ᠮᠡᠬᠡᠯᠡᠯ ᠢ ᠡᠰᠡᠷᠭᠦᠴᠡᠬᠦ ᠤᠬᠠᠭᠤᠯᠭ᠎ᠠ ᠶᠢᠨ ᠠᠵᠢᠯᠯᠠᠭ᠎ᠠ ᠨᠡᠶᠢᠭᠡᠮ ᠲᠣᠭᠤᠷᠢᠭ ᠲᠤ ᠣᠷᠣᠵᠤ ᠠᠮᠤᠷ ᠲᠦᠪᠰᠢᠨ ᠢ ᠰᠠᠬᠢᠨ ᠬᠠᠮᠠᠭᠠᠯᠠᠵᠤ ᠪᠠᠶᠢᠨ᠎ᠠ
ᠨᠡᠶᠢᠲᠡᠯᠡᠭᠰᠡᠨ ᠴᠠᠭ᠄
2024/7/15
     ᠣᠶᠢᠷ᠎ᠠ ᠶᠢᠨ ᠵᠢᠯ ᠳᠤ᠂ ᠶᠠᠯᠠᠲᠤ ᠡᠲᠡᠭᠡᠳ ᠤᠨ ᠮᠡᠬᠡᠯᠡᠬᠦ ᠠᠷᠭ᠎ᠠ ᠪᠠᠷᠢᠯ ᠲᠠᠰᠤᠷᠠᠯᠲᠠ ᠦᠭᠡᠢ ᠰᠢᠨᠡᠳᠴᠦ ᠳᠡᠰ ᠳᠡᠪᠰᠢᠨ᠂ ᠨᠠᠰᠤᠲᠠᠶᠢᠴᠤᠳ ᠤᠨ ᠮᠡᠬᠡᠯᠡᠯ ᠳᠤ ᠴᠢᠭᠯᠡᠭᠦᠯᠦᠨ᠂ ᠨᠠᠰᠤᠵᠢᠯ ᠤᠨ ᠠᠰᠠᠷᠠᠮᠵᠢ ᠶᠢᠨ  ᠮᠡᠬᠡᠯᠡᠯ ᠳᠤ ᠴᠣᠬᠢᠯᠲᠠ ᠥᠭᠴᠦ ᠴᠡᠭᠴᠡᠯᠡᠨ ᠵᠠᠰᠠᠵᠤ᠂ ᠨᠠᠰᠤᠲᠠᠶᠢᠴᠤᠳ ᠤᠨ  ᠮᠡᠬᠡᠯᠡᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ 7 ᠰᠠᠷ᠎ᠠ ᠶᠢᠨ 12  ᠤ ᠡᠳᠦᠷ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠠ ᠪᠠᠶᠢᠭᠤᠯᠬᠤ ᠠᠯᠪᠠᠨ ᠭᠡᠷ ᠪᠣᠯᠣᠨ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠳ᠋ᠦᠩ ᠹᠧᠩ ᠨᠡᠶᠢᠭᠡᠮ ᠲᠣᠭᠤᠷᠢᠭ ᠲᠤ ᠨᠠᠰᠤᠲᠠᠶᠢᠴᠤᠳ ᠤᠨ ᠠᠭᠠᠷ ᠤᠨ ᠰᠡᠷᠭᠡᠶᠢᠯᠡᠯᠲᠡ ᠶᠢᠨ ᠮᠡᠳᠡᠯᠭᠡ ᠶᠢᠨ ᠲᠠᠶᠢᠯᠤᠮᠵᠢ ᠥᠷᠨᠢᠭᠦᠯᠵᠦ᠂ ᠨᠠᠰᠤᠲᠠᠶᠢᠴᠤᠳ ᠲᠤ ︽ᠤᠷᠢᠳᠴᠢᠯᠠᠨ ᠰᠡᠷᠭᠡᠶᠢᠯᠡᠬᠦ  ︾᠂ ︽ᠨᠠᠰᠤᠵᠢᠯ ᠤᠨ ᠠᠰᠠᠷᠠᠮᠵᠢ ᠶᠢᠨ ᠵᠣᠭᠤᠰ︾ ᠢ ᠰᠠᠶᠢᠲᠤᠷ ᠰᠠᠬᠢᠨ ᠬᠠᠮᠠᠭᠠᠯᠠᠪᠠ᠃          ︽ᠲᠠ ᠨᠠᠷ ᠮᠦᠷᠯᠡᠵᠦ ᠦᠨ᠎ᠡ ᠲᠥᠯᠥᠪᠦᠷᠢ ᠦᠭᠡᠢ ᠲᠠᠬᠢᠶᠠᠨ ᠥᠨᠳᠡᠭᠡ ᠠᠪᠤᠭᠰᠠᠨ ᠤᠤ?︾ ᠬᠡᠷᠪᠡ ᠲᠠᠨᠢᠯ ᠪᠤᠰᠤ ᠬᠥᠮᠥᠨ ᠡᠳᠦᠷ ᠪᠦᠷᠢ ᠲᠠᠨ  ᠤ ᠬᠠᠯᠠᠭᠤᠨ ᠬᠦᠢᠲᠡᠨ ᠢ ᠠᠰᠠᠭᠤᠬᠤ᠂  ᠲᠠᠨ ᠳᠤ ᠦᠢᠯᠡᠳᠬᠦᠨ ᠲᠠᠨᠢᠯᠴᠠᠭᠤᠯᠵᠤ ᠥᠭᠪᠡᠯ ᠬᠢᠴᠢᠶᠡᠬᠦ ᠬᠡᠷᠡᠭᠲᠡᠢ᠂ ᠲᠠᠨ ᠤ ᠨᠠᠰᠤᠵᠢᠯ ᠤᠨ ᠵᠣᠭᠤᠰ ᠢ ᠨᠢᠭᠡᠨᠲᠡ ᠠᠩᠬᠠᠷᠴᠤ ᠪᠠᠶᠢᠭᠰᠠᠨ ᠪᠠᠶᠢᠵᠤ ᠮᠡᠳᠡᠨ᠎ᠡ︾  ᠭᠡᠵᠦ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ᠂ ᠤᠬᠠᠭᠤᠯᠤᠨ ᠲᠠᠶᠢᠯᠪᠤᠷᠢᠯᠠᠭᠴᠢ ᠲᠥᠬᠦᠮ ᠣᠶᠢᠯᠠᠭᠠᠮᠵᠢᠲᠠᠢ ᠦᠭᠡ ᠬᠡᠯᠡ ᠪᠠᠷ ᠨᠠᠰᠤᠲᠠᠶᠢᠴᠤᠳ ᠲᠤ ᠬᠤᠪᠢ ᠬᠥᠮᠥᠨ ᠤ ᠨᠢᠭᠤᠴᠠ ᠶᠢ ᠬᠠᠮᠠᠭᠠᠯᠠᠬᠤ ᠶᠢ ᠠᠩᠬᠠᠷᠴᠤ᠂ ᠣᠶᠢᠷ᠎ᠠ ᠶᠢᠨ ᠵᠢᠯ ᠤᠨ ᠦᠨᠡᠨ ᠪᠣᠳᠠᠲᠠᠢ ᠨᠠᠰᠤᠵᠢᠯ ᠤᠨ ᠮᠡᠬᠡᠯᠡᠯ ᠤᠨ ᠬᠡᠷᠡᠭ ᠢᠶᠠᠷ ᠤᠤᠯ ᠬᠡᠯᠪᠡᠷᠢ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ ᠮᠡᠬᠡᠯᠡᠯ ᠤᠨ ᠲᠥᠷᠥᠯ ᠤᠨ ᠶᠠᠯᠠᠲᠤ ᠠᠵᠢᠯᠯᠠᠭ᠎ᠠ ᠶᠢᠨ ᠢᠯᠡᠷᠡᠭᠦᠯᠬᠦ ᠬᠡᠯᠪᠡᠷᠢ ᠶᠢ ᠭᠦᠨᠵᠡᠭᠡᠢ ᠲᠠᠶᠢᠯᠪᠤᠷᠢᠯᠠᠨ ᠵᠠᠳᠠᠯᠵᠤ᠂ ᠨᠠᠰᠤᠲᠠᠶᠢᠴᠤᠳ ᠢ ᠡᠳᠦᠷ ᠲᠤᠲᠤᠮ ᠤᠨ ᠠᠮᠢᠳᠤᠷᠠᠯ ᠤᠨ ᠳᠤᠮᠳᠠ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂  ᠠᠵᠢᠯᠯᠠᠭ᠎ᠠ ᠳᠤ ᠣᠷᠣᠯᠴᠠᠭᠰᠠᠨ ᠨᠠᠰᠤᠲᠠᠶᠢᠴᠤᠳ ᠢ ᠰᠠᠨᠠᠭᠤᠯᠪᠠ᠃        ︽ᠥᠨᠥᠳᠥᠷ ᠮᠠᠰᠢ ᠶᠡᠭᠡ ᠠᠰᠢᠭ ᠬᠦᠷᠲᠡᠵᠡᠢ᠂ ᠲᠡᠶᠢᠮᠦ ᠣᠯᠠᠨ ᠮᠡᠬᠡᠯᠡᠯ  ᠤᠨ ᠠᠷᠭ᠎ᠠ ᠪᠠᠷᠢᠯ ᠪᠦᠷ ᠮᠠᠨ ᠤ ᠨᠠᠰᠤᠲᠠᠨ ᠲᠠᠢ ᠨᠢᠭᠲᠠ ᠬᠤᠯᠪᠣᠭ᠎ᠠ ᠲᠠᠢ ᠪᠠᠶᠢᠨ᠎ᠠ ᠭᠡᠵᠦ ᠪᠣᠳᠣᠵᠤ ᠣᠯᠣᠭᠰᠠᠨ ᠦᠭᠡᠢ᠂ ᠦᠨᠡᠬᠡᠷ ᠰᠡᠷᠭᠡᠶᠢᠯᠡᠵᠦ ᠳᠡᠶᠢᠯᠬᠦ ᠦᠭᠡᠢ᠃ ᠪᠢ ᠰᠤᠷᠤᠭᠰᠠᠨ ᠮᠡᠳᠡᠯᠭᠡ ᠪᠠᠨ ᠬᠠᠵᠠᠭᠤᠳᠠᠭᠢ ᠨᠠᠰᠤᠲᠠᠶᠢᠴᠤᠳ ᠲᠠᠭᠠᠨ  ᠬᠤᠪᠢᠶᠠᠯᠴᠠᠨ᠎ᠠ ᠭᠡᠵᠦ ᠵᠠᠩ ᠨᠠᠰᠤᠲᠠᠨ ᠲᠠᠶᠢᠯᠤᠮᠵᠢ ᠶᠢ ᠰᠣᠨᠣᠰᠴᠤ ᠪᠠᠷᠠᠭᠰᠠᠨ ᠤ ᠳᠠᠷᠠᠭ᠎ᠠ ᠬᠡᠯᠡᠨ᠎ᠡ᠃         ︽ᠲᠣᠰ ᠤᠳᠠᠭᠠᠨ ᠤ ᠲᠠᠶᠢᠯᠤᠮᠵᠢ ᠳᠤ᠂ ᠪᠢᠳᠡ ᠲᠤᠬᠠᠢ ᠶᠢᠨ ᠭᠠᠵᠠᠷ ᠤᠨ ᠪᠠᠶᠢᠳᠠᠯ ᠲᠠᠢ ᠪᠠᠨ ᠤᠶᠠᠯᠳᠤᠭᠤᠯᠤᠨ᠂ ᠨᠠᠰᠤᠲᠠᠶᠢᠴᠤᠳ ᠤᠨ ᠦᠵᠡᠵᠦ ᠰᠣᠨᠢᠷᠬᠠᠬᠤ ᠳᠤᠷᠠᠲᠠᠢ ᠠᠷᠭ᠎ᠠ ᠮᠠᠶ᠋ᠢᠭ ᠢ ᠠᠰᠢᠭᠯᠠᠨ᠂ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠨᠠᠷᠢᠯᠢᠭ ᠣᠨᠣᠪᠴᠢᠳᠠᠢ ᠪᠠᠷ ᠥᠷᠨᠢᠭᠦᠯᠵᠦ᠂ ᠨᠠᠰᠤᠲᠠᠶᠢᠴᠤᠳ ᠤᠨ ᠮᠡᠬᠡᠯᠡᠯ ᠢ ᠲᠠᠨᠢᠵᠤ ᠰᠡᠷᠭᠡᠶᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ ᠬᠠᠪᠰᠣᠷᠴᠦ᠂ ᠲᠠᠷᠠᠭᠠᠴᠢ ᠶᠢᠨ ᠠᠯᠬᠤᠮ ᠳᠤ ᠦᠷᠭᠦᠯᠵᠢᠯᠡᠨ ᠣᠯᠠᠨ ᠲᠠᠯ᠎ᠠ ᠠᠴᠠ ᠨᠠᠰᠤᠵᠢᠯ ᠤᠨ ᠮᠡᠬᠡᠯᠡᠯ ᠢ ᠰᠡᠷᠭᠡᠶᠢᠯᠡᠬᠦ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ︿ᠪᠣᠳᠠᠲᠠᠢ ᠠᠷᠭ᠎ᠠ﹀ ᠂ ︿ᠰᠢᠨ᠎ᠡ ᠠᠷᠭ᠎ᠠ﹀ ᠶᠢ ᠢᠯᠡᠷᠡᠭᠦᠯᠵᠦ᠂ ᠨᠠᠰᠤᠵᠢᠯ ᠤᠨ ᠮᠡᠬᠡᠯᠡᠯ ᠤᠨ ᠰᠡᠷᠭᠡᠶᠢᠯᠡᠯᠲᠡ ᠶᠢᠨ ᠲᠣᠣᠷ ᠢ ᠦᠨᠡᠨ ᠬᠦ ᠨᠢᠭᠲᠠ ᠰᠦᠯᠵᠢᠵᠦ᠂ ᠥᠷᠭᠡᠨ ᠣᠯᠠᠨ ᠨᠠᠰᠤᠲᠠᠶᠢᠴᠤᠳ ᠤᠨ ᠵᠣᠯ ᠵᠢᠷᠭᠠᠯ ᠲᠠᠢ ᠥᠲᠡᠯᠦᠭᠡ ᠨᠠᠰᠤ ᠪᠠᠨ ᠥᠩᠭᠡᠷᠡᠭᠦᠯᠬᠦ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ ᠨᠥᠬᠦᠴᠡᠯ ᠢ ᠪᠣᠶ ᠪᠣᠯᠭᠠᠨ᠎ᠠ︾ ᠭᠡᠵᠦ ᠰᠠᠶᠢᠬᠠᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠤᠯᠤᠰ ᠲᠦᠷᠦ ᠶᠢᠨ ᠠᠵᠢᠯ ᠤᠨ ᠠᠯᠪᠠᠨ ᠭᠡᠷ ᠤᠨ ᠳᠡᠳ᠋ ᠡᠷᠬᠢᠯᠡᠭᠴᠢ ᠶᠠᠩ ᠰᠢᠶᠣᠣ ᠳ᠋ᠦᠩ ᠬᠡᠯᠡᠪᠡ᠃              ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号