300 ᠬᠥᠮᠥᠨ ᠡᠯᠰᠡᠨ᠎ᠡ
ᠨᠡᠶᠢᠲᠡᠯᠡᠭᠰᠡᠨ ᠴᠠᠭ᠄
2024/7/11
     ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠣᠶᠢᠷ᠎ᠠ ᠳᠤ ᠠᠯᠪᠠᠨ ᠵᠠᠷᠯᠠᠯ ᠨᠡᠶᠢᠲᠡᠯᠡᠵᠦ᠂ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ 2024 ᠣᠨ ᠤ ᠭᠠᠯ ᠤᠨᠲᠠᠷᠠᠭᠠᠭᠴᠢ ᠶᠢ ᠡᠯᠰᠡᠬᠦ ᠠᠵᠢᠯ ᠢ ᠡᠬᠢᠯᠡᠭᠦᠯᠪᠡ᠃      ᠡᠨᠡ ᠵᠢᠯ ᠨᠡᠶᠢᠲᠡ 6000 ᠭᠠᠯ ᠤᠨᠲᠠᠷᠠᠭᠠᠭᠴᠢ ᠡᠯᠰᠡᠬᠦ ᠪᠠᠷ ᠲᠥᠯᠥᠪᠯᠡᠵᠦ ᠪᠤᠶ᠂ ᠡᠭᠦᠨ ᠳᠤ᠄ ᠶᠡᠭᠡ ᠳᠡᠭᠡᠳᠦ ᠰᠤᠷᠭᠠᠭᠤᠯᠢ ᠶᠢᠨ  ᠲᠤᠰ ᠬᠤᠭᠤᠴᠠᠭᠠᠨ ᠤ 3000 ᠲᠡᠭᠦᠰᠬᠦ ᠰᠣᠷᠣᠬᠴᠢ᠂ ᠴᠡᠷᠢᠭ ᠤᠨ ᠠᠯᠪᠠᠨ ᠠᠴᠠ ᠪᠠᠭᠤᠭᠰᠠᠨ 2000 ᠪᠠᠶᠢᠯᠳᠤᠭᠴᠢ᠂ 1000  ᠨᠡᠶᠢᠭᠡᠮ ᠤᠨ ᠵᠠᠯᠠᠭᠤᠴᠤᠳ ᠢ ᠡᠯᠰᠡᠨ᠎ᠡ᠃      ᠮᠠᠨ ᠤ ᠣᠷᠣᠨ 300 ᠭᠠᠯ ᠤᠨᠲᠠᠷᠠᠭᠠᠭᠴᠢ ᠡᠯᠰᠡᠨ᠎ᠡ᠃      ᠨᠡᠷ᠎ᠡ ᠮᠡᠳᠡᠭᠦᠯᠬᠦ ᠴᠠᠭ ᠨᠢ 7 ᠰᠠᠷ᠎ᠠ ᠶᠢᠨ 5 ᠤ ᠡᠳᠦᠷ ᠠᠴᠠ 7 ᠰᠠᠷ᠎ᠠ ᠶᠢᠨ 26 ᠤ ᠡᠳᠦᠷ ᠪᠤᠯᠲᠠᠯ᠎ᠠ᠂ ᠡᠯᠰᠡᠬᠦ ᠪᠣᠳᠠᠲᠠᠢ ᠨᠥᠬᠦᠴᠡᠯ ᠪᠠ ᠨᠡᠷ᠎ᠡ ᠮᠡᠳᠡᠭᠦᠯᠬᠦ ᠠᠷᠭ᠎ᠠ ᠮᠠᠶ᠋ᠢᠭ ᠢ ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠡᠩᠨᠡᠭᠡ ᠶᠢᠨ ᠭᠠᠯ ᠤᠨᠲᠠᠷᠠᠭᠠᠭᠴᠢ ᠶᠢ ᠡᠯᠰᠡᠬᠦ ᠲᠠᠪᠴᠠᠩ ( https᠄ //xfyzl.119.gov.cn) ᠳᠤ ᠭᠠᠷᠴᠤ᠂ ᠡᠯᠰᠡᠬᠦ ᠠᠯᠪᠠᠨ ᠵᠠᠷᠯᠠᠯ᠂ ᠡᠯᠰᠡᠬᠦ ᠲᠥᠯᠥᠪᠯᠡᠭᠡ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠡᠷᠭᠡ ᠮᠡᠳᠡᠭᠡ ᠵᠠᠩᠭᠢ ᠶᠢ ᠪᠠᠶᠢᠴᠠᠭᠠᠨ ᠯᠠᠪᠯᠠᠵᠤ᠂ ᠳᠠᠩᠰᠠᠯᠠᠭᠤᠯᠤᠨ ᠨᠡᠷ᠎ᠡ ᠪᠠᠨ ᠮᠡᠳᠡᠭᠦᠯᠵᠦ ᠪᠣᠯᠣᠨ᠎ᠠ᠃      ᠤᠯᠤᠰ ᠤᠨ ᠶᠡᠷᠦᠩᠬᠡᠶᠢᠯᠡᠭᠰᠡᠨ ᠴᠢᠨᠠᠷᠲᠠᠢ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠪᠣᠯ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠭᠤᠣᠯ ᠬᠦᠴᠦᠨ ᠪᠠ ᠤᠯᠤᠰ ᠤᠨ ᠠᠩᠭᠢ ᠪᠠᠶᠢᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠡᠯ᠎ᠡ ᠲᠦᠷᠦᠯ ᠤᠨ ᠭᠠᠮᠰᠢᠭ ᠠᠳᠡᠯ ᠢ ᠠᠷᠭᠠᠴᠠᠭᠠᠨ ᠰᠢᠢᠳᠪᠦᠷᠢᠯᠡᠬᠦ ᠴᠢᠬᠤᠯᠠ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃      ᠢᠷᠡᠯᠲᠡ᠄ ᠤᠯᠤᠰ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠶᠠᠮᠤᠨ ᠤ ᠰᠦᠯᠵᠢᠶ᠎ᠡ
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号