ᠤᠯᠤᠰ ᠤᠨ ᠳᠣᠲᠣᠭᠠᠳᠤ ᠶᠢᠨ 4 ᠶᠡᠭᠡ ᠵᠢᠭᠤᠯᠴᠢᠯᠠᠯ ᠤᠨ ᠲᠠᠪᠴᠠᠩ ᠥᠪᠥᠷ ᠮᠣᠩᠭᠤᠯ ᠤᠨ ᠵᠢᠭᠤᠯᠴᠢᠯᠠᠯ ᠳᠤ ᠬᠦᠴᠦᠨ ᠨᠡᠮᠡᠷᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2024/7/11
     ᠡᠨᠡ ᠵᠢᠯ ᠮᠠᠨ ᠤ ᠣᠷᠣᠨ ᠤ ᠬᠠᠩᠰᠢ ᠶᠢᠨ ᠠᠮᠠᠷᠠᠯᠲᠠ᠂ ᠲᠠᠪᠤᠨ ᠰᠠᠷ᠎ᠠ ᠶᠢᠨ ᠨᠢᠭᠡᠨ ᠤ ᠠᠮᠠᠷᠠᠯᠲᠠ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠠᠮᠠᠷᠠᠯᠲᠠ ᠵᠡᠷᠭᠡ ᠠᠮᠠᠷᠠᠯᠲᠠ ᠶᠢᠨ ᠡᠳᠦᠷ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠵᠠᠯᠭᠠᠭ᠎ᠠ ᠪᠠᠷ ᠲᠡᠦᠬᠡ ᠶᠢᠨ ᠲᠡᠮᠳᠡᠭᠯᠡᠯ ᠢ ᠰᠢᠨᠡᠳᠬᠡᠵᠦ᠂ ᠲᠦᠷᠦᠭᠦᠤ 5 ᠰᠠᠷ᠎ᠠ ᠳᠤ ᠪᠦᠭᠦ ᠣᠷᠣᠨ ᠢᠶᠠᠷ  ᠢᠶᠠᠨ ᠤᠯᠤᠰ ᠤᠨ ᠳᠣᠲᠣᠭᠠᠳᠤ ᠶᠢᠨ ᠵᠢᠭᠤᠯᠴᠢᠯᠠᠭᠴᠢ ᠶᠢ 9990.97 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠢᠭᠤᠯᠴᠢᠯᠠᠯ ᠤᠨ ᠶᠡᠷᠦᠩᠬᠡᠢ ᠬᠡᠷᠡᠭᠯᠡᠭᠡ 1379.7 ᠳ᠋ᠦᠩᠰᠢᠭᠤᠷ ᠲᠥᠭᠦᠷᠢᠭ ᠲᠤ ᠬᠦᠷᠴᠦ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠠᠮᠢᠵᠢᠷᠠᠯ ᠤᠨ ᠬᠦᠴᠦᠨ ᠢᠶᠠᠷ ᠪᠢᠯᠬᠠᠪᠠ᠃     ᠰᠢᠶᠧ ᠴᠧᠩ ᠰᠦᠯᠵᠢᠶᠡᠨ ᠤ ᠲᠤᠭ᠎ᠠ ᠪᠠᠷᠢᠮᠲᠠ ᠶᠢ ᠦᠨᠳᠦᠰᠦᠯᠡᠪᠡᠯ᠂ ᠵᠣᠨ ᠠᠴᠠ ᠨᠠᠭᠠᠰᠢ ᠥᠪᠥᠷ ᠮᠣᠩᠭᠤᠯ  ᠤᠨ ᠰᠦᠯᠵᠢᠶᠡᠨ ᠳᠡᠭᠡᠷ᠎ᠡ ᠪᠣᠯᠵᠣᠭᠰᠠᠨ ᠵᠢᠭᠤᠯᠴᠢᠯᠠᠯ ᠤᠨ ᠬᠥᠮᠥᠨ ᠤ ᠲᠤᠭ᠎ᠠ ᠶᠢᠨ ᠨᠡᠮᠡᠭᠳᠡᠯ ᠤᠨ ᠨᠣᠷᠮ᠎ᠠ ᠪᠦᠭᠦ ᠤᠯᠤᠰ ᠲᠤ ᠳᠡᠳ᠋ᠯᠡᠪᠡ᠃ ᠰᠢᠶᠧ ᠴᠧᠩ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠵᠠᠩ ᠰᠢᠦᠢ᠄ ︽ᠥᠪᠥᠷ ᠮᠣᠩᠭᠤᠯ ᠤᠨ ᠡᠬᠢ ᠪᠠᠶᠠᠯᠢᠭ ᠡᠯᠪᠡᠭ᠂ ᠰᠣᠶᠣᠯ ᠤᠨ ᠤᠯᠠᠮᠵᠢᠯᠠᠯ ᠭᠦᠨ᠂ ᠨᠡᠷ᠎ᠡ ᠨᠢᠳᠡᠷ ᠲᠡᠭᠡᠨ ᠨᠡᠶᠢᠴᠡᠭᠰᠡᠨ ᠵᠢᠭᠤᠯᠴᠢᠯᠠᠯ ᠤᠨ ᠲᠣᠮᠣ ᠬᠠᠷᠠᠯᠲᠠᠲᠤ ᠣᠷᠣᠨ ᠪᠣᠯᠣᠨ᠎ᠠ᠃ ᠰᠢᠶᠧ ᠴᠧᠩ ᠪᠦᠯᠦᠭᠯᠡᠯ ᠲᠣᠰ ᠪᠡᠶ᠎ᠡ ᠶᠢᠨ ᠳᠠᠪᠠᠭᠤᠯᠢᠭ  ᠲᠠᠢ ᠪᠠᠨ ᠤᠶᠠᠯᠳᠤᠭᠤᠯᠤᠨ ᠥᠪᠥᠷ ᠮᠣᠩᠭᠤᠯ ᠲᠠᠢ ᠨᠢᠭᠲᠠ ᠬᠠᠮᠲᠤᠷᠠᠯᠴᠠᠵᠤ ᠴᠢᠨᠠᠷ ᠰᠠᠶᠢᠲᠠᠢ ᠵᠢᠭᠤᠯᠴᠢᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ᠂ ᠥᠪᠡᠷᠮᠢᠴᠡ ᠰᠣᠶᠣᠯ ᠵᠢᠭᠤᠯᠴᠢᠯᠠᠯ ᠤᠨ ᠲᠦᠷᠦᠯ ᠲᠡᠮᠳᠡᠭ ᠢ ᠡᠭᠦᠳᠬᠦ᠂ ᠣᠯᠠᠨ ᠡᠰᠢᠵᠢᠭᠰᠡᠨ ᠦᠢᠯᠡᠳᠬᠦᠨ ᠤ ᠡᠵᠡᠩᠨᠡᠯᠲᠡ ᠶᠢᠨ ᠪᠠᠶᠢᠳᠠᠯ ᠢ ᠪᠣᠶᠢᠵᠢᠭᠤᠯᠬᠤ᠂ ᠥᠨᠳᠥᠷ ᠬᠡᠪ ᠪᠣᠯᠪᠠᠰᠤᠷᠠᠯ ᠪᠦᠬᠦᠢ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠢ ᠬᠥᠮᠥᠵᠢᠭᠦᠯᠬᠦ᠂ ᠳᠡᠯᠡᠬᠡᠢ ᠳᠡᠭᠡᠷᠡᠬᠢ ᠨᠡᠷ᠎ᠡ ᠠᠯᠳᠠᠷᠰᠢᠯ ᠢ ᠳᠡᠭᠡᠭᠰᠢᠯᠡᠭᠦᠯᠭᠦ ᠪᠠᠷ ᠴᠢᠷᠮᠠᠶᠢᠨ᠎ᠠ︾ ᠭᠡᠵᠡᠢ᠃ ᠡᠭᠦᠨ ᠠᠴᠠ ᠭᠠᠳᠠᠨ᠎ᠠ ᠲᠦᠩ ᠴᠧᠩ᠂ ᠮᠠ ᠹᠧᠩ ᠸᠦᠸᠧ᠂ ᠰᠢᠶᠣᠣ ᠬᠤᠩ ᠱᠣ᠋ ᠵᠡᠷᠭᠡ ᠤᠯᠤᠰ ᠤᠨ ᠳᠣᠲᠣᠭᠠᠳᠤ ᠶᠢᠨ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠲᠠᠪᠴᠠᠩ ᠴᠦ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠬᠠᠯᠠᠮᠰᠢᠯ ᠪᠠᠶᠢᠳᠠᠯ ᠢ ᠠᠵᠢᠵᠤ᠂ ᠵᠤᠨ ᠤ ᠠᠮᠠᠷᠠᠯᠲᠠ ᠶᠢᠨ ᠬᠤᠭᠤᠴᠠᠭᠠᠨ  ᠤ ᠵᠢᠭᠤᠯᠴᠢᠯᠠᠯ ᠤᠨ ᠠᠵᠢᠯᠯᠠᠭ᠎ᠠ ᠥᠷᠨᠢᠭᠦᠯᠦᠨ᠂ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃      ᠮᠠ ᠹᠧᠩ ᠸᠦᠸᠧ ᠰᠦᠯᠵᠢᠶ᠎ᠡ ᠶᠢᠨ ᠬᠢᠨ ︽ᠪᠢ ᠲᠠᠯ᠎ᠠ ᠨᠤᠲᠤᠭ ᠲᠠᠢ ᠪᠠᠨ ᠪᠣᠯᠵᠤᠭ᠎ᠠ ᠲᠠᠢ︾᠂ ︽ᠪᠢ ᠥᠪᠥᠷ ᠮᠣᠩᠭᠤᠯ ᠳᠤ ᠨᠢᠭᠡ ᠮᠣᠷᠢ ᠲᠠᠢ︾ ᠬᠢᠭᠡᠳ ᠬᠤᠯᠠᠨ ᠰᠢᠷᠭ᠎ᠠ ᠳᠠᠭ᠎ᠠ ᠶᠢᠨ ᠲᠣᠭᠤᠷᠢᠯ ᠠᠶᠠᠯᠠᠯ ᠵᠡᠷᠭᠡ 3 ᠭᠤᠣᠯᠳᠠᠯᠭᠠᠲᠤ ᠲᠦᠷᠦᠯ ᠵᠦᠢᠯ ᠳᠤ ᠬᠠᠨᠳᠤᠭᠤᠯᠤᠨ ᠰᠢᠨ᠎ᠡ ᠰᠡᠪᠡᠭᠦᠨ ᠠᠶᠠᠯᠠᠯ ᠵᠢᠭᠤᠯᠴᠢᠯᠠᠯ ᠤᠨ ᠪᠦᠲᠦᠭᠡᠭᠳᠡᠬᠦᠨ᠂ ᠡᠷᠬᠡ ᠰᠦᠷᠲᠦ ᠵᠢᠭᠤᠯᠴᠢᠯᠠᠯ ᠤᠨ ᠠᠷᠭ᠎ᠠ ᠪᠣᠳᠣᠯᠭ᠎ᠠ᠂ ᠭᠤᠣᠯ ᠰᠡᠳᠦᠪᠲᠦ ᠵᠠᠮ ᠱᠤᠭᠤᠮ ᠢ ᠨᠡᠶᠢᠲᠡᠯᠡᠪᠡ᠃ ᠰᠢᠶᠣᠣ ᠬᠤᠩ ᠱᠣ᠋ ᠰᠦᠯᠵᠢᠶ᠎ᠡ ᠶᠢᠨ ᠬᠢᠨ ᠬᠡᠷᠡᠭᠯᠡᠭᠴᠢ ᠶᠢᠨ ᠬᠡᠷᠡᠭᠴᠡᠭᠡ ᠱᠠᠭᠠᠷᠳᠠᠯᠭ᠎ᠠ᠂ ᠵᠢᠭᠤᠯᠴᠢᠯᠠᠯ ᠤᠨ ᠵᠣᠷᠢᠯᠳᠠᠳᠦ ᠭᠠᠵᠠᠷ ᠤᠨ ᠲᠤᠭ᠎ᠠ ᠪᠠᠷᠢᠮᠲᠠ ᠶᠢ ᠨᠡᠪᠲᠡ ᠠᠵᠢᠵᠤ᠂ ᠰᠦᠯᠵᠢᠶᠡᠨ ᠤ ᠬᠠᠯᠠᠮᠰᠢᠯ ᠭᠠᠵᠠᠷ ᠢ ᠢᠯᠡᠷᠡᠭᠦᠯᠦᠨ ᠴᠣᠭᠴᠠᠯᠠᠬᠤ ᠪᠠ ᠠᠭᠤᠯᠭ᠎ᠠ ᠶᠢᠨ ᠡᠵᠡᠩᠨᠡᠯᠲᠡ ᠵᠡᠷᠭᠡ ᠲᠠᠯ᠎ᠠ ᠪᠠᠷ ᠬᠠᠮ ᠠᠷᠭ᠎ᠠ ᠬᠡᠮᠵᠢᠶ᠎ᠡ ᠠᠪᠴᠤ᠂ ᠥᠪᠥᠷ ᠮᠣᠩᠭᠤᠯ  ᠤᠨ ᠰᠢᠯᠢᠳᠡᠭ ᠰᠠᠶᠢᠨ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠡᠷᠡᠭᠯᠡᠭᠴᠢᠳ ᠲᠤ ᠴᠠᠭ ᠲᠤᠬᠠᠢ ᠳᠤᠨᠢ ᠡᠳ᠋ᠯᠡᠭᠦᠯᠭᠦ ᠪᠠᠷ ᠬᠦᠴᠦᠯᠡᠨ ᠠᠵᠢᠯᠯᠠᠵᠤ ᠪᠠᠶᠢᠨ᠎ᠠ᠃ ᠲᠦᠩ ᠴᠧᠩ ᠪᠦᠯᠦᠭᠯᠡᠯ ᠤᠨ ᠬᠠᠷᠢᠭᠤᠴᠠᠯᠭᠠᠲᠠᠨ᠄ ︽ᠲᠦᠩ ᠴᠧᠩ ᠵᠢᠭᠤᠯᠴᠢᠯᠠᠯ ᠤᠨ ᠬᠢᠨ ᠥᠪᠡᠷ ᠤᠨ ᠳᠠᠪᠠᠭᠤᠯᠢᠭ ᠢᠶᠠᠨ ᠦᠷᠭᠦᠯᠵᠢᠯᠡᠨ ᠪᠠᠳᠠᠷᠠᠭᠤᠯᠵᠤ᠂ ᠥᠪᠥᠷ ᠮᠣᠩᠭᠤᠯ  ᠲᠠᠢ ᠬᠠᠮᠲᠤᠷᠠᠨ ᠣᠶᠤᠨᠴᠢᠯᠠᠯᠲᠠ ᠶᠢᠨ ᠪᠦᠲᠦᠭᠡᠨ ᠪᠠᠶᠢᠭᠤᠯᠤᠯᠲᠠ᠂ ︿ᠵᠢᠭᠤᠯᠴᠢᠯᠠᠯ +﹀ ᠰᠢᠨ᠎ᠡ ᠳᠠᠪᠬᠤᠷᠭ᠎ᠠ ᠶᠢᠨ ᠡᠵᠡᠩᠨᠡᠯᠲᠡ ᠪᠣᠷᠤᠯᠠᠭᠤᠯᠭ᠎ᠠ᠂ ᠭᠠᠳᠠᠭᠠᠳᠤ ᠯᠤᠭ᠎ᠠ ᠶᠢᠨ ᠰᠣᠶᠣᠯ ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠵᠢᠴᠢ ᠦᠢᠯᠡᠳᠪᠦᠷᠢᠯᠡᠯ ᠪᠡᠯᠡ ᠣᠷᠣᠭᠤᠯᠤᠯᠲᠠ ᠶᠢᠨ ᠬᠤᠯᠪᠤᠭᠠᠯᠠᠨ ᠬᠥᠳᠡᠯᠦᠯᠴᠡᠵᠦ ᠬᠠᠮᠲᠤ ᠪᠠᠷ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ︾ ᠭᠡᠵᠦ ᠲᠠᠨᠢᠯᠴᠠᠭᠤᠯᠤᠭᠰᠠᠨ ᠪᠠᠶᠢᠨ᠎ᠠ᠃
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号