠠᠮᠠᠬᠠᠢ ᠬᠡᠢ ᠯᠡᠪᠡᠷᠡᠭᠰᠡᠨ ᠠᠴᠠ ᠪᠣᠯᠤᠭᠰᠠᠨ ᠠᠮᠤᠷ ᠲᠦᠪᠰᠢᠨ ᠤ ᠲᠦᠭᠰᠢᠭᠦᠷᠢ ᠶᠢ ᠬᠠᠮᠤᠭ ᠤᠨ ᠳᠣᠣᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠪᠠ ᠭᠡᠵᠦ ᠲᠠᠨᠢᠯᠴᠠᠭᠤᠯᠵᠠᠢ᠃            ︽ᠠᠰᠠᠭᠤᠳᠠᠯ ᠲᠠᠢ ᠰᠢᠲᠠᠮᠠᠬᠠᠢ ᠬᠡᠢ︾ ᠵᠡᠷᠭᠡ ᠠᠮᠤᠷ ᠲᠦᠪᠰᠢᠨ ᠤ ᠲᠦᠭᠰᠢᠭᠦᠷᠢ ᠪᠠ ᠠᠳᠡᠯ ᠤᠨ ᠳᠠᠯᠳᠠ ᠭᠡᠮ ᠳᠤ ᠴᠢᠭᠯᠡᠭᠦᠯᠦᠨ᠂ ᠮᠡᠷᠭᠡᠵᠢᠯ ᠤᠨ ᠰᠡᠷᠭᠡᠶᠢᠯᠡᠯᠲᠡ ᠠᠴᠠ ᠭᠠᠳᠠᠨ᠎ᠠ᠂ ᠦᠢᠯᠡᠳᠪᠦᠷᠢᠯᠡᠯ᠂ ᠰᠢᠲᠠᠮᠠᠬᠠᠢ ᠬᠡᠢ ᠰᠠᠪᠠᠯᠠᠬᠤ᠂ ︽ᠠᠰᠠᠭᠤᠳᠠᠯ ᠲᠠᠢ ᠰᠢᠲᠠᠮᠠᠬᠠᠢ ᠬᠡᠢ︾ ᠡᠵᠡᠩᠨᠡᠬᠦ ᠠᠵᠤ ᠠᠬᠤᠶᠢᠯᠠᠯ ᠢ ᠭᠦᠨᠵᠡᠭᠡᠢ ᠪᠠᠶᠢᠴᠠᠭᠠᠨ ᠴᠢᠩᠭ᠎ᠠ ᠰᠢᠢᠳᠬᠡᠵᠦ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠡᠵᠡᠩᠨᠡᠯᠲᠡ᠂ ᠰᠠᠪᠠᠯᠠᠵᠤ ᠲᠡᠭᠡᠭᠡᠪᠦᠷᠢᠯᠡᠬᠦ ᠠᠵᠤ ᠠᠬᠤᠶᠢᠯᠠᠯ ᠨᠢ ᠭᠠᠯ ᠤᠨᠲᠠᠷᠠᠭᠠᠬᠤ ᠬᠠᠤᠯᠢ ᠲᠣᠭᠲᠠᠭᠠᠯ ᠪᠠ ᠮᠡᠷᠭᠡᠵᠢᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠵᠢᠷᠤᠮᠯᠠᠬᠤ ᠦᠭᠡᠢ᠂ ᠭᠠᠯ ᠤᠨᠲᠠᠷᠠᠭᠠᠬᠤ ᠲᠥᠬᠦᠭᠡᠷᠦᠮᠵᠢ ᠪᠡᠯᠡᠳᠬᠡᠮᠵᠢ ᠶᠢ ᠲᠣᠭᠲᠠᠭᠠᠯ ᠶᠣᠰᠣᠭᠠᠷ ᠲᠣᠬᠢᠷᠠᠭᠤᠯᠤᠭᠰᠠᠨ ᠦᠭᠡᠢ ᠪᠤᠶᠤ ᠬᠠᠮᠠᠭᠠᠯᠠᠯᠲᠠ ᠨᠢ ᠬᠦᠷᠦᠯᠴᠡᠬᠦ ᠦᠭᠡᠢ ᠠᠴᠠ ᠪᠣᠯᠵᠤ ᠬᠡᠪ ᠤᠨ ᠶᠣᠰᠣᠭᠠᠷ ᠬᠡᠷᠡᠭᠯᠡᠵᠦ ᠳᠡᠶᠢᠯᠬᠦ ᠦᠭᠡᠢ ᠪᠣᠯᠭᠠᠭᠰᠠᠨ ᠵᠡᠷᠭᠡ ᠠᠰᠠᠭᠤᠳᠠᠯ ᠢ ᠵᠠᠷᠯᠢᠭᠳᠠᠨ ᠵᠠᠯᠠᠷᠠᠭᠤᠯᠵᠤ᠂ ᠬᠠᠤᠯᠢ ᠶᠣᠰᠣᠭᠠᠷ ᠴᠢᠩᠭ᠎ᠠ ᠰᠢᠢᠳᠬᠡᠬᠦ ᠬᠡᠷᠡᠭᠲᠡᠢ︔ ᠦᠢᠯᠡ ᠠᠵᠢᠯᠯᠠᠭ᠎ᠠ ᠨᠢ ᠬᠦᠨᠳᠦ ᠨᠣᠴᠢᠲᠠᠢ ᠪᠣᠯ ᠬᠠᠤᠯᠢ ᠶᠣᠰᠣᠭᠠᠷ ᠴᠢᠩᠭ᠎ᠠ ᠬᠦᠨᠳᠦ ᠪᠠᠷ ᠰᠢᠢᠳᠬᠡᠬᠦ ᠬᠡᠷᠡᠭᠲᠡᠢ᠃            ︽ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠠᠰᠤ ᠴᠢᠨᠠᠷ ᠪᠠ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠮᠥᠨ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠤ ᠵᠠᠰᠠᠯᠲᠠ ᠶᠢᠨ ᠵᠠᠭᠪᠤᠷ ᠢ ᠬᠡᠷᠡᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠳᠠᠰᠢ ᠬᠤᠪᠢᠷᠠᠭᠤᠯᠬᠤ ᠶᠢ ᠠᠬᠢᠭᠤᠯᠵᠤ᠂ ᠬᠤᠲᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ ᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ︾ ᠭᠡᠵᠦ ᠵᠧᠩ ᠳ᠋ᠧᠩ ᠹᠧᠩ ᠬᠡᠯᠡᠵᠡᠢ᠃          ᠢᠷᠡᠯᠲᠡ᠄ ᠠᠷᠠᠳ ᠤᠨ ᠡᠳᠦᠷ ᠤᠨ ᠰᠣᠨᠢᠨ  
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号