ᠰᠠᠶᠢᠬᠠᠨ ᠲᠣᠭᠤᠷᠢᠭ 2024 ᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠲᠡᠮᠦᠷ ᠨᠢᠳᠤᠷᠭ᠎ᠠ︾ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/12
     ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠠᠷᠠᠳ ᠤᠨ ᠠᠮᠢᠳᠤᠷᠠᠯ ᠤᠨ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠬᠭᠠᠷᠳᠠᠯᠭ᠎ᠠ ᠪᠠ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠠᠷᠠᠳ ᠤᠨ ᠠᠮᠢᠳᠤᠷᠠᠯ ᠢ ᠬᠠᠮᠠᠭᠠᠯᠠᠬᠤ︾ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ︽ᠠᠮᠤᠷ ᠲᠦᠪᠰᠢᠨ ᠢ ᠪᠠᠲᠤᠯᠠᠬᠤ︾ ᠪᠠ ︽ᠮᠡᠬᠡᠯᠡᠨ ᠬᠢᠬᠠᠬᠤ ᠶᠢ ᠡᠰᠡᠷᠭᠦᠴᠡᠬᠦ︾ ᠬᠤᠶᠠᠷ ᠭᠤᠣᠯ ᠰᠡᠳᠦᠪ ᠢ ᠲᠣᠪᠤᠶᠢᠯᠭᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠬᠠᠷᠢᠶ᠎ᠠ ᠣᠷᠣᠨ ᠳᠤ 2024 ᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠲᠡᠮᠦᠷ ᠨᠢᠳᠤᠷᠭ᠎ᠠ︾ ᠶᠢᠨ ᠠᠵᠢᠯᠯᠠᠭ᠎ᠠ ᠥᠷᠨᠢᠭᠦᠯᠪᠡ᠃
        ᠠᠵᠢᠯᠯᠠᠭ᠎ᠠ ᠶᠢᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠠᠷᠠᠳ ᠣᠯᠠᠨ ᠤ ᠲᠤᠰᠬᠠᠯ ᠴᠢᠩᠭ᠎ᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠩᠬᠠᠷᠴᠤ ᠪᠠᠶᠢᠭ᠎ᠠ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ︽ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠦᠨ ᠪᠠᠶᠢᠴᠠᠭᠠᠨ ᠬᠡᠷᠡᠭ ᠰᠢᠢᠳᠪᠦᠷᠢᠯᠡᠬᠦ︾ ᠠᠵᠢᠯ ᠤᠨ ᠵᠠᠭᠪᠤᠷ ᠢ ᠠᠪᠴᠤ᠂ ᠬᠡᠷᠡᠭᠯᠡᠭᠴᠢᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠭᠰᠠᠨ ᠢᠳᠡᠭᠡᠨ᠂ ᠠᠵᠤ ᠦᠢᠯᠡᠳᠪᠦᠷᠢ ᠶᠢᠨ ᠦᠢᠯᠡᠳᠬᠦᠨ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠬᠡᠮᠵᠢᠯᠲᠡ ᠶᠢᠨ ᠦᠢᠯᠡᠳᠬᠦᠨ᠂ ᠰᠦᠯᠵᠢᠶᠡᠨ ᠤ ᠠᠷᠠᠯᠵᠢᠶ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ︽ᠬᠤᠶᠠᠷ ᠦᠢᠯᠡᠳᠬᠦᠨ ᠨᠢᠭᠡ ᠵᠡᠪᠰᠡᠭ︾ ᠵᠡᠷᠭᠡ ᠬᠦᠷᠢᠶᠡᠨ ᠳᠤ ᠡᠯ᠎ᠡ ᠲᠥᠷᠥᠯ ᠤᠨ ᠲᠤᠰᠬᠠᠢ ᠬᠢᠨᠠᠯᠲᠠ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠭᠤᠣᠯᠳᠠᠯᠭ᠎ᠠ ᠲᠠᠢ ᠦᠶᠯᠡ ᠠᠵᠢᠯᠯᠠᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠣᠳᠣᠬᠠᠨ ᠪᠣᠯᠲᠠᠯ᠎ᠠ᠂ ᠬᠠᠤᠯᠢ ᠬᠡᠷᠡᠭᠵᠢᠭᠦᠯᠬᠦ ᠠᠵᠢᠯᠲᠠᠨ ᠢ ᠨᠡᠶᠢᠲᠡ 1377 ᠬᠥᠮᠥᠨ ᠤᠳᠠᠭ᠎ᠠ ᠬᠥᠳᠡᠯᠭᠡᠵᠦ᠂ ᠡᠵᠡᠩᠨᠡᠯᠲᠡ ᠶᠢᠨ ᠭᠤᠣᠯ ᠴᠣᠭᠴᠠ ᠶᠢ 656 ᠤᠳᠠᠭ᠎ᠠ ᠪᠠᠶᠢᠴᠠᠭᠠᠵᠤ᠂ 105 ᠬᠡᠷᠡᠭ ᠢ ᠳᠡᠩᠰᠡᠯᠡᠵᠦ ᠪᠠᠶᠢᠴᠠᠭᠠᠨ ᠰᠢᠢᠳᠪᠦᠷᠢᠯᠡᠵᠦ᠂ ᠲᠣᠷᠭᠠᠵᠤ ᠬᠤᠷᠢᠶᠠᠭᠰᠠᠨ ᠵᠣᠭᠤᠰ ᠤᠨ ᠲᠤᠭ᠎ᠠ 12 ᠲᠦᠮᠡᠨ ᠲᠥᠭᠦᠷᠢᠭ ᠲᠤ ᠬᠦᠷᠴᠡᠢ᠃
           ᠲᠠᠷᠠᠭᠠᠴᠢ ᠶᠢᠨ ᠠᠯᠬᠤᠮ ᠳᠤ᠂ ᠰᠠᠶᠢᠬᠠᠨ ᠲᠣᠭᠤᠷᠢᠭ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ︽ᠲᠡᠮᠦᠷ ᠨᠢᠳᠤᠷᠭ᠎ᠠ︾ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠬᠠᠷᠠᠯᠲᠠ ᠶᠢᠨ ᠴᠢᠭᠯᠡᠯ ᠢᠶᠠᠷ ᠬᠦᠴᠦᠯᠡᠵᠦ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠯ᠎ᠡ ᠲᠥᠷᠥᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号